ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠣᠷᠭᠠᠭᠤᠯᠢ ᠨᠤᠭᠤᠳ ᠤᠨ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠬᠢᠭᠡᠳ ᠠᠩᠬ᠎ᠠ ᠵᠡᠷᠭᠡ ᠶᠢᠨ ᠲᠣᠮᠳᠠᠳᠣ ᠰᠣᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠲᠦᠰᠦᠯ ᠤᠨ ᠲᠦᠷᠦ ᠶᠢᠨ ᠪᠣᠳᠣᠯᠭ᠎ᠠ ᠶᠢᠨ ᠲᠠᠶᠢᠯᠣᠮᠵᠢ
ᠨᠡᠶᠢᠲᠡᠯᠡᠭᠰᠡᠨ ᠴᠠᠭ᠄
2020/10/12
  ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠣᠷᠭᠠᠭᠤᠯᠢ ᠨᠤᠭᠤᠳ ᠤᠨ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠬᠢᠭᠡᠳ ᠠᠩᠬ᠎ᠠ ᠵᠡᠷᠭᠡ ᠶᠢᠨ ᠲᠣᠮᠳᠠᠳᠣ ᠰᠣᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠲᠦᠰᠦᠯ ᠤᠨ ᠲᠦᠷᠦ ᠶᠢᠨ ᠪᠣᠳᠣᠯᠭ᠎ᠠ ᠶᠢᠨ ᠲᠠᠶᠢᠯᠣᠮᠵᠢ    1. ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯ ᠨᠠᠮ ᠪᠠ ᠵᠠᠰᠠᠭ ᠤᠨ ᠣᠷᠳᠣᠨ ᠤ ᠴᠢᠬᠤᠯᠠ ᠶᠡᠭᠡ ᠲᠦᠷᠦ ᠶᠢᠨ ᠪᠣᠳᠣᠯᠭ᠎ᠠ ᠮᠦᠨ    ᠶᠡᠷᠣᠩᠬᠡᠢ ᠱᠦᠵᠢ ᠰᠢ ᠶᠢᠨ ᠫᠢᠩ ᠠᠴᠠ ᠰᠣᠷᠭᠠᠨ ᠬᠦᠮᠦᠵᠢᠯ ᠪᠣᠯ ᠣᠯᠣᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠦᠨ᠃ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠪᠣᠯ ᠲᠦᠷᠦ ᠶᠢᠨ ᠠᠵᠢᠯ ᠡᠷᠬᠡ ᠮᠦᠨ ᠭᠡᠵᠦ ᠵᠢᠭᠠᠵᠤ ᠭᠠᠷᠭᠠᠪᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠠᠴᠠ ᠵᠢᠭᠠᠬᠤ ᠮᠠᠲ᠋ᠧᠷᠢᠶᠠᠯ ᠤᠨ ᠠᠵᠢᠯ ᠢ ᠲᠦᠢᠯ ᠢᠶᠠᠷ ᠴᠢᠬᠤᠯᠠᠴᠢᠯᠠᠨ ᠦᠵᠡᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠶᠢ ᠣᠯᠣᠰ ᠤᠨ ᠰᠠᠭᠤᠷᠢᠯᠠᠬᠤ ᠴᠢᠨᠠᠷᠲᠠᠢ᠂ ᠪᠠᠶᠢᠯᠳᠦᠬᠤ ᠪᠣᠳᠣᠯᠭ᠎ᠠ ᠶᠢᠨ ᠴᠢᠨᠠᠷᠲᠠᠢ ᠢᠨᠵᠧᠨᠧᠷᠢᠩ ᠪᠤᠯᠭᠠᠵᠤ᠂ 2017 ᠣᠨ ᠤ 7 ᠳ᠋ᠤᠭᠠᠷ ᠰᠠᠷ᠎ᠠ ᠳᠤ ᠣᠯᠣᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠢ ᠪᠠᠶᠢᠭᠤᠯᠣᠭᠠᠳ᠂ ᠶᠡᠭᠡ ᠰᠤᠷᠭᠠᠭᠤᠯᠢ ᠲᠣᠮᠳᠠᠳᠣ ᠪᠠᠭ᠎ᠠ ᠰᠣᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠶᠢᠨ ᠬᠠᠮᠢᠶᠠᠷᠦᠯᠲᠠ ᠪᠠ ᠲᠦᠷᠦ ᠶᠢᠨ ᠠᠵᠢᠯ ᠡᠷᠬᠡ ᠶᠢᠨ ᠬᠡᠷᠡᠭᠯᠡᠯᠲᠡ ᠶᠢ ᠣᠯᠠᠮ ᠨᠢᠭᠡ ᠠᠯᠬᠤᠮ ᠴᠢᠩᠭᠠᠳᠬᠠᠵᠤ᠂ ᠪᠠᠶᠢᠯᠳᠣᠬᠤ ᠪᠣᠳᠣᠯᠭ᠎ᠠ ᠶᠢᠨ ᠠᠷᠭ᠎ᠠ ᠰᠦᠪᠡᠭᠴᠢᠯᠡᠯᠲᠡ ᠪᠠ ᠨᠢᠭᠡᠳᠦᠯᠲᠡᠢ ᠵᠢᠯᠦᠭᠤᠳᠣᠯᠭ᠎ᠠ ᠶᠢ ᠴᠢᠩᠭᠠᠳᠬᠠᠨ᠂ ᠣᠯᠣᠰ ᠤᠨ ᠪᠠᠶᠢᠯᠳᠣᠬᠤ ᠪᠣᠳᠣᠯᠭ᠎ᠠ ᠳᠤ ᠦᠢᠯᠡᠴᠢᠯᠡᠭᠦᠯᠪᠡ᠃ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠯᠣᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠠᠴᠠ ᠲᠣᠰᠬᠠᠢ ᠬᠦᠴᠦᠨ ᠢ ᠵᠣᠬᠢᠶᠡᠨ ᠪᠠᠶᠢᠭᠤᠯᠣᠨ ᠳᠣᠮᠳᠠᠳᠦ ᠪᠠᠭ᠎ᠠ ᠰᠣᠷᠭᠠᠭᠤᠯᠢ ᠶᠢᠨ ᠬᠡᠯᠡ ᠪᠢᠴᠢᠭ᠂ ᠣᠯᠣᠰ ᠲᠦᠷᠦ ︵ᠶᠣᠰᠣ ᠮᠣᠷᠠᠯ ᠬᠢᠭᠡᠳ ᠬᠠᠣᠯᠢ ᠪᠠᠷ ᠵᠠᠰᠠᠬᠤ︶᠂ ᠲᠡᠣᠬᠡ ᠵᠡᠷᠭᠡ ᠭᠤᠷᠪᠠᠨ ᠲᠦᠷᠦᠯ ᠤᠨ ᠬᠢᠴᠢᠶᠡᠯ ᠢ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠪᠤᠯᠭᠠᠨ ᠨᠠᠶᠢᠷᠠᠭᠤᠯᠤᠭᠠᠳ᠂ 2017 ᠣᠨ ᠤ 9 ᠳ᠋ᠤᠭᠡᠷ ᠰᠠᠷ᠎ᠠ ᠠᠴᠠ ᠪᠦᠬᠦ ᠣᠯᠣᠰ ᠤᠨ ᠪᠣᠢ ᠪᠦᠬᠦᠢ ᠳᠣᠮᠳᠠᠳᠦ ᠪᠠᠭ᠎ᠠ ᠰᠣᠷᠭᠠᠭᠤᠯᠢ ᠳᠤ ᠨᠢᠭᠡᠳᠦᠯᠲᠡᠢ ᠬᠡᠷᠡᠭᠯᠡᠭᠦᠯᠵᠡᠢ᠃ ᠮᠠᠨ ᠤ ᠣᠷᠣᠨ ᠤ ᠬᠢᠳᠠᠳ ᠬᠡᠯᠡ ᠪᠠᠷ ᠬᠢᠴᠢᠶᠡᠯᠯᠡᠵᠦ ᠪᠠᠶᠢᠭ᠎ᠠ ᠳᠣᠮᠳᠠᠳᠦ ᠪᠠᠭ᠎ᠠ ᠰᠣᠷᠭᠠᠭᠤᠯᠢ ᠨᠤᠭᠤᠳ ᠮᠦᠨ ᠬᠦ ᠵᠡᠷᠭᠡ ᠳᠤᠨᠢ ᠬᠡᠷᠡᠭᠯᠡᠭᠰᠡᠨ ᠶᠣᠮ᠃ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠪᠣᠯ ᠣᠯᠣᠰ ᠤᠨ ᠲᠡᠰ ᠤᠨ᠂ ᠦᠨᠳᠦᠷ ᠬᠢᠷᠢ ᠬᠡᠮᠵᠢᠶ᠎ᠡ ᠪᠦᠬᠦᠢ ᠡᠷᠬᠡ ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠬᠤ ᠶᠣᠮ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠢᠨᠵᠢᠶᠠᠩ 2017 ᠣᠨ ᠠᠴᠠ ᠡᠬᠢᠯᠡᠨ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠤ ᠡᠬᠢᠯᠡᠯᠲᠡ ᠶᠢᠨ ᠣᠨ ᠨᠤᠭᠤᠳ ᠠᠴᠠ ᠡᠬᠢᠯᠡᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠬᠠᠮᠲᠦ᠂ ᠣᠯᠣᠰ ᠤᠨ ᠨᠠᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠣᠷᠭᠠᠯᠲᠠ ᠶᠢ ᠶᠠᠪᠣᠭᠳᠠᠭᠤᠯᠪᠠ᠃ ᠲᠦᠪᠡᠳ 2018 ᠣᠨ ᠠᠴᠠ ᠡᠬᠢᠯᠡᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠤ ᠡᠬᠢᠯᠡᠯᠲᠡ ᠶᠢᠨ ᠣᠨ ᠨᠤᠭᠤᠳ ᠠᠴᠠ ᠡᠬᠢᠯᠡᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠬᠠᠮᠲᠦ᠂ ᠣᠯᠣᠰ ᠤᠨ ᠨᠠᠶᠢᠳᠠᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠣᠷᠭᠠᠯᠲᠠ ᠶᠢ ᠶᠠᠪᠣᠭᠳᠠᠭᠤᠯᠵᠠᠢ᠃    ᠲᠦᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠣᠯᠲᠠ ᠶᠣᠰᠣᠭᠠᠷ᠂ ᠦᠪᠦᠷ ᠮᠣᠩᠭᠤᠯ᠂ ᠭᠠᠨᠰᠦ᠂ ᠭᠢᠷᠢᠨ᠂ ᠯᠢᠶᠣᠣᠨᠢᠩ᠂ ᠬᠦᠬᠡᠨᠠᠭᠤᠷ᠂ ᠰᠧᠴᠣᠸᠠᠨ ᠵᠡᠷᠭᠡ 6 ᠮᠣᠵᠢ ᠣᠷᠣᠨ ᠤ ᠦᠨᠳᠦᠰᠦᠲᠡᠨ ᠤ ᠬᠡᠯᠡ ᠪᠠᠷ ᠢᠶᠠᠨ ᠬᠢᠴᠢᠶᠡᠯᠯᠡᠵᠤ ᠪᠠᠶᠢᠭ᠎ᠠ ᠰᠣᠷᠭᠠᠭᠤᠯᠢ ᠨᠤᠭᠤᠳ ᠨᠢ ᠡᠨᠡ ᠵᠢᠯ ᠤᠨ ᠨᠠᠮᠣᠷ ᠤᠨ ᠣᠯᠠᠷᠢᠯ ᠠᠴᠠ ᠡᠬᠢᠯᠡᠨ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠦᠯᠬᠦ ᠪᠠᠷ ᠪᠣᠯᠪᠠ᠃ ᠦᠪᠦᠷ ᠮᠣᠩᠭᠤᠯ ᠵᠢᠱᠢᠶᠡᠴᠢ ᠦᠪᠡᠷᠲᠡᠭᠡᠨ ᠵᠠᠰᠠᠬᠤ ᠣᠷᠣᠨ ᠪᠣᠯᠬᠤᠷ ᠣᠯᠣᠰ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠬᠤ ᠵᠦᠪᠯᠡᠯ ᠤᠨ ᠠᠵᠢᠯ ᠤᠨ ᠲᠣᠬᠢᠷᠠᠭᠤᠯᠣᠯᠲᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠣᠯᠴᠢ ᠪᠦᠭᠡᠳ ᠴᠢᠨᠠᠷᠵᠢᠭᠤᠨ ᠢᠶᠠᠷ ᠦᠨᠳᠦᠰᠦᠲᠡᠨ ᠤ ᠰᠣᠷᠭᠠᠨ ᠬᠦᠮᠦᠵᠢᠯ ᠢ ᠡᠷᠬᠢᠯᠡᠬᠦ ᠳᠡᠭᠡᠳᠦ ᠬᠡᠮᠵᠢᠶᠡᠨ ᠤ ᠬᠠᠷᠢᠭᠤᠴᠠᠯᠭᠠᠳᠦ ᠵᠣᠷᠢᠭ ᠰᠠᠨᠠᠭ᠎ᠠ ᠪᠠᠷ ᠣᠳᠣᠬᠠᠨ ᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠤᠨ ᠬᠢᠷᠢ ᠬᠡᠮᠵᠢᠶ᠎ᠡ ᠪᠣᠯᠣᠨ ᠦᠨᠳᠦᠰᠦᠲᠡᠨ ᠤ ᠬᠡᠯᠡ ᠪᠠᠷ ᠢᠶᠠᠨ ᠬᠢᠴᠢᠶᠡᠯᠯᠡᠵᠤ ᠪᠠᠶᠢᠭ᠎ᠠ ᠰᠣᠷᠭᠠᠭᠤᠯᠢ ᠨᠤᠭᠤᠳ ᠤᠨ ᠪᠤᠳᠠᠳᠠᠢ ᠪᠠᠶᠢᠳᠠᠯ ᠢ ᠭᠦᠢᠴᠡᠳ ᠪᠤᠳᠤᠯᠬᠢᠯᠠᠵᠤ᠂ ᠮᠠᠨ ᠤ ᠤᠷᠤᠨ ᠳᠤ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠭᠤᠷᠪᠠᠨ ᠵᠢᠯ ᠬᠤᠪᠢᠶᠠᠨ ᠯᠠᠪᠳᠠᠭᠤᠨ ᠢᠶᠠᠷ ᠠᠬᠢᠭᠤᠯᠬᠤ ᠠᠵᠢᠯ ᠤᠨ ᠰᠠᠨᠠᠭᠤᠯᠭ᠎ᠠ ᠲᠤᠷᠠᠳᠴᠤ᠂ ᠤᠯᠤᠰ ᠤᠨ ᠰᠤᠷᠭᠠᠨ ᠬᠦᠮᠦᠵᠢᠯ ᠤᠨ ᠶᠠᠮᠤᠨ ᠢᠶᠠᠷ ᠵᠦᠪᠰᠢᠶᠡᠷᠡᠭᠦᠯᠵᠤ᠂ 2020 ᠤᠨ ᠤ ᠨᠠᠮᠤᠷ ᠤᠨ ᠤᠯᠠᠷᠢᠯ ᠠᠴᠠ ᠡᠬᠢᠯᠡᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠬᠢᠭᠡᠳ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠡᠯ ᠢ ᠬᠡᠷᠡᠭᠯᠡᠨ᠎ᠡ᠃ 2021 ᠤᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠬᠢᠭᠡᠳ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠨᠢᠭᠡᠲᠦᠯᠳᠡᠢ ᠨᠠᠶᠢᠷᠠᠭᠤᠯᠤᠭᠰᠠᠨ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾ ︵ᠤᠯᠤᠰ ᠲᠦᠷᠦ︶ ᠶᠢᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ 2022 ᠤᠨ ᠳᠤ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠨᠢᠭᠡᠳᠦᠯᠳᠡᠢ ᠨᠠᠶᠢᠷᠠᠭᠤᠯᠤᠭᠰᠠᠨ ︽ᠲᠡᠥᠭᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠶᠢᠨ ᠤᠯᠠᠮ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠳᠤᠨᠢ ᠪᠦᠷᠭᠦᠭᠦᠯᠭᠦ ᠶᠢ ᠪᠡᠶᠡᠯᠡᠭᠦᠯᠦᠨ᠎ᠡ᠃ ᠡᠨᠡᠬᠦ ᠰᠢᠢᠳᠪᠦᠷᠢᠲᠦ ᠪᠤᠳᠤᠯᠭ᠎ᠠ ᠳᠤ ᠦᠪᠡᠷᠳᠡᠭᠡᠨ ᠵᠠᠰᠠᠬᠤ ᠤᠷᠤᠨ ᠤ ᠠᠵᠢᠯ ᠤᠨ ᠪᠤᠳᠠᠳᠤ ᠪᠠᠶᠢᠳᠠᠯ ᠢ ᠪᠤᠳᠤᠯᠬᠢᠯᠠᠭᠰᠠᠨ ᠤ ᠬᠠᠮᠳᠤ᠂ ᠨᠠᠮ ᠪᠠ ᠤᠯᠤᠰ ᠠᠴᠠ ᠮᠠᠨ ᠤ ᠤᠷᠤᠨ ᠢ ᠰᠡᠳᠬᠢᠯ ᠲᠠᠯᠪᠢᠨ ᠬᠠᠯᠠᠮᠵᠢᠯᠠᠵᠤ ᠪᠠᠶᠢᠬᠤ ᠶᠢ ᠬᠦᠢᠴᠡᠳ ᠢᠯᠡᠷᠡᠭᠦᠯᠦᠭᠰᠡᠨ ᠪᠠᠶᠢᠨ᠎ᠠ᠃ ᠡᠭᠦᠨ ᠢ ᠦᠨᠳᠤᠰᠦᠯᠡᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠰᠤᠷᠭᠠᠨ ᠬᠦᠮᠦᠵᠢᠯ ᠤᠨ ᠲᠢᠩᠬᠢᠮ ᠠᠴᠠ ︽ᠪᠦᠬᠦ ᠤᠷᠤᠨ ᠤ ᠦᠨᠳᠦᠰᠦᠳᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠬᠢᠭᠡᠳ ᠠᠩᠬ᠎ᠠ ᠵᠡᠷᠭᠡ ᠶᠢᠨ ᠲᠤᠮᠲᠠᠳᠤ ᠰᠣᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ︿ᠬᠡᠯᠡ ᠪᠢᠴᠢᠭ﹀ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠡᠷᠡᠭᠵᠢᠭᠦᠯᠬᠦ ᠲᠦᠰᠦᠯ︾ ᠢ ᠲᠤᠭᠲᠠᠭᠠᠵᠤ ᠲᠠᠷᠦᠮᠠᠯᠯᠠᠨ ᠲᠠᠷᠬᠠᠭᠠᠪᠠ᠃ ᠡᠨᠡ ᠪᠣᠯ ᠣᠯᠣᠰ ᠪᠠ ᠦᠪᠡᠷᠲᠡᠭᠡᠨ ᠵᠠᠰᠠᠬᠤ ᠣᠷᠣᠨ ᠠᠴᠠ ᠰᠣᠷᠭᠠᠨ ᠬᠦᠮᠦᠵᠢᠯ ᠤᠨ ᠠᠵᠢᠯ ᠳᠤ ᠬᠢᠭᠰᠡᠨ ᠴᠢᠬᠤᠯᠠ ᠲᠣᠬᠢᠷᠠᠭᠤᠯᠣᠯᠲᠠ ᠪᠣᠯᠬᠤ ᠶᠣᠮ᠃ ᠵᠢᠭᠠᠬᠤ ᠮᠠᠲ᠋ᠧᠷᠢᠶᠠᠯ ᠪᠣᠯ ᠨᠠᠮ ᠪᠠ ᠲᠦᠷᠦ ᠶᠢᠨ ᠵᠤᠷᠢᠯᠲᠠ ᠶᠢ ᠢᠯᠡᠷᠡᠭᠦᠯᠦᠨ᠂ ᠠᠷᠠᠳ ᠲᠦᠮᠡᠨ ᠤ ᠴᠢᠬᠤᠯᠠ ᠶᠡᠭᠡ ᠠᠩᠬᠠᠷᠣᠯ ᠢ ᠳᠣᠰᠬᠠᠵᠣ᠂ ᠳᠣᠮᠳᠠᠳᠣ ᠶᠢᠨ ᠰᠢᠯᠢᠳᠡᠭ ᠰᠣᠶᠣᠯ ᠪᠠ ᠬᠦᠮᠦᠨ‌‍ᠲ᠋ᠦ᠋ᠷᠦᠯᠬᠢᠲᠡᠨ ᠤ ᠪᠣᠯᠪᠠᠰᠣᠨ ᠤ ᠲᠠᠪᠰᠢᠯᠲᠠ ᠶᠢᠨ ᠦᠷ᠎ᠡ ᠪᠦᠳᠦᠮᠵᠢ ᠶᠢ ᠣᠯᠠᠮᠵᠢᠯᠡᠨ ᠵᠠᠯᠭᠠᠮᠵᠢᠯᠠᠭᠤᠯᠵᠦ᠂ ᠶᠠᠮᠠᠷ ᠬᠦᠮᠦᠨ ᠬᠦᠮᠦᠵᠢᠭᠦᠯᠬᠦ᠂ ᠶᠠᠭᠠᠬᠢᠵᠤ ᠬᠦᠮᠦᠨ ᠬᠦᠮᠦᠵᠢᠭᠦᠯᠬᠦ᠂ ᠬᠡᠨ ᠤ ᠲᠦᠯᠦᠭᠡ ᠬᠦᠮᠦᠨ ᠬᠦᠮᠦᠵᠢᠬᠦᠯᠬᠦ ᠭᠡᠳᠡᠭ ᠡᠨᠡᠬᠦ ᠦᠨᠳᠦᠰᠦᠨ ᠠᠰᠠᠭᠤᠳᠠᠯ ᠤᠨ ᠴᠢᠬᠤᠯᠠ ᠠᠴᠢᠶᠠᠯᠠᠪᠦᠷᠢ ᠪᠠᠶᠢᠵᠦ᠂ ᠨᠠᠮ ᠤᠨ ᠰᠣᠷᠭᠠᠨ ᠬᠦᠮᠦᠵᠢᠯ ᠤᠨ ᠴᠢᠭᠯᠡᠯᠲᠡ ᠶᠢ ᠨᠠᠶᠢᠳᠠᠪᠣᠷᠢᠵᠢᠭᠤᠯᠬᠤ ᠪᠠ ᠰᠣᠷᠭᠠᠨ ᠬᠦᠮᠦᠵᠢᠯ ᠤᠨ ᠬᠠᠷᠠᠯᠲᠠ ᠶᠢ ᠪᠡᠶᠡᠯᠡᠭᠦᠯᠬᠦ ᠲᠠᠢ ᠰᠢᠭᠤᠳ ᠬᠤᠯᠪᠣᠭᠳᠠᠬᠤ ᠶᠣᠮ᠃    ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠳᠣᠮᠳᠠᠳᠣ ᠪᠠᠭ᠎ᠠ ᠰᠣᠷᠭᠠᠭᠤᠯᠢ ᠳᠤ ᠨᠢᠭᠡᠳᠦᠯᠲᠡᠢ ᠨᠠᠶᠢᠷᠠᠭᠤᠯᠤᠬᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠦᠯᠬᠦ ᠪᠣᠯ ᠨᠠᠮ ᠤᠨ ᠲᠦᠪ ᠬᠤᠷᠢᠶ᠎ᠠ ᠠᠴᠠ ᠭᠠᠷᠭᠠᠭᠰᠠᠨ ᠦᠨᠳᠦᠰᠦᠲᠡᠨ ᠤ ᠭᠠᠵᠠᠷ ᠣᠷᠣᠨ ᠳᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠢ ᠴᠢᠩᠭᠠᠳᠬᠠᠬᠤ ᠲᠠᠯ᠎ᠠ ᠪᠠᠷ ᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠮᠦᠨ᠂ ᠣᠯᠣᠰ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ ᠬᠠᠮᠢᠶᠠᠷᠬᠤ ᠳᠤ ᠠᠪᠤᠭᠰᠠᠨ ᠴᠢᠬᠤᠯᠠ ᠶᠡᠭᠡ ᠦᠭᠡᠷᠡᠴᠢᠯᠡᠯᠲᠡ ᠶᠢᠨ ᠠᠷᠭ᠎ᠠ ᠪᠠᠷᠢᠯ ᠮᠦᠨ᠂ ᠦᠨᠳᠦᠰᠦᠲᠡᠨ ᠤ ᠰᠣᠷᠭᠠᠭᠤᠯᠢ ᠨᠤᠭᠤᠳ ᠲᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠢᠷᠢ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠭᠦᠯᠵᠦ᠂ ᠦᠨᠳᠦᠰᠦᠲᠡᠨ ᠤ ᠰᠣᠷᠭᠠᠨ ᠬᠦᠮᠦᠵᠢᠯ ᠢ ᠦᠨᠳᠦᠷ ᠴᠢᠨᠠᠷ ᠴᠢᠨᠰᠠᠭ᠎ᠠ ᠲᠠᠢ ᠬᠦᠭᠵᠢᠭᠦ ᠶᠢ ᠠᠬᠢᠭᠤᠯᠬᠤ ᠲᠦᠷᠢᠮ ᠤᠨ ᠲᠣᠬᠢᠷᠠᠭᠤᠯᠣᠯᠲᠠ ᠮᠦᠷᠲᠡᠭᠡᠨ ᠦᠨᠳᠦᠰᠦᠲᠡᠨ ᠤ ᠭᠠᠵᠠᠷ ᠣᠷᠣᠨ ᠤ ᠦᠷᠭᠡᠨ ᠣᠯᠠᠨ ᠲᠦᠮᠡᠨ ᠪᠠ ᠰᠣᠷᠣᠭᠴᠢᠳ ᠤᠨ ᠪᠤᠳᠠᠳᠤ ᠱᠠᠭᠠᠷᠳᠠᠯᠭ᠎ᠠ ᠮᠦᠨ᠃ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠪᠠ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠶᠢ ᠬᠦᠴᠦᠲᠡᠢ ᠠᠬᠢᠭᠤᠯᠬᠤ ᠨᠢ ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠳᠤ ᠨᠠᠩ ᠭᠤᠣᠯᠴᠢ᠂ ᠨᠡᠩ ᠴᠢᠨᠠᠷᠵᠢᠭᠤᠨ ᠰᠣᠷᠭᠠᠨ ᠬᠦᠮᠦᠵᠢᠯ ᠬᠦᠷᠲᠡᠭᠡᠬᠦ ᠳᠤ ᠠᠰᠢᠭᠲᠠᠢ ᠪᠦᠭᠡᠳ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠠᠯᠣᠰ ᠬᠡᠳᠦ ᠶᠢᠨ ᠲᠡᠣᠬᠡᠳᠦ ᠠᠴᠢ ᠬᠤᠯᠪᠣᠭᠳᠠᠯ ᠲᠠᠢ ᠶᠣᠮ᠃    2. ᠮᠠᠨ ᠤ ᠤᠷᠤᠨ ᠳᠠᠬᠢ ᠤᠳᠤᠬᠠᠨ ᠤ ᠬᠤᠤᠰ ᠬᠡᠯᠡᠨ ᠤ ᠵᠢᠭᠠᠨ ᠰᠤᠷᠭᠠᠯᠲᠠ ᠶᠢᠨ ᠰᠢᠰᠲ᠋ᠧᠮ ᠢ ᠦᠭᠡᠷᠡᠴᠢᠯᠡᠭᠦ ᠦᠦ︖    ᠮᠤᠩᠭᠤᠯ ᠬᠡᠯᠡ ᠪᠢᠴᠢᠭ ᠤᠨ ᠬᠢᠴᠢᠶᠡᠯ ᠢ ᠬᠠᠰᠤᠬᠤ ᠦᠦ︖ 2020 ᠣᠨ ᠤ ᠨᠠᠮᠣᠷ ᠤᠨ ᠣᠯᠠᠷᠢᠯ ᠤᠨ ᠰᠣᠷᠣᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠳᠡᠭ ᠰᠣᠷᠭᠠᠭᠤᠯᠢ ᠨᠤᠭᠤᠳ ᠤᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠣᠯᠣᠰ ᠤᠨ ᠨᠢᠭᠡᠳᠦᠯᠲᠡᠢ ᠨᠠᠶᠢᠷᠠᠭᠤᠯᠤᠬᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠦ᠂ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠦᠯᠦᠨ᠎ᠡ᠃ ᠦᠩᠭᠡᠷᠡᠭᠰᠡᠨ ᠵᠢᠯ ᠤᠳ ᠲᠠᠢ ᠠᠳᠠᠯᠢᠳᠬᠠᠪᠠᠯ᠂ ᠤᠤᠯ ᠤᠨ ᠪᠠᠭ᠎ᠠ ᠰᠣᠷᠭᠠᠭᠤᠯᠢ ᠶᠢᠨ ᠬᠤᠶᠠᠳᠣᠭᠠᠷ ᠣᠨ ᠠᠴᠠ ᠡᠬᠢᠯᠠᠨ ᠵᠢᠭᠠᠵᠤ ᠪᠠᠶᠢᠭᠰᠠᠨ ︽ᠬᠢᠲᠠᠳ ᠬᠡᠯᠡᠨ︾ ᠤ ᠬᠢᠴᠢᠶᠡᠯ ᠢ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠬᠢᠴᠢᠶᠡᠯ ᠪᠣᠯᠭᠠᠨ ᠦᠭᠡᠷᠡᠴᠢᠯᠡᠵᠦ᠂ ᠠᠩᠬ᠎ᠠ ᠵᠡᠷᠭᠡ ᠶᠢᠨ ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠤ ᠣᠣᠯ ᠤᠨ ︽ᠬᠢᠳᠡᠳ ᠬᠡᠯᠡᠨ︾ ᠤ ᠬᠢᠴᠢᠶᠡᠯ ᠢ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠬᠢᠴᠢᠶᠡᠯ ᠢᠶᠠᠷ ᠦᠭᠡᠷᠡᠴᠢᠯᠡᠨ᠎ᠡ᠃ ᠪᠣᠰᠣᠳ ᠬᠢᠴᠢᠶᠡᠯ ᠲᠦᠷᠦᠯ ᠪᠠ ᠪᠣᠰᠣᠳ ᠣᠨ ᠨᠤᠭᠤᠳ ᠤᠨ ᠬᠢᠴᠢᠶᠡᠯ ᠤᠨ ᠲᠣᠬᠢᠷᠠᠭᠤᠯᠣᠯᠲᠠ ᠶᠢ ᠬᠤᠪᠢᠷᠠᠭᠠᠬᠤ ᠦᠭᠡᠢ᠂ ᠬᠡᠷᠡᠭᠯᠡᠵᠦ ᠪᠠᠶᠢᠭ᠎ᠠ ᠵᠢᠭᠠᠬᠤ ᠮᠠᠲ᠋ᠧᠷᠢᠶᠠᠯ ᠢ ᠬᠤᠪᠢᠷᠠᠭᠤᠯᠬᠤ ᠦᠭᠡᠢ᠂ ᠬᠢᠴᠢᠶᠡᠯᠯᠡᠵᠦ ᠵᠢᠭᠠᠬᠤ ᠦᠭᠡ ᠬᠡᠯᠡ ᠦᠰᠦᠭ ᠪᠢᠴᠢᠭ ᠢ ᠬᠤᠪᠢᠷᠠᠭᠠᠬᠤ ᠦᠭᠡᠢ᠂ ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ᠃ ᠭᠤᠷᠪᠠᠨ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠪᠦᠭᠦ ᠲᠠᠯ᠎ᠠ ᠪᠠᠷ ᠲᠡᠯᠭᠡᠷᠡᠭᠦᠯᠦᠭᠰᠡᠨ ᠤ ᠲᠠᠷᠠᠭ᠎ᠠ᠂ ᠦᠨᠳᠦᠰᠦᠳᠡᠨ ᠤ ᠬᠡᠯᠡ ᠪᠠᠷ ᠬᠢᠴᠢᠶᠡᠯᠯᠡᠳᠡᠭ ᠲᠤᠮᠲᠠᠳᠤ ᠪᠠᠭ᠎ᠠ ᠰᠤᠷᠭᠠᠭᠤᠯᠢ ᠶᠢᠨ ᠪᠤᠰᠤᠳ ᠬᠢᠴᠢᠶᠡᠯ ᠲᠦᠷᠦᠯ ᠤᠨ ᠬᠢᠴᠢᠶᠡᠯ ᠤᠨ ᠲᠤᠬᠢᠷᠠᠭᠤᠯᠤᠯᠲᠠ ᠶᠢ ᠬᠤᠪᠢᠷᠠᠭᠠᠬᠤ ᠦᠭᠡᠢ᠂ ᠬᠡᠷᠡᠭᠯᠡᠵᠤ ᠪᠠᠶᠢᠭ᠎ᠠ ᠵᠢᠭᠠᠬᠤ ᠮᠠᠲ᠋ᠧᠷᠢᠶᠠᠯ ᠢ ᠬᠤᠪᠢᠷᠠᠭᠠᠬᠤ ᠦᠭᠡᠢ᠂ ᠬᠢᠴᠢᠶᠡᠯᠯᠡᠭᠡ ᠶᠢᠨ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ ᠦᠭᠡᠢ᠂ ᠮᠤᠩᠭᠤᠯ ᠬᠡᠯᠡ ᠪᠢᠴᠢᠭ᠂ ᠰᠤᠯᠤᠩᠭᠤᠰ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ ᠶᠣᠮ᠃ ᠡᠶᠢᠮᠦ ᠠᠴᠠ ᠤᠳᠤᠬᠠᠨ ᠤ ᠬᠤᠤᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮ ᠢ ᠬᠤᠪᠢᠷᠠᠭᠤᠯᠤᠭᠰᠠᠨ ᠪᠢᠰᠢ ᠶᠤᠮ᠃    3. ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠰᠣᠷᠣᠭᠴᠢᠳ ᠲᠤ ᠰᠠᠶᠢᠨ ᠲᠠᠢ ᠤᠤ︖    ᠶᠡᠷᠦᠩᠬᠡᠢ ᠱᠦᠵᠢ ᠰᠢ ᠶᠢᠨ ᠫᠢᠩ ᠠᠴᠠ ᠬᠡᠯᠡᠨ ᠤ ᠨᠡᠪᠲᠡᠷᠡᠯᠴᠡᠭᠡ ᠪᠣᠯ ᠬᠦᠮᠦᠨ ᠬᠦᠮᠦᠨ ᠤ ᠬᠤᠭᠤᠷᠣᠨᠳᠦᠬᠢ ᠬᠠᠷᠢᠯᠴᠠᠭᠠᠨ ᠤ ᠴᠢᠬᠤᠯᠠ ᠭᠤᠭᠴᠤᠭ᠎ᠠ ᠪᠣᠯᠬᠤ ᠶᠣᠮ᠂ ᠦᠭᠡ ᠬᠡᠯᠡ ᠨᠡᠪᠲᠡᠷᠡᠯᠴᠡᠬᠦ ᠦᠭᠡᠢ ᠳᠤ ᠬᠦᠷᠪᠡᠯ ᠬᠠᠷᠢᠯᠴᠠᠨ ᠮᠡᠳᠡᠯᠴᠡᠬᠦ ᠳᠤ ᠪᠡᠷᠬᠡᠲᠡᠢ᠂ ᠨᠡᠪᠲᠡᠷᠡᠯᠴᠡᠵᠦ ᠮᠡᠳᠡᠯᠴᠡᠬᠦ ᠦᠭᠡᠢ ᠳᠤ ᠬᠦᠷᠪᠡᠯ ᠣᠶᠢᠯᠠᠭᠠᠯᠴᠠᠭ᠎ᠠ ᠪᠠᠨ ᠣᠯᠬᠤ ᠳᠤ ᠲᠦᠪᠡᠭᠲᠡᠢ ᠪᠣᠯᠬᠤ ᠲᠣᠯᠠ ᠮᠡᠳᠡᠷᠡᠮᠵᠢ ᠶᠢ ᠪᠣᠢ ᠪᠣᠯᠭᠠᠬᠤ ᠳᠤ ᠪᠡᠷᠬᠡᠲᠡᠬᠦ ᠶᠣᠮ ᠭᠡᠵᠦ ᠴᠢᠬᠤᠯᠠᠴᠢᠯᠠᠪᠠ᠃ ᠴᠦᠬᠡᠨ ᠲᠣᠭᠠᠳᠦ ᠦᠨᠳᠦᠰᠦᠲᠡᠨ ᠤ ᠰᠣᠷᠣᠭᠴᠢᠳ ᠨᠢ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠳᠦᠷ ᠰᠣᠷᠬᠤ ᠨᠢ ᠠᠵᠢᠯ ᠣᠯᠬᠤ᠂ ᠣᠳᠣ ᠦᠶ᠎ᠡ ᠶᠢᠨ ᠰᠢᠨᠵᠢᠯᠡᠬᠦ ᠣᠬᠠᠭᠠᠨ ᠰᠣᠶᠣᠯ ᠤᠨ ᠮᠡᠳᠡᠯᠭᠡ ᠶᠢ ᠬᠦᠯᠢᠶᠡᠨ ᠠᠪᠬᠤ᠂ ᠨᠡᠶᠢᠭᠡᠮ ᠨᠡᠶᠢᠲᠡ ᠲᠠᠢ ᠠᠭᠤᠰᠣᠯᠴᠠᠬᠤ ᠳᠤ ᠴᠦᠮ ᠠᠰᠢᠭᠲᠠᠢ ᠪᠠᠶᠢᠳᠠᠭ ᠶᠣᠮ᠃ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ ᠬᠡᠯᠡ ᠪᠢᠴᠢᠭ ᠤᠨ ᠬᠢᠴᠢᠶᠡᠯ ᠤᠨ ᠦᠭᠡᠷᠡᠴᠢᠯᠡᠯᠲᠡ ᠶᠢᠨ ᠰᠢᠯᠢᠳᠡᠭ ᠦᠷ᠎ᠡ ᠪᠦᠳᠦᠭᠡᠯ ᠢ ᠳ᠋ᠦᠩᠨᠡᠭᠰᠡᠨ ᠤ ᠬᠠᠮᠲᠦ ᠰᠢᠩᠭᠡᠭᠡᠨ ᠠᠪᠴᠦ᠂ ᠬᠢᠴᠢᠶᠡᠯ ᠤᠨ ᠦᠭᠡᠷᠡᠴᠢᠯᠡᠯᠲᠡ ᠶᠢᠨ ᠲᠠᠪᠰᠢᠩᠭᠤᠢ ᠤᠢᠢᠯᠠᠭᠠᠭᠳᠠᠬᠤᠨ ᠪᠠ ᠪᠦᠳᠦᠮᠵᠢᠲᠡᠢ ᠲᠣᠷᠰᠢᠯᠭ᠎ᠠ ᠶᠢ ᠰᠢᠭᠰᠢᠨ ᠲᠣᠩᠭᠠᠭᠠᠵᠦ᠂ ᠰᠣᠷᠣᠭᠴᠢᠳ ᠤᠨ ᠰᠢᠨ᠎ᠡ ᠡᠭᠦᠳᠦᠯᠲᠡ ᠶᠢᠨ ᠵᠣᠷᠢᠭ ᠰᠠᠨᠠᠭ᠎ᠠ ᠪᠣᠯᠣᠨ ᠦᠢᠯᠡᠳᠦᠯᠭᠡ ᠶᠢᠨ ᠴᠢᠳᠠᠪᠦᠷᠢ ᠶᠢ ᠬᠦᠮᠦᠵᠢᠭᠦᠯᠬᠦ ᠶᠢ ᠠᠩᠬᠠᠷᠤᠨ ᠴᠢᠬᠤᠯᠠᠴᠢᠯᠠᠵᠤ᠂ ᠪᠡᠶ᠎ᠡ ᠪᠠᠨ ᠳᠠᠭᠠᠭᠠᠬᠤ᠂ ᠬᠠᠪᠰᠣᠷᠣᠯᠴᠠᠬᠤ᠂ ᠬᠠᠶᠢᠨ ᠰᠦᠪᠡᠭᠴᠢᠯᠡᠵᠦ ᠰᠣᠷᠣᠯᠴᠠᠬᠤ ᠠᠷᠭ᠎ᠠ ᠬᠡᠯᠪᠡᠷᠢ ᠶᠢ ᠰᠠᠨᠠᠭᠠᠴᠢᠯᠠᠨ ᠰᠡᠳᠦᠵᠦ᠂ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢ ᠴᠢᠨᠠᠭᠰᠢᠲᠠ ᠴᠢᠩᠭᠠᠳᠬᠠᠨ᠂ ᠬᠡᠯᠡ ᠪᠢᠴᠢᠭ ᠪᠠ ᠠᠮᠢᠳᠦᠷᠠᠯ ᠤᠨ ᠣᠶᠠᠯᠳᠤᠭ᠎ᠠ ᠶᠢ ᠴᠢᠩᠭᠠᠳᠬᠠᠵᠤ᠂ ᠰᠣᠷᠣᠭᠴᠢᠳ ᠤᠨ ᠬᠡᠯᠡ ᠪᠢᠴᠢᠭ ᠤᠨ ᠬᠡᠪ ᠪᠣᠯᠪᠠᠰᠣᠷᠠᠯ ᠢ ᠲᠡᠭᠡᠭᠰᠢᠯᠡᠭᠦᠯᠬᠦ ᠪᠠᠷ ᠵᠤᠷᠢᠭᠰᠠᠨ ᠶᠤᠮ᠃ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠳᠡᠭ ᠰᠣᠷᠣᠭᠴᠢᠳ ᠬᠢᠭᠡᠳ ᠪᠣᠰᠣᠳ ᠦᠨᠳᠦᠰᠦᠲᠡᠨ ᠨᠦᠭᠦᠳ ᠤᠨ ᠰᠣᠷᠣᠭᠴᠢᠳ ᠤᠨ ᠰᠣᠯᠢᠯᠴᠠᠭ᠎ᠠ᠂ ᠬᠠᠷᠢᠯᠴᠠᠭ᠎ᠠ᠂ ᠠᠭᠤᠰᠣᠯᠴᠠᠭ᠎ᠠ ᠶᠢ ᠠᠬᠢᠭᠤᠯᠬᠤ ᠪᠠ ᠬᠤᠶᠢᠰᠢᠲᠡ ᠶᠢᠨ ᠬᠤᠪᠢ ᠪᠡᠶ᠎ᠡ ᠶᠢᠨ ᠬᠢᠨᠢ ᠦᠰᠦᠯᠲᠡ ᠪᠤᠶᠢᠵᠢᠯᠲᠠ ᠪᠤᠯᠤᠨ ᠰᠣᠷᠭᠠᠭᠤᠯᠢ ᠳᠤ ᠲᠠᠪᠰᠢᠵᠦ ᠠᠵᠢᠯ ᠣᠯᠬᠤ ᠠᠷᠭ᠎ᠠ ᠵᠠᠮ ᠢ ᠨᠢ ᠦᠷᠭᠡᠳᠭᠡᠬᠦ ᠳᠤ ᠠᠰᠢᠭᠲᠠᠢ ᠪᠠᠶᠢᠳᠠᠭ ᠶᠣᠮ᠃    4. ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ ᠰᠣᠷᠣᠭᠴᠢᠳ ᠤᠨ ᠬᠢᠴᠢᠶᠡᠯ ᠤᠨ ᠲᠠᠷᠦᠭᠠᠰᠦ ᠶᠢ ᠬᠦᠨᠳᠦᠷᠠᠭᠦᠯᠦᠭᠰᠡᠨ ᠤᠤ︖    ᠣᠯᠣᠰ ᠤᠨ ᠨᠢᠭᠡᠳᠦᠯᠲᠡᠢ ᠱᠠᠭᠠᠷᠳᠠᠯᠭ᠎ᠠ ᠪᠠᠷ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠳᠤ ᠣᠯᠣᠰ ᠤᠨ ᠬᠢᠴᠢᠶᠡᠯ᠂ ᠣᠷᠣᠨ ᠨᠣᠳᠤᠭ ᠤᠨ ᠬᠢᠴᠢᠶᠡᠯ ᠪᠠ ᠰᠣᠷᠭᠠᠭᠤᠯᠢ ᠶᠢᠨ ᠬᠢᠴᠢᠶᠡᠯ ᠭᠡᠬᠦ ᠭᠤᠷᠪᠠᠨ ᠱᠠᠲᠣᠨ ᠤ ᠬᠠᠮᠢᠶᠠᠷᠦᠯᠲᠠ ᠶᠢ ᠬᠡᠷᠡᠭᠵᠢᠭᠦᠯᠦᠨ᠎ᠡ᠃ ᠣᠯᠣᠰ ᠤᠨ ︽ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ ᠲᠣᠬᠢᠷᠠᠭᠤᠯᠣᠯᠲᠠ ᠶᠢᠨ ᠲᠦᠰᠦᠪ︾ ᠲᠤ᠂ ᠠᠯᠪᠠᠨ ᠵᠢᠷᠦᠮ ᠤᠨ ᠰᠣᠷᠭᠠᠨ ᠬᠦᠮᠦᠵᠢᠯ ᠳᠤ ᠶᠢᠰᠦᠨ ᠵᠢᠯ ᠤᠨ ᠴᠣᠭᠴᠠᠵᠢᠭᠤᠯᠣᠯᠲᠠ ᠶᠢ ᠬᠡᠷᠡᠭᠵᠢᠭᠦᠯᠵᠦ᠂ ᠬᠢᠴᠢᠶᠡᠯ ᠢ ᠲᠡᠩᠴᠡᠭᠦᠷᠢᠲᠡᠢ ᠲᠣᠬᠢᠷᠠᠭᠤᠯᠣᠨ᠂ ᠬᠠᠷᠢᠴᠠᠯ ᠲᠠᠢ ᠪᠠᠷ ᠬᠢᠴᠢᠶᠡᠯ ᠤᠨ ᠴᠠᠭ ᠢ ᠲᠣᠬᠢᠷᠠᠭᠤᠯᠣᠨ᠎ᠠ ᠭᠡᠵᠦ ᠲᠤᠳᠤᠷᠬᠠᠢ ᠲᠤᠭᠲᠠᠭᠠᠪᠠ᠃     ᠣᠳᠣᠬᠠᠨ ᠳᠤ᠂ ᠮᠠᠨ ᠤ ᠣᠷᠣᠨ ᠤ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠳᠠᠬᠢ ᠣᠯᠣᠰ ᠤᠨ ᠬᠢᠴᠢᠶᠡᠯ ᠤᠨ ᠬᠢᠴᠢᠶᠡᠯᠯᠡᠬᠦ ᠴᠠᠭ ᠤᠨ ᠬᠠᠷᠢᠴᠠᠯ ᠨᠢ 75 — 80 % ᠶᠢ ᠡᠵᠡᠯᠡᠵᠦ᠂ ᠣᠷᠣᠨ ᠨᠣᠳᠤᠭ ᠤᠨ ᠬᠢᠴᠢᠶᠡᠯ ᠬᠢᠭᠡᠳ ᠰᠣᠷᠭᠠᠭᠤᠯᠢ ᠶᠢᠨ ᠬᠢᠴᠢᠶᠡᠯ ᠤᠨ ᠬᠢᠴᠢᠶᠡᠯᠯᠡᠬᠦ ᠴᠠᠭ ᠤᠨ ᠬᠠᠷᠢᠴᠠᠯ ᠨᠢ 20 — 25 ᠶᠢ ᠡᠵᠡᠯᠡᠵᠦ ᠪᠠᠶᠢᠳᠠᠭ᠃ ᠭᠠᠷᠠᠭ ᠪᠦᠷᠢ ᠶᠢᠨ ᠶᠡᠷᠦᠩᠬᠡᠢ ᠬᠢᠴᠢᠶᠡᠯ ᠤᠨ ᠴᠠᠭ ᠢ ᠪᠠᠭ᠎ᠠ ᠰᠣᠷᠭᠠᠭᠤᠯᠢ ᠳᠤ 25 — 33 ᠬᠢᠴᠢᠶᠡᠯ ᠤᠨ ᠴᠠᠭ᠂ ᠠᠩᠬ᠎ᠠ ᠵᠡᠷᠭᠡ ᠶᠢᠨ ᠳᠣᠮᠳᠠᠳᠦ ᠰᠤᠷᠭᠠᠭᠤᠯᠢ ᠳᠤ 32 — 36 ᠬᠢᠴᠢᠶᠡᠯ ᠤᠨ ᠴᠠᠭ ᠢᠶᠠᠷ ᠲᠣᠬᠢᠷᠠᠭᠤᠯᠵᠤ ᠪᠠᠶᠢᠨ᠎ᠠ᠃    ᠡᠨᠡ ᠵᠢᠯ ᠤᠨ ᠨᠠᠮᠣᠷ ᠤᠨ ᠣᠯᠠᠷᠢᠯ ᠳᠤ ᠪᠢᠳᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠳᠡᠭ ᠪᠠᠭ᠎ᠠ ᠰᠣᠷᠭᠠᠭᠤᠯᠢ ᠪᠠ ᠠᠩᠬ᠎ᠠ ᠵᠡᠷᠭᠡ ᠶᠢᠨ ᠳᠣᠮᠳᠠᠳᠦ ᠰᠤᠷᠭᠠᠭᠤᠯᠢ ᠶᠢᠨ ᠨᠢᠭᠡᠳᠦᠭᠡᠷ ᠣᠨ ᠤ ᠬᠢᠴᠢᠶᠡᠯ ᠤᠨ ᠴᠠᠭ ᠲᠤ ᠲᠣᠬᠢᠷᠠᠭᠤᠯᠣᠯᠲᠠ ᠬᠢᠬᠦ ᠳᠡᠭᠡᠨ ᠣᠷᠣᠨ ᠨᠣᠳᠤᠭ ᠤᠨ ᠬᠢᠴᠢᠶᠡᠯ ᠪᠠ ᠰᠣᠷᠭᠠᠭᠤᠯᠢ ᠶᠢᠨ ᠬᠢᠴᠢᠶᠡᠯ ᠤᠨ ᠬᠢᠴᠢᠶᠡᠯᠯᠡᠬᠦ ᠴᠠᠭ ᠢ ᠵᠤᠬᠢᠬᠤ ᠬᠡᠮᠵᠢᠶ᠎ᠡ ᠪᠠᠷ ᠬᠠᠰᠣᠪᠠ᠃ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠬᠢᠴᠢᠶᠡᠯ ᠢ ᠡᠳᠦᠷ ᠪᠦᠷᠢ ᠨᠢᠭᠡ ᠬᠢᠴᠢᠶᠡᠯ ᠤᠨ ᠴᠠᠭ ᠢᠶᠠᠷ ᠲᠣᠬᠢᠷᠠᠭᠤᠯᠵᠦ᠂ ᠰᠣᠷᠣᠭᠴᠢᠳ ᠤᠨ ᠪᠡᠶ᠎ᠡ ᠰᠡᠳᠬᠢᠯ ᠤᠨ ᠦᠰᠦᠯᠲᠡ ᠪᠤᠶᠢᠵᠢᠯᠲᠠ ᠶᠢᠨ ᠵᠢᠮ᠎ᠡ ᠶᠤᠰᠤ ᠪᠠ ᠰᠢᠨᠵᠢᠯᠡᠬᠦ ᠣᠬᠠᠭᠠᠨ ᠤ ᠮᠡᠳᠡᠯᠭᠡ ᠶᠢᠨ ᠲᠤᠳᠤᠭᠠᠳᠤ ᠯᠤᠬᠢᠭ ᠢ ᠬᠦᠢᠴᠡᠳ ᠪᠤᠳᠤᠯᠬᠢᠯᠠᠨ᠂ ᠲᠤᠤᠷ᠎ᠠ ᠤᠨ ᠠᠴᠠ ᠲᠡᠭᠡᠷ᠎ᠡ ᠤᠨ ᠬᠦᠷᠳᠡᠯ᠎ᠡ ᠠᠯᠬᠤᠮ ᠠᠯᠬᠤᠮ ᠢᠶᠠᠷ ᠨᠡᠮᠡᠭᠳᠡᠭᠦᠯᠭᠦ ᠦᠨᠳᠦᠰᠦᠨ ᠱᠠᠭᠠᠷᠳᠠᠯᠭ᠎ᠠ ᠶᠢ ᠲᠤᠰᠬᠠᠭᠰᠠᠨ ᠪᠠᠶᠢᠨ᠎ᠠ᠃ ᠲᠤᠬᠢᠷᠠᠭᠤᠯᠤᠯᠲᠠ ᠬᠢᠭᠰᠡᠨ ᠤ ᠲᠠᠷᠠᠭ᠎ᠠ᠂ ᠡᠯ᠎ᠡ ᠬᠢᠴᠢᠶᠡᠯ ᠲᠦᠷᠦᠯ ᠤᠨ ᠬᠢᠴᠢᠶᠡᠯ ᠤᠨ ᠴᠠᠭ ᠤᠨ ᠬᠠᠷᠢᠴᠠᠯ ᠢ ᠤᠯᠤᠰ ᠤᠨ ᠬᠢᠴᠢᠶᠡᠯ ᠤᠨ ᠲᠤᠬᠢᠷᠠᠭᠤᠯᠤᠲᠠ ᠶᠢᠨ ᠲᠦᠰᠦᠪ ᠤᠨ ᠱᠠᠭᠠᠷᠳᠠᠯᠭ᠎ᠠ ᠲᠠᠢ ᠨᠡᠶᠢᠴᠡᠭᠦᠯᠵᠤ᠂ ᠰᠤᠷᠤᠯᠭ᠎ᠠ ᠶᠢᠨ ᠤᠨ ᠤ ᠬᠢᠴᠢᠶᠡᠯ ᠤᠨ ᠴᠠᠭ ᠤᠨ ᠶᠡᠷᠦᠩᠭᠡᠢ ᠲᠤᠭ᠎ᠠ ᠪᠠ ᠭᠠᠷᠠᠭ ᠤᠨ ᠬᠢᠴᠢᠶᠡᠯ ᠤᠨ ᠴᠠᠭ ᠤᠨ ᠲᠤᠭ᠎ᠠ ᠶᠢ ᠤᠯᠤᠰ ᠤᠨ ᠲᠤᠭᠲᠠᠭᠠᠯ ᠤᠨ ᠬᠦᠷᠢᠶ᠎ᠡ ᠬᠡᠪᠴᠢᠶᠡᠨ ᠤ ᠲᠤᠳᠤᠷ᠎ᠠ ᠬᠢᠵᠠᠭᠠᠷᠯᠠᠨ᠎ᠠ᠃ ᠡᠭᠦᠨ ᠤ ᠬᠠᠮᠲᠤ᠂ ᠪᠤᠳᠠᠳᠠᠢ ᠬᠡᠷᠡᠭᠵᠢᠭᠦᠯᠬᠦ ᠶᠠᠪᠤᠴᠠ ᠳᠠᠭᠠᠨ ᠡᠯ᠎ᠡ ᠭᠠᠵᠠᠷ ᠤᠷᠤᠨ ᠨᠢ ᠪᠠᠰᠠ ᠬᠢᠴᠢᠶᠡᠯ ᠤᠨ ᠪᠠᠷᠢᠮᠵᠢᠶ᠎ᠠ ᠶᠢᠨ ᠦᠨᠳᠦᠰᠦᠨ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠤᠷᠤᠨ ᠠᠴᠠ ᠲᠤᠭᠲᠠᠭᠠᠭᠰᠠᠨ ᠵᠢᠭᠠᠨ ᠰᠤᠷᠭᠠᠬᠤ ᠰᠠᠨᠠᠭᠤᠯᠭ᠎ᠠ ᠶᠤᠰᠤᠭᠠᠷ᠂ ᠰᠤᠷᠭᠠᠭᠤᠯᠢ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠵᠤᠬᠢᠰᠲᠠᠢ ᠪᠠᠷ ᠲᠤᠬᠢᠷᠠᠭᠤᠯᠵᠤ ᠪᠤᠯᠤᠨ᠎ᠠ᠃    5. ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠲᠦᠷᠦᠯ ᠤᠨ ᠪᠠᠭᠰᠢ ᠲᠤᠲᠠᠭᠳᠠᠵᠤ ᠪᠠᠶᠢᠭ᠎ᠠ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖    ᠶᠡᠷᠦᠩᠬᠡᠢ ᠪᠠᠶᠢᠳᠠᠯ ᠠᠴᠠ ᠨᠢ ᠦᠵᠡᠪᠡᠯ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠬᠡᠯᠡ ᠪᠢᠴᠢᠭ ᠤᠨ ᠪᠠᠭᠰᠢ ᠲᠡᠮᠡᠢ ᠶᠡᠭᠡ ᠲᠤᠳᠠᠭᠳᠠᠵᠤ ᠦᠭᠡᠢ᠃ ᠭᠤᠤᠯᠳᠠᠭᠤ ᠭᠤᠷᠪᠠᠨ ᠲᠠᠯ᠎ᠠ ᠶᠢᠨ ᠠᠷᠭ᠎ᠠ ᠬᠡᠯᠪᠡᠷᠢ ᠪᠠᠷ ᠬᠤᠪᠢᠶᠠᠷᠢᠯᠠᠨ ᠲᠤᠬᠢᠷᠠᠭᠤᠯᠤᠨ᠎ᠠ᠄ ᠨᠢᠭᠡ ᠳᠤ᠂ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰ ᠭᠠᠵᠠᠷ ᠤᠷᠤᠨ ᠤ ᠪᠠᠨ ᠦᠨᠳᠦᠰᠦᠳᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠶᠢ ᠵᠢᠯᠤᠭᠤᠳᠴᠤ ᠪᠠᠶᠢᠭᠠᠳ ᠳᠤᠳᠤᠭᠠᠲᠤ ᠲᠤᠬᠢᠷᠠᠭᠤᠯᠭ᠎ᠠ ᠪᠠᠷ ᠳᠠᠮᠵᠢᠭᠤᠯᠵᠤ᠂ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠲᠦᠷᠦᠯ ᠤᠨ ᠪᠠᠭᠰᠢ ᠶᠢ ᠤᠷᠢᠳ ᠢᠶᠠᠷ ᠲᠤᠬᠢᠷᠠᠭᠤᠯᠬᠤ ᠶᠢ ᠪᠠᠳᠤᠯᠠᠨ᠎ᠠ︔ ᠬᠤᠶᠠᠷ ᠲᠤ᠂ ᠦᠨᠡᠨ ᠬᠦ ᠬᠦᠴᠢᠷᠳᠡᠯ ᠲᠠᠢ ᠰᠤᠷᠭᠠᠭᠤᠯᠢ ᠳᠤ ᠬᠤᠰᠢᠭᠤ ᠰᠢᠶᠠᠨ ᠤ ᠬᠡᠪᠴᠢᠶᠡᠨ ᠤ ᠲᠤᠳᠤᠷᠠᠬᠢ ᠰᠤᠷᠭᠠᠭᠤᠯᠢ ᠨᠤᠭᠤᠳ ᠤᠨ ᠬᠤᠭᠤᠷᠤᠨᠳᠤᠬᠢ ᠬᠠᠷᠢᠯᠴᠠᠭ᠎ᠠ ᠪᠠᠷ ᠳᠠᠮᠵᠢᠵᠤ ᠰᠢᠢᠳᠪᠦᠷᠢᠯᠡᠨ᠎ᠡ︔ ᠭᠤᠷᠪᠠ ᠳᠤ᠂ ᠪᠠᠭᠰᠢ ᠶᠢᠨ ᠬᠦᠴᠦᠨ ᠤᠨᠴᠠ ᠶᠡᠭᠡ ᠪᠠᠷ ᠲᠤᠳᠠᠭᠳᠠᠵᠤ ᠪᠠᠶᠢᠭ᠎ᠠ ᠭᠠᠵᠠᠷ ᠤᠷᠤᠨ ᠳᠤ ᠠᠶᠢᠮᠠᠭ ᠬᠤᠳᠠ ᠪᠠᠷ ᠨᠢᠭᠡᠴᠢ ᠪᠤᠯᠭᠠᠨ ᠲᠤᠬᠠᠢ ᠶᠢᠨ ᠭᠠᠵᠠᠷ ᠤᠷᠤᠨ ᠠᠴᠠ ᠨᠢ ᠠᠵᠢᠯ ᠤᠨ ᠪᠠᠶᠢᠷᠢᠨ ᠳᠤ ᠪᠠᠶᠢᠭ᠎ᠠ ᠪᠤᠶᠤ ᠤᠶᠢᠷ᠎ᠠ ᠶᠢᠨ ᠲᠠᠪᠤᠨ ᠵᠢᠯ ᠳᠤ ᠠᠵᠢᠯ ᠠᠴᠠ ᠪᠠᠨ ᠠᠮᠠᠷᠠᠭᠰᠠᠨ ᠪᠠᠭᠰᠢ᠂ ᠵᠢᠭᠠᠬᠤ ᠶᠢ ᠰᠤᠳᠤᠯᠤᠭᠴᠢ ᠵᠢᠴᠢ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠡᠭᠦᠷᠭᠡᠯᠡᠵᠤ ᠲᠡᠶᠢᠯᠬᠦ ᠪᠤᠰᠤᠳ ᠰᠤᠷᠭᠠᠨ ᠬᠦᠮᠦᠵᠢᠯ ᠤᠨ ᠠᠵᠢᠯᠳᠠᠳ ᠢ ᠦᠨᠳᠦᠰᠦᠳᠡᠨ ᠤ ᠰᠤᠷᠭᠠᠭᠤᠯᠢ ᠳᠤ ᠲᠠᠬᠢᠨᠲᠠ ᠤᠷᠢᠵᠦ ᠰᠤᠷᠭᠠᠨ ᠬᠦᠮᠦᠵᠢᠯ ᠢ ᠲᠡᠮᠵᠢᠭᠦᠯᠦᠨ᠎ᠡ᠃    6. ᠵᠢᠭᠠᠨ ᠰᠣᠷᠭᠠᠯᠲᠠ ᠶᠢᠨ ᠱᠠᠭᠠᠷᠳᠠᠯᠭ᠎ᠠ ᠳᠤ ᠲᠦᠷ ᠴᠠᠭ ᠨᠡᠶᠢᠴᠡᠬᠦ ᠦᠭᠡᠢ ᠪᠠᠭᠰᠢ ᠨᠠᠷ ᠤᠨ ᠬᠠᠷᠠᠭᠠᠯᠵᠠᠯ ᠨᠦᠯᠦᠭᠡᠯᠡᠭᠳᠡᠬᠦ ᠤᠤ︖    ᠰᠣᠷᠭᠠᠨ ᠬᠦᠮᠦᠵᠢᠯ ᠤᠨ ᠲᠢᠩᠬᠢᠮ ᠠᠴᠠ ᠲᠠᠷᠦᠮᠠᠯᠯᠠᠨ ᠲᠠᠷᠬᠠᠭᠠᠭᠰᠠᠨ ︽ᠬᠡᠷᠡᠭᠵᠢᠭᠦᠯᠬᠦ ᠲᠦᠰᠦᠯ︾ ᠳᠤ᠂ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠨ ᠰᠣᠷᠭᠠᠯᠲᠠ ᠶᠢᠨ ᠱᠠᠭᠠᠷᠳᠠᠯᠭ᠎ᠠ ᠳᠤ ᠲᠦᠷ ᠴᠠᠭ ᠨᠡᠶᠢᠴᠡᠬᠦ ᠦᠭᠡᠢ ᠪᠠᠭᠰᠢ ᠨᠠᠷ ᠢ ᠬᠤᠪᠢ ᠬᠦᠮᠦᠨ ᠤ ᠬᠢᠨᠢ ᠬᠦᠰᠡᠯᠲᠡ ᠶᠢ ᠬᠦᠨᠳᠦᠳᠭᠡᠵᠦ᠂ ᠣᠨᠳᠣᠣ ᠪᠠᠶᠢᠷᠢ ᠳᠤ ᠬᠤᠪᠢᠶᠠᠷᠢᠯᠠᠬᠤ ᠪᠣᠶᠣ ᠣᠣᠯ ᠠᠵᠢᠯ ᠤᠨ ᠪᠠᠶᠢᠷᠢ ᠳᠠᠭᠠᠨ ᠲᠠᠭᠠᠵᠦ ᠪᠣᠯᠪᠠᠰᠣᠷᠠᠬᠤ ᠶᠢ ᠰᠣᠩᠭᠤᠭᠤᠯᠵᠦ᠂ ᠪᠠᠭᠰᠢ ᠨᠠᠷ ᠤᠨ ᠠᠵᠢᠯᠲᠡᠨ ᠤ ᠶᠠᠪᠤᠳᠠᠯ ᠤᠨ ᠪᠡᠶ᠎ᠡ ᠶᠢᠨ ᠭᠠᠷᠦᠯ᠂ ᠡᠭᠦᠷᠭᠡ ᠲᠣᠰᠢᠶᠡᠯ ᠮᠡᠷᠭᠡᠵᠢᠯ ᠤᠨ ᠴᠣᠯᠠ᠂ ᠴᠠᠯᠢᠩ ᠮᠦᠩᠭᠦ ᠶᠢᠨ ᠤᠯᠭᠤᠮᠵᠢ ᠵᠡᠷᠭᠡ ︽ᠭᠤᠷᠪᠠ ᠶᠢ ᠬᠤᠪᠢᠷᠠᠭᠤᠯᠬᠤ ᠦᠭᠡᠢ︾ ᠶᠢ ᠦᠨᠡᠨ ᠬᠦ ᠪᠠᠳᠣᠯᠠᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭᠰᠢ ᠨᠠᠷ ᠤᠨ ᠬᠠᠣᠯᠢ ᠶᠣᠰᠣᠨ ᠤ ᠡᠷᠬᠡ ᠠᠰᠢᠭ ᠢ ᠪᠠᠳᠣᠯᠠᠨ᠎ᠠ᠃   7. ᠰᠣᠷᠭᠠᠭᠤᠯᠢ ᠡᠬᠢᠯᠡᠮᠡᠷ ᠪᠣᠯᠣᠭᠰᠠᠨ ᠪᠠᠶᠢᠳᠠᠯ ᠳᠤ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠴᠠᠭ ᠲᠤ ᠪᠠᠨ ᠠᠮᠵᠢᠵᠦ ᠰᠤᠷᠤᠭᠴᠢᠳ ᠲᠤ ᠤᠯᠭᠤᠵᠤ ᠴᠢᠳᠠᠬᠤ ᠤᠤ︖    ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠣᠮᠳᠠᠳᠣ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠨᠣᠮ ᠤᠨ ᠭᠠᠷᠴᠠᠭ︾ ᠢ ᠦᠨᠳᠦᠰᠦᠯᠡᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠠᠷᠢᠶᠠᠯᠠᠭᠳᠠᠬᠤ ᠭᠠᠵᠠᠷ ᠣᠷᠣᠨ ᠤ ᠪᠠᠨ ᠳᠣᠮᠳᠠᠳᠣ ᠪᠠᠭ᠎ᠠ ᠰᠣᠷᠭᠠᠭᠤᠯᠢ ᠶᠢᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠬᠢᠴᠢᠶᠡᠯ ᠤᠨ ᠬᠡᠷᠡᠭᠯᠡᠬᠦ ᠨᠣᠮ ᠤᠨ ᠲᠤᠭ᠎ᠠ ᠶᠢ ᠨᠢᠭᠡᠨᠲᠡ ᠨᠠᠷᠢᠨ ᠬᠢᠨᠠᠮᠠᠭᠠᠢ ᠬᠠᠷᠭᠤᠭᠤᠯᠵᠦ᠂ ᠵᠢᠭᠠᠨ ᠰᠣᠷᠭᠠᠯᠲᠠ ᠳᠤ ᠬᠡᠷᠡᠭᠯᠡᠬᠦ ᠨᠣᠮ ᠵᠠᠬᠢᠶᠠᠯᠠᠬᠤ ᠠᠵᠢᠯ ᠢ ᠪᠡᠶᠡᠯᠡᠭᠦᠯᠵᠡᠢ᠃ ᠪᠠᠭ᠎ᠠ ᠰᠣᠷᠭᠠᠭᠤᠯᠢ ᠶᠢᠨ ᠨᠢᠭᠡᠳᠦᠭᠡᠷ ᠤᠨ᠂ ᠠᠩᠬ᠎ᠠ ᠵᠡᠷᠭᠡ ᠶᠢᠨ ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ 8 ᠳ᠋ᠣᠭᠠᠷ ᠰᠠᠷ᠎ᠠ ᠶᠢᠨ 15 ᠳᠤ ᠪᠦᠬᠦᠨ ᠢ ᠲᠠᠷᠬᠠᠭᠠᠬᠤ ᠪᠠᠶᠢᠭᠤᠯᠤᠮᠵᠢ ᠳᠤ ᠨᠢᠭᠡᠨᠲᠡ ᠲᠣᠰᠢᠶᠠᠵᠦ᠂ ᠬᠢᠴᠢᠶᠡᠯᠯᠡᠬᠦ ᠠᠴᠠ ᠡᠮᠣᠨ᠎ᠡ ᠰᠤᠷᠤᠭᠴᠢ ᠪᠦᠷᠢ ᠳᠤ ᠬᠢᠴᠢᠶᠡᠯ ᠤᠨ ᠪᠢᠴᠢᠭ ᠲᠠᠢ ᠭᠡᠳᠡᠭ ᠢ ᠪᠠᠳᠣᠯᠠᠵᠦ ᠴᠢᠳᠠᠨ᠎ᠠ᠃   8. ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠪᠠᠭᠰᠢ ᠶᠢ ᠬᠦᠳᠡᠯᠦᠩᠭᠦᠢ ᠪᠠᠷ ᠨᠦᠬᠦᠪᠦᠷᠢᠯᠡᠬᠦ ᠠᠵᠢᠯ ᠢ ᠶᠠᠭᠠᠬᠢᠵᠦ ᠰᠠᠶᠢᠨ ᠬᠢᠬᠦ ᠪᠣᠢ︖    ᠠᠯᠪᠠᠨ ᠵᠠᠷᠦᠳᠠᠯ ᠢᠶᠠᠷ ᠪᠠᠭᠰᠢ ᠪᠣᠯᠪᠠᠰᠣᠷᠠᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠡ᠃ 2021 ᠣᠨ ᠠᠴᠠ ᠡᠬᠢᠯᠡᠨ ᠦᠪᠡᠷᠲᠡᠭᠡᠨ ᠵᠠᠰᠠᠬᠤ ᠣᠷᠣᠨ ᠤ ᠠᠯᠪᠠᠨ ᠵᠠᠷᠦᠳᠠᠯ ᠢᠶᠠᠷ ᠪᠠᠭᠰᠢ ᠬᠦᠮᠦᠵᠢᠭᠦᠯᠬᠦ ᠲᠦᠯᠦᠪᠯᠡᠭᠡ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠬᠡᠯᠡ ᠪᠢᠴᠢᠭ ᠤᠨ ᠬᠢᠴᠢᠶᠡᠯ ᠲᠦᠷᠦᠯ ᠤᠨ ᠠᠯᠪᠠᠨ ᠵᠠᠷᠦᠳᠠᠯ ᠢᠶᠠᠷ ︽ᠬᠤᠣᠰ ᠬᠡᠯᠡᠨ︾ ᠤ ᠪᠠᠭᠰᠢ ᠬᠦᠮᠦᠵᠢᠭᠦᠯᠬᠦ ᠳᠤ ᠵᠤᠷᠢᠭᠤᠯᠤᠭᠰᠠᠨ ᠰᠤᠷᠤᠭᠴᠢ ᠡᠯᠰᠡᠬᠦ ᠲᠦᠯᠦᠪᠯᠡᠭᠡ ᠶᠢ ᠲᠣᠰᠬᠠᠢ ᠲᠣᠬᠢᠷᠠᠭᠤᠯᠣᠨ᠎ᠠ᠃ ᠣᠯᠣᠰ ᠤᠨ ᠰᠣᠷᠭᠠᠨ ᠬᠦᠮᠦᠵᠢᠯ ᠤᠨ ᠶᠠᠮᠣᠨ ᠤ ᠲᠡᠮᠵᠢᠯᠭᠡ ᠶᠢ ᠣᠯᠵᠦ᠂ ᠶᠠᠮᠣᠨ ᠤ ᠬᠠᠷᠢᠶᠠᠲᠦ ᠪᠠᠭᠰᠢ ᠶᠢᠨ ᠶᠡᠭᠡ ᠰᠣᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠲᠦᠷᠦᠯ ᠤᠨ ︽ᠬᠤᠣᠰ ᠬᠡᠯᠡᠨ︾ ᠤ ᠪᠠᠭᠰᠢ ᠶᠢᠨ ᠰᠣᠷᠣᠭᠴᠢ ᠡᠯᠰᠡᠬᠦ ᠲᠦᠯᠦᠪᠯᠡᠭᠡ ᠶᠢ ᠨᠡᠮᠡᠭᠳᠡᠭᠦᠯᠵᠦ᠂ ᠬᠡᠯᠡ ᠪᠢᠴᠢᠭ ᠤᠨ ᠬᠢᠴᠢᠶᠡᠯ ᠲᠦᠷᠦᠯ ᠤᠨ ︽ᠬᠤᠣᠰ ᠬᠡᠯᠡᠨ︾ ᠤ ᠪᠠᠭᠰᠢ ᠬᠦᠮᠦᠵᠢᠭᠦᠯᠬᠦ ᠶᠢ ᠲᠦᠷᠭᠡᠳᠭᠡᠨ᠎ᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠣᠮᠳᠠᠳᠦ ᠪᠠᠭ᠎ᠠ ᠰᠣᠷᠭᠠᠭᠤᠯᠢ ᠳᠤ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠠᠬᠢᠴᠠ ᠶᠢᠨ ᠴᠠᠭ ᠤᠨ ᠬᠤᠪᠢᠶᠠᠷᠢᠯᠠᠯ ᠢ ᠦᠨᠳᠦᠰᠦᠯᠡᠵᠦ᠂ ᠡᠯ᠎ᠠ ᠱᠠᠲᠤᠨ ᠤ ᠤᠷᠤᠨ ᠲᠤᠭ᠎ᠠ ᠶᠢᠨ ᠪᠠᠶᠢᠭᠤᠯᠣᠮᠵᠢ ᠨᠢ ᠪᠠᠭᠰᠢ ᠶᠢᠨ ᠣᠷᠣᠨ ᠲᠤᠭ᠎ᠠ ᠶᠢ ᠵᠣᠬᠢᠰᠲᠠᠢ ᠲᠣᠬᠢᠷᠠᠭᠤᠯᠤᠨ᠎ᠠ᠃ ᠬᠦᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠤᠳ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠲᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠲᠦᠷᠦᠯ ᠤᠨ ︽ᠬᠤᠤᠰ ᠬᠡᠯᠡᠨ︾ ᠤ ᠪᠠᠭᠰᠢ ᠤᠷᠢᠵᠤ ᠨᠦᠭᠦᠪᠦᠷᠢᠯᠡᠬᠦ ᠠᠵᠢᠯ ᠢ ᠵᠤᠬᠢᠰᠲᠠᠢ ᠲᠤᠬᠢᠷᠠᠭᠤᠯᠵᠤ᠂ ᠬᠡᠯᠡ ᠪᠢᠴᠢᠭ ᠤᠨ ᠪᠠᠭᠰᠢ ᠨᠠᠷ ᠤᠨ ᠤᠷᠤᠨ ᠲᠤᠭ᠎ᠠ ᠶᠢ ᠬᠦᠢᠴᠡᠳ ᠬᠠᠩᠭᠠᠨ ᠲᠤᠬᠢᠷᠠᠭᠤᠯᠬᠤ ᠬᠡᠷᠡᠭᠳᠡᠢ᠃    9. ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠲᠠᠯ᠎ᠠ ᠪᠠᠷ ᠬᠢ ᠰᠤᠷᠭᠠᠨ ᠬᠦᠮᠦᠵᠢᠯ ᠢ ᠲᠠᠮᠵᠢᠨ ᠲᠤᠰᠠᠯᠠᠬᠤ ᠪᠠᠭᠰᠢ ᠶᠢᠨ ᠬᠤᠯᠪᠤᠭᠳᠠᠯ ᠪᠦᠬᠦᠢ ᠬᠠᠷᠠᠭᠠᠯᠵᠠᠯ ᠢ ᠶᠠᠭᠠᠬᠢᠵᠤ ᠪᠠᠳᠤᠯᠠᠬᠤ ᠪᠤᠢ︖    ᠡᠯᠰᠡᠵᠤ ᠢᠷᠡᠭᠰᠡᠨ ᠰᠤᠷᠭᠠᠨ ᠬᠦᠮᠦᠵᠢᠯ ᠢ ᠲᠡᠮᠵᠢᠨ ᠲᠤᠰᠠᠯᠠᠬᠤ ᠪᠠᠭᠰᠢ ᠶᠢᠨ ᠠᠵᠢᠯ ᠤᠨ ᠵᠠᠷᠤᠳᠠᠯ ᠪᠤᠯᠤᠨ ᠠᠮᠢᠳᠤᠷᠠᠯ ᠤᠨ ᠬᠠᠷᠠᠭᠠᠯᠵᠠᠯ ᠢ ᠤᠯᠤᠰ ᠤᠨ ︽ᠪᠣᠭᠤᠷᠣᠯᠴᠣᠳ ᠤᠨ ᠬᠢᠴᠢᠶᠡᠯ ᠬᠦᠮᠦᠵᠢᠯ ᠤᠨ ᠲᠠᠪᠴᠠᠩ ᠤᠨ ᠲᠦᠯᠦᠪᠯᠡᠭᠡ︾ ᠶᠢᠨ ᠲᠤᠭᠲᠠᠭᠠᠭᠰᠠᠨ ᠪᠠᠷᠢᠮᠵᠢᠶ᠎ᠠ ᠠᠴᠠ ᠦᠨᠳᠦᠷ ᠪᠠᠶᠢᠯᠭᠠᠵᠤ᠂ ᠲᠤᠰᠠᠯᠠᠮᠵᠢ ᠬᠦᠯᠢᠶᠡᠭᠰᠡᠨ ᠰᠤᠷᠭᠠᠭᠤᠯᠢ ᠨᠤᠭᠤᠳ ᠤᠷᠤᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠭᠰᠢ ᠨᠠᠷ ᠲᠤ ᠲᠦᠷ ᠴᠠᠭ ᠰᠠᠭᠤᠬᠤ ᠪᠠᠶᠢᠷᠢ ᠲᠤᠬᠢᠷᠠᠭᠤᠯᠵᠤ᠂ ᠠᠮᠢᠳᠤᠷᠠᠯ ᠤᠨ ᠬᠡᠷᠡᠭᠯᠡᠵᠦ ᠵᠠᠷᠤᠬᠤ ᠲᠦᠭᠦᠭᠡᠷᠦᠮᠵᠢ ᠶᠢ ᠨᠢ ᠲᠤᠬᠢᠷᠠᠭᠤᠯᠵᠤ ᠦᠭᠭᠦᠨ᠎ᠡ᠃   10. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠡᠨᠡ ᠬᠤᠭᠤᠴᠠᠭᠠᠨ ᠤ ᠰᠤᠷᠤᠭᠴᠢᠳ ᠲᠡᠭᠦᠰᠭᠦ ᠪᠠ ᠰᠤᠷᠭᠠᠭᠤᠯᠢ ᠳᠤ ᠲᠡᠪᠰᠢᠬᠦ ᠲᠦᠷᠦ ᠶᠢᠨ ᠪᠤᠳᠤᠯᠭ᠎ᠠ ᠨᠢ ᠨᠦᠯᠦᠭᠡᠯᠡᠭᠳᠡᠨ᠎ᠡ ᠤᠤ︖    ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠲᠡᠪᠰᠢᠬᠦ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠠᠪᠰᠢᠬᠦ᠂ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠠᠴᠠ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠳᠤ ᠲᠡᠪᠰᠢᠬᠦ᠂ ᠲᠤᠮᠲᠠᠳᠤ ᠰᠤᠷᠭᠠᠭᠤᠯᠢ ᠪᠤᠯᠤᠨ ᠶᠡᠭᠡ ᠰᠤᠷᠭᠠᠭᠤᠯᠢ ᠶᠢᠨ ᠰᠢᠯᠭᠠᠯᠲᠠ ᠶᠢᠨ ᠲᠦᠷᠦ ᠶᠢᠨ ᠪᠤᠳᠤᠯᠭ᠎ᠠ ᠲᠤᠭᠲᠠᠭᠤᠨ ᠪᠠᠶᠢᠬᠤ ᠶᠢ ᠦᠨᠡᠨ ᠬᠦ ᠪᠠᠳᠤᠯᠠᠵᠤ᠂ ᠰᠤᠷᠤᠭᠴᠢᠳ ᠤᠨ ᠲᠤᠰ ᠪᠡᠶ᠎ᠡ ᠶᠢᠨ ᠠᠰᠢᠭ ᠲᠤᠰᠠ ᠶᠢ ᠪᠠᠳᠤᠯᠠᠨ᠎ᠠ᠃ ᠤᠯᠤᠰ ᠤᠨ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠤᠯᠵᠤ᠂ ᠮᠠᠯᠵᠢᠬᠤ ᠲᠠᠷᠢᠶᠠᠯᠠᠬᠤ ᠤᠷᠤᠨ ᠪᠤᠯᠤᠨ ᠶᠠᠳᠠᠭᠤ ᠬᠦᠴᠢᠷᠳᠡᠯ ᠲᠠᠢ ᠤᠷᠤᠨ ᠠᠴᠠ ᠰᠤᠷᠤᠭᠴᠢ ᠡᠯᠰᠡᠭᠦ ᠲᠤᠰᠬᠠᠢ ᠲᠦᠯᠦᠪᠯᠡᠭᠡ ᠶᠢ ᠦᠷᠭᠦᠯᠵᠢᠯᠡᠨ ᠬᠡᠷᠡᠭᠵᠢᠭᠦᠯᠵᠤ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠰᠤᠷᠤᠭᠴᠢᠳ ᠲᠤ ᠬᠡᠯᠪᠠᠶᠢᠯᠭᠡᠨ᠎ᠡ᠃   11. ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠶᠠᠭᠠᠬᠢᠵᠤ ᠪᠠᠳᠤᠯᠠᠬᠤ ᠪᠤᠢ︖    ᠪᠠᠭᠰᠢ ᠨᠠᠷ ᠤᠨ ᠵᠢᠭᠠᠨ ᠰᠤᠷᠭᠠᠯᠲᠠ ᠪᠤᠯᠤᠨ ᠰᠤᠷᠤᠭᠴᠢᠳ ᠤᠨ ᠰᠤᠷᠤᠯᠭ᠎ᠠ ᠲᠠᠢ ᠤᠶᠠᠯᠳᠤᠭᠤᠯᠵᠤ᠂ ᠭᠤᠤᠯᠳᠠᠭᠤ ᠲᠤᠤᠷᠠᠬᠢ ᠲᠦᠷᠪᠡᠨ ᠲᠠᠯ᠎ᠠ ᠶᠢᠨ ᠠᠵᠢᠯ ᠢ ᠰᠠᠶᠢᠳᠦᠷ ᠬᠢᠨ᠎ᠡ᠄    ᠨᠢᠭᠡ ᠳᠤ᠂ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠡᠯ᠎ᠡ ᠠᠶᠢᠮᠠᠭ ᠬᠤᠳᠠ ᠲᠡᠷᠢᠭᠦᠯᠡᠨ ᠬᠢᠴᠢᠶᠡᠯ ᠤᠨ ᠪᠠᠷᠢᠮᠵᠢᠶ᠎ᠠ ᠪᠤᠯᠤᠨ ᠵᠢᠭᠠᠬᠤ ᠮᠠᠲ᠋ᠧᠷᠢᠶᠡᠯ ᠤᠨ ᠪᠤᠯᠪᠠᠰᠤᠷᠠᠯ ᠤᠨ ᠠᠵᠢᠯ ᠢ ᠵᠤᠬᠢᠶᠠᠨ ᠪᠠᠶᠢᠭᠤᠯᠵᠤ᠂ ᠪᠠᠭᠰᠢ ᠨᠠᠷ ᠤᠨ ᠬᠢᠴᠢᠶᠡᠯ ᠤᠨ ᠪᠠᠷᠢᠮᠵᠢᠶ᠎ᠠ ᠶᠢ ᠬᠦᠨᠵᠡᠭᠡᠢ ᠰᠤᠳᠤᠯᠬᠤ ᠶᠢ ᠨᠢ ᠠᠬᠢᠭᠤᠯᠵᠤ᠂ ᠵᠢᠭᠠᠬᠤ ᠮᠠᠲ᠋ᠧᠷᠢᠶᠠᠯ ᠨᠠᠶᠢᠷᠠᠭᠤᠯᠤᠭᠰᠠᠨ ᠤᠶᠢᠯᠠᠭᠠᠭᠳᠠᠬᠤᠨ᠂ ᠨᠠᠶᠢᠷᠠᠭᠤᠯᠵᠤ ᠪᠢᠴᠢᠭᠰᠡᠨ ᠰᠲ᠋ᠢᠯᠢ᠂ ᠪᠤᠳᠠᠳᠤ ᠠᠭᠤᠯᠭ᠎ᠠ ᠪᠠ ᠱᠠᠭᠠᠷᠳᠠᠯᠭ᠎ᠠ ᠶᠢ ᠨᠡᠪᠲᠡᠷᠭᠡᠢ ᠡᠵᠡᠮᠰᠢᠭᠦᠯᠦᠨ᠎ᠡ᠃ ᠡᠬᠦᠨ ᠤ ᠬᠠᠮᠳᠤ ᠰᠦᠯᠵᠢᠶᠡᠨ ᠠᠴᠠ ᠭᠠᠳᠠᠭᠤᠷ ᠲᠦᠪᠯᠡᠷᠡᠭᠦᠯᠵᠦ ᠪᠤᠯᠪᠠᠰᠤᠷᠠᠭᠤᠯᠬᠤ᠂ ᠰᠦᠯᠵᠢᠶ᠎ᠡ ᠪᠠᠷ ᠪᠤᠯᠪᠠᠰᠤᠷᠠᠭᠤᠯᠬᠤ᠂ ᠰᠤᠷᠭᠠᠭᠤᠯᠢ ᠶᠢᠨ ᠲᠤᠳᠤᠷ᠎ᠠ ᠰᠤᠳᠤᠯᠵᠤ ᠪᠤᠯᠪᠠᠰᠤᠷᠠᠭᠤᠯᠬᠤ᠂ ᠬᠦᠳᠡᠭᠡ ᠲᠤᠰᠬᠤᠨ ᠳᠤ ᠤᠴᠢᠵᠤ ᠵᠢᠭᠠᠵᠤ ᠪᠤᠯᠪᠠᠰᠤᠷᠠᠭᠤᠯᠬᠤ ᠵᠢᠴᠢ ︽ᠨᠢᠭᠡ ᠳᠤ ᠨᠢᠭᠡ ᠶᠢ ᠲᠤᠬᠢᠷᠠᠭᠤᠯᠤᠨ︾ ᠠᠵᠢᠯ ᠤᠨ ᠪᠠᠶᠢᠷᠢ ᠳᠤᠨᠢ ᠲᠠᠭᠠᠭᠤᠯᠣᠨ ᠪᠣᠯᠪᠠᠰᠣᠷᠠᠭᠤᠯᠬᠤ ᠵᠡᠷᠭᠡ ᠤᠯᠠᠨ ᠭᠡᠯᠪᠡᠷᠢ ᠪᠠᠷ ᠪᠠᠭᠰᠢ ᠶᠢᠨ ᠲᠤᠰᠬᠠᠢ ᠪᠤᠯᠪᠠᠰᠤᠷᠠᠯ ᠢ ᠦᠷᠨᠢᠭᠦᠯᠦᠨ᠎ᠡ᠃ ᠲᠤᠰᠬᠠᠢ ᠪᠤᠯᠪᠠᠰᠤᠷᠠᠯ ᠲᠠᠭᠤᠰᠤᠭᠰᠠᠨ ᠤ ᠲᠠᠷᠠᠭ᠎ᠠ᠂ ᠪᠠᠭᠰᠢ ᠨᠠᠷ ᠤᠨ ᠵᠢᠭᠠᠨ ᠰᠤᠷᠭᠠᠯᠲᠠ ᠶᠢᠨ ᠴᠢᠳᠠᠪᠤᠷᠢ ᠪᠤᠯᠤᠨ ᠪᠤᠯᠪᠠᠰᠤᠷᠠᠬᠤ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠰᠢᠨᠵᠢᠯᠡᠨ ᠲᠤᠭᠲᠠᠭᠠᠵᠤ᠂ ᠲᠠᠷᠠᠭᠠᠴᠢ ᠶᠢᠨ ᠠᠯᠬᠤᠮ ᠤᠨ ᠪᠤᠯᠪᠠᠰᠤᠷᠠᠯ ᠢ ᠦᠪᠡᠷᠳᠡᠭᠡᠨ ᠵᠠᠰᠠᠬᠤ ᠤᠷᠤᠨ ᠤ ᠲᠤᠮᠲᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠪᠤᠯᠪᠠᠰᠤᠷᠠᠯ ᠤᠨ ᠪᠦᠬᠦᠯᠢ ᠴᠤᠭᠴᠠᠳᠤ ᠲᠦᠯᠦᠪᠵᠢᠭᠦᠯᠭᠡ ᠳᠤ ᠨᠢᠭᠡᠳᠦᠯᠳᠡᠢ ᠲᠦᠯᠦᠪᠯᠡᠨ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ᠬᠤᠶᠠᠷ ᠲᠤ᠂ ︽ᠵᠡᠷᠭᠡᠴᠡᠭᠡ ᠬᠢᠴᠢᠶᠡᠯᠯᠡᠭᠡ︾ ᠶᠢ ᠪᠠᠶᠢᠭᠤᠯᠵᠤ ᠬᠡᠷᠡᠭᠵᠢᠭᠦᠯᠦᠨ᠎ᠡ᠃ ᠨᠡᠷᠡᠲᠦ ᠪᠠᠭᠰᠢ᠂ ᠰᠢᠯᠢᠳᠡᠭ ᠪᠠᠭᠰᠢ᠂ ᠭᠤᠤᠯᠯᠠᠭᠴᠢ ᠪᠠᠭᠰᠢ ᠶᠢ ᠵᠤᠬᠢᠶᠠᠨ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠡᠭᠦᠯᠡᠨ ᠲᠠᠪᠴᠠᠩ ᠢ ᠠᠰᠢᠭᠯᠠᠵᠤ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠤᠯᠤᠨ ᠦᠪᠦᠷ ᠮᠤᠩᠭᠤᠯ ᠤᠨ ᠤᠳᠠᠰᠣᠳᠣ ᠲᠧᠯᠸᠢᠰ ᠢᠶᠠᠷ ︽ᠵᠡᠷᠭᠡᠴᠡᠭᠡ ᠬᠢᠴᠢᠶᠡᠯᠯᠡᠭᠡ︾ ᠶᠢ ᠨᠡᠪᠳᠡᠷᠡᠭᠦᠯᠵᠤ᠂ ︽ᠰᠠᠭᠤᠷᠢ ᠠᠴᠠ ᠨᠢ ᠳᠠᠭᠠᠭᠠᠨ ᠪᠠᠲᠤᠯᠠᠬᠤ︾ ᠴᠢᠨᠠᠷᠲᠠᠢ ᠵᠢᠭᠠᠨ ᠰᠤᠷᠭᠠᠯᠲᠠ ᠶᠢᠨ ᠡᠬᠢ ᠪᠠᠶᠠᠯᠢᠭ ᠪᠤᠯᠭᠠᠵᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠦᠪᠡᠰᠦᠪᠡᠨ ᠰᠤᠷᠬᠤ ᠪᠠ ᠪᠠᠭᠰᠢ ᠨᠠᠷ ᠤᠨ ᠪᠤᠯᠪᠠᠰᠤᠷᠠᠯ ᠳᠤ ᠬᠡᠷᠡᠭᠯᠡᠨ᠂ ᠭᠠᠵᠠᠷ ᠤᠷᠤᠨ᠂ ᠰᠤᠷᠭᠠᠭᠤᠯᠢ᠂ ᠰᠤᠷᠤᠯᠭ᠎ᠠ ᠶᠢᠨ ᠭᠡᠰᠡᠭᠯᠡᠯ ᠤᠨ ᠪᠦᠬᠦ ᠲᠠᠯ᠎ᠠ ᠶᠢ ᠬᠠᠮᠣᠷᠬᠤ ᠪᠠᠷ ᠴᠢᠷᠮᠠᠶᠢᠨ᠎ᠠ᠃    ᠭᠤᠷᠪᠠ ᠳᠤ᠂ ᠵᠢᠭᠠᠬᠤ ᠶᠢ ᠰᠤᠳᠤᠯᠬᠤ ᠵᠢᠯᠤᠭᠤᠳᠤᠮᠵᠢ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠲᠦᠪᠰᠢᠨ ᠳᠤ᠂ ᠲᠤᠰᠬᠠᠢ ᠮᠡᠷᠭᠡᠵᠢᠯᠳᠡᠨ ᠤ ᠡᠩᠨᠡᠭᠡ ᠶᠢ ᠵᠤᠬᠢᠶᠠᠨ ᠪᠠᠶᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠳᠤ ᠵᠠᠳᠠᠯᠤᠨ ᠰᠢᠨᠵᠢᠯᠡᠭᠦ ᠠᠵᠢᠯ ᠢ ᠰᠠᠶᠢᠲᠤᠷ ᠬᠢᠵᠤ᠂ ᠵᠢᠭᠠᠬᠤ ᠮᠠᠲ᠋ᠧᠷᠢᠶᠠᠯ ᠨᠠᠶᠢᠷᠠᠭᠤᠯᠣᠨ ᠪᠢᠴᠢᠭᠰᠡᠨ ᠰᠢᠰᠲ᠋ᠧᠮ ᠪᠤᠯᠤᠨ ᠪᠦᠳᠦᠴᠡ ᠶᠢᠨ ᠠᠭᠤᠯᠭ᠎ᠠ ᠶᠢ ᠦᠨᠳᠦᠰᠦᠯᠡᠨ᠂ ᠨᠢᠭᠡᠴᠢ ᠬᠤᠪᠢᠶᠠᠵᠤ ᠵᠢᠭᠠᠨ ᠰᠤᠷᠭᠠᠯᠲᠠ ᠶᠢᠨ ᠵᠢᠯᠤᠭᠤᠳᠬᠤ ᠰᠠᠨᠠᠯ ᠢ ᠲᠤᠭᠲᠠᠭᠠᠨ᠎ᠠ᠃ ᠡᠬᠦᠨ ᠤ ᠬᠠᠮᠳᠤ᠂ ᠡᠯ᠎ᠡ ᠭᠠᠵᠠᠷ ᠤᠨ ᠵᠢᠭᠠᠬᠤ ᠶᠢ ᠰᠤᠳᠤᠯᠬᠤ ᠰᠠᠯᠠᠭ᠎ᠠ ᠮᠦᠴᠢᠷ ᠢ ᠵᠢᠭᠠᠨ ᠵᠢᠯᠤᠭᠤᠳᠴᠤ ᠪᠠᠶᠢᠭᠠᠳ ᠰᠣᠷᠣᠯᠴᠠᠯᠭ᠎ᠠ ᠶᠢᠨ ᠪᠠᠶᠢᠳᠠᠯ ᠳᠤ ᠵᠠᠳᠠᠯᠤᠨ ᠰᠢᠨᠵᠢᠯᠡᠯᠲᠡ ᠶᠢ ᠬᠢᠨᠠᠮᠠᠭᠠᠢ ᠦᠷᠨᠢᠭᠦᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠴᠠᠭ ᠲᠣᠬᠠᠢ ᠳᠤᠨᠢ ᠦᠨᠡᠯᠡᠮᠵᠢ ᠬᠢᠵᠦ᠂ ᠵᠢᠭᠠᠨ ᠰᠤᠷᠭᠠᠯᠲᠠ ᠶᠢᠨ ᠠᠬᠢᠴᠠ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠵᠢᠭᠠᠨ ᠰᠤᠷᠭᠠᠬᠤ ᠴᠢᠨᠠᠷ ᠴᠢᠨᠰᠠᠭ᠎ᠠ ᠶᠢ ᠦᠨᠡᠨ ᠬᠦ ᠪᠠᠳᠤᠯᠠᠨ᠎ᠠ᠃    ᠲᠦᠷᠪᠡ ᠳᠤ᠂ ᠦᠨᠡᠯᠡᠯᠲᠡ ᠬᠢᠬᠦ ᠪᠠᠷᠢᠮᠵᠢᠶ᠎ᠠ ᠶᠢ ᠲᠤᠬᠢᠷᠠᠭᠤᠯᠤᠨ᠎ᠠ᠃ ᠰᠤᠷᠤᠭᠴᠢᠳ ᠤᠨ ᠮᠡᠳᠡᠯᠭᠡ ᠶᠢᠨ ᠲᠦᠪᠰᠢᠨ ᠪᠠ ᠬᠢᠴᠢᠶᠡᠯ ᠤᠨ ᠴᠠᠭ ᠤᠨ ᠪᠦᠳᠦᠴᠡ ᠶᠢ ᠦᠨᠳᠦᠰᠦᠯᠡᠵᠤ᠂ ᠵᠢᠭᠠᠨ ᠰᠤᠷᠭᠠᠬᠤ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠬᠢᠴᠢᠶᠡᠯ ᠤᠨ ᠬᠡᠯᠪᠡᠷᠢ ᠶᠢ ᠠᠮᠢᠳᠤᠯᠢᠭ ᠢᠶᠠᠷ ᠪᠠᠶᠢᠷᠢᠰᠢᠭᠤᠯᠤᠨ᠂ ᠰᠢᠯᠭᠠᠯᠲᠠ ᠪᠠᠷ ᠦᠨᠡᠯᠡᠯᠲᠡ ᠬᠢᠬᠦ ᠪᠠᠷᠢᠮᠵᠢᠶ᠎ᠠ ᠳᠤ ᠵᠤᠬᠢᠬᠤ ᠲᠤᠬᠢᠷᠠᠭᠤᠯᠤᠯᠲᠠ ᠬᠢᠨ᠎ᠡ᠃    12. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠶᠠᠭᠠᠬᠢᠵᠤ ᠦᠷ᠎ᠡ ᠪᠦᠳᠦᠮᠵᠢ ᠲᠠᠢ ᠬᠠᠩᠭᠠᠬᠤ ᠪᠤᠢ︖    ᠦᠪᠡᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠭ᠂ ᠮᠡᠳᠡᠭᠡ ᠵᠠᠩᠬᠢ ᠶᠢᠨ ᠲᠦᠪ ᠠᠴᠠ ︽ᠬᠡᠯᠡ ᠪᠢᠴᠢᠭ︾ ᠤᠨ ᠵᠡᠷᠭᠡᠴᠡᠭᠡ ᠬᠢᠴᠢᠶᠡᠯᠯᠡᠭᠡ ᠶᠢᠨ ᠰᠢᠩᠭᠡᠭᠡᠨ ᠦᠢᠯᠡᠳᠭᠦ ᠠᠵᠢᠯ ᠢ ᠦᠷᠨᠢᠭᠦᠯᠵᠤ᠂ ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠨ ᠬᠦᠮᠦᠵᠢᠯ ᠤᠨ ᠡᠭᠦᠯᠡᠨ ᠲᠡᠪᠴᠠᠩ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠤᠯᠤᠨ ᠦᠪᠦᠷ ᠮᠤᠩᠭᠤᠯ ᠤᠨ ᠤᠳᠠᠰᠤᠳᠤ ᠲᠧᠯᠸᠢᠰ ᠢᠶᠠᠷ ︽ᠵᠡᠷᠭᠡᠴᠡᠭᠡ ᠬᠢᠴᠢᠶᠡᠯᠯᠡᠭᠡ︾ ᠶᠢᠨ ᠨᠡᠪᠳᠡᠷᠡᠭᠦᠯᠭᠡ ᠬᠢᠵᠤ᠂ ᠭᠠᠵᠠᠷ ᠤᠷᠤᠨ᠂ ᠰᠤᠷᠭᠠᠭᠤᠯᠢ᠂ ᠰᠤᠷᠤᠯᠭ᠎ᠠ ᠶᠢᠨ ᠬᠡᠰᠡᠭᠯᠡᠯ ᠢ ᠪᠦᠷᠢᠨ ᠬᠠᠮᠤᠷᠬᠤ ᠶᠢ ᠪᠠᠳᠤᠯᠠᠬᠤ ᠪᠤᠯᠤᠨ᠎ᠠ᠃   13. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠪᠠᠭᠰᠢ ᠶᠢᠨ ᠪᠤᠯᠪᠠᠰᠤᠷᠠᠯ ᠵᠢᠴᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠵᠠᠷᠤᠳᠠᠯ ᠢ ᠶᠠᠭᠠᠬᠢᠵᠤ ᠪᠠᠳᠤᠯᠠᠬᠤ ᠪᠤᠢ︖    ᠡᠯ᠎ᠡ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠤᠰᠬᠠᠢ ᠵᠠᠷᠤᠳᠠᠯ ᠮᠦᠩᠬᠦ ᠲᠤᠬᠢᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠬᠤᠯᠪᠤᠭᠳᠠᠭᠰᠠᠨ ᠪᠠᠭᠰᠢ ᠶᠢᠨ ᠪᠤᠯᠪᠠᠰᠤᠷᠠᠯ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠳᠤ ᠬᠡᠷᠡᠭᠰᠡᠭᠦ ᠲᠤᠰᠬᠠᠢ ᠵᠠᠷᠤᠳᠠᠯ ᠭᠠᠷᠭᠠᠵᠤ᠂ ᠪᠠᠳᠤᠯᠠᠬᠤ ᠵᠤᠬᠢᠰᠲᠠᠢ ᠶᠢ ᠡᠷᠭᠡᠪᠰᠢ ᠪᠠᠳᠤᠯᠠᠬᠤ ᠬᠡᠷᠡᠭᠳᠡᠢ᠃ ᠡᠨᠡ ᠵᠢᠯ ᠦᠪᠡᠷᠳᠡᠭᠡᠨ ᠵᠠᠰᠠᠬᠤ ᠤᠷᠤᠨ ᠠᠴᠠ ᠲᠤᠷᠤᠭᠰᠢ ᠪᠠᠭᠤᠯᠭᠠᠭᠰᠠᠨ ᠲᠦᠪ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠲᠤᠰᠬᠠᠢ ᠵᠠᠷᠤᠳᠠᠯ ᠮᠦᠩᠬᠦ ᠶᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠤᠷᠢᠳ ᠢᠶᠠᠷ ᠬᠡᠷᠡᠭᠯᠡᠬᠦ ᠶᠢ ᠪᠠᠳᠤᠯᠠᠬᠤ ᠬᠡᠷᠡᠭᠳᠡᠢ᠃     ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号