ᠭᠡᠭᠡᠨ ᠭᠤᠤᠯ ᠬᠤᠲᠡ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠵᠢᠴᠢ ᠲᠦᠷᠤᠯ ᠵᠤᠶᠢᠯ ᠢ ᠠᠳᠬᠤᠵᠤ ᠪᠡᠯᠡ ᠤᠷᠤᠭᠤᠯᠤᠯᠲᠠ ᠶᠢ ᠲᠤᠭᠳᠠᠪᠤᠷᠢᠵᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/14
 10 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠭᠡᠭᠡᠨ ᠭᠤᠤᠯ ᠬᠤᠲᠡ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠵᠢᠴᠢ ᠲᠦᠷᠤᠯ ᠵᠤᠶᠢᠯ ᠢ ᠠᠳᠬᠤᠵᠤ ᠪᠡᠯᠡ ᠤᠷᠤᠭᠤᠯᠤᠯᠲᠠ ᠶᠢ ᠲᠤᠭᠳᠠᠪᠤᠷᠢᠵᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃ ᠭᠡᠭᠡᠨ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠱᠦᠵᠢ ᠰᠦᠨ ᠰᠢᠶᠣᠤ ᠯᠢᠶᠠᠩ᠂ ᠭᠡᠭᠡᠨ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠴᠧᠩ ᠱᠢ᠂ ᠭᠡᠭᠡᠨ ᠭᠤᠣᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧ ᠴᠢ ᠮᠢᠩ᠂ ᠭᠡᠭᠡᠨ ᠭᠤᠣᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠲᠦᠩ ᠸᠧᠨ᠂ ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠳᠡᠳ᠋ ᠱᠦᠵᠢ ᠭᠤᠤ ᠱᠠᠨ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠰᠢᠭᠦᠬᠦ ᠬᠤᠷᠢᠶ᠎ᠡ ᠪᠠᠶᠢᠴᠠᠭᠠᠬᠤ ᠬᠤᠷᠢᠶ᠎ᠡ ᠶᠢᠨ ᠬᠠᠷᠢᠭᠤᠴᠠᠯᠭᠠᠳᠠᠳ᠂ ᠡᠯ᠎ᠡ ᠰᠢᠶᠠᠩ ᠪᠠᠯᠭᠠᠰᠤ ᠬᠡᠷᠡᠭ ᠡᠷᠬᠢᠯᠡᠬᠦ ᠭᠠᠵᠠᠷ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃    
  ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠬᠤᠲᠡ ᠶᠢᠨ ᠳᠠᠷᠤᠭ᠎ᠠ ᠭᠧᠩ ᠬᠤᠤ ᠭᠡᠭᠡᠨ ᠭᠤᠤᠯ ᠬᠤᠲᠠ ᠶᠢᠨ 2020 ᠤᠨ ᠤ 1 — 9 ᠳ᠋ᠦᠭᠡᠷ ᠰᠠᠷ᠎ᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠴᠢ ᠭᠤᠤᠯᠳᠠᠯᠭ᠎ᠠ ᠲᠠᠢ ᠲᠥᠷᠥᠯ ᠵᠤᠶᠢᠯ ᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠨ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠯᠭᠤᠶᠠ ᠵᠢᠭᠤᠯᠴᠢᠯᠠᠯ ᠤᠨ ᠺᠣᠮᠫᠠᠨᠢ ᠵᠡᠷᠭᠡ ᠳᠥᠷᠪᠡᠨ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠥᠷᠥᠯ ᠵᠤᠶᠢᠯ ᠢ ᠲᠥᠰᠦᠪᠯᠡᠨ ᠪᠠᠶᠢᠭᠤᠯᠵᠤ ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠪᠡ᠃
  ᠰᠦᠨ ᠰᠢᠶᠣᠤ ᠯᠢᠶᠠᠩ ᠵᠢᠭᠠᠵᠤ ᠭᠠᠷᠭᠠᠭᠰᠠᠨ ᠨᠢ᠂ ᠵᠢᠯ ᠤᠨ ᠡᠬᠢᠨ ᠠᠴᠠ ᠨᠠᠰᠢ᠂ ᠪᠦᠬᠦ ᠬᠤᠲᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠭᠡᠭᠡᠨ ᠭᠤᠤᠯ ᠬᠤᠲᠠ ᠶᠢᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠮᠠᠰᠢ ᠶᠡᠭᠡ ᠠᠮᠵᠢᠯᠲᠠ ᠣᠯᠵᠤ᠂ ᠡᠯ᠎ᠡ ᠱᠠᠲᠤᠨ ᠤ ᠺᠠᠳ᠋ᠷᠴᠤᠳ ᠲᠥᠷᠥᠯ ᠵᠤᠶᠢᠯ ᠢ ᠲᠥᠰᠦᠪᠯᠡᠨ ᠠᠬᠢᠭᠤᠯᠬᠤ ᠶᠠᠪᠤᠴᠠ ᠳᠤ᠂ ᠲᠥᠷᠥᠯ ᠵᠤᠶᠢᠯ ᠤᠨ ᠤᠬᠠᠮᠰᠠᠷ᠂  ᠴᠢᠷᠮᠠᠶᠢᠨ ᠲᠡᠮᠡᠴᠡᠬᠦ ᠴᠢᠳᠠᠪᠤᠷᠢ᠂ ᠬᠠᠮᠵᠢᠯᠴᠠᠬᠤ ᠴᠢᠳᠠᠪᠤᠷᠢ ᠵᠢᠴᠢ ᠺᠠᠳ᠋ᠷ ᠣᠯᠠᠨ ᠲᠦᠮᠡᠨ ᠤ ᠲᠤᠯᠭᠠᠮ᠎ᠠ ᠰᠡᠳᠬᠢᠯᠭᠡ᠂ ᠮᠡᠳᠡᠷᠡᠬᠦ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠢᠯᠡᠳᠲᠡ ᠴᠢᠩᠭᠠᠷᠠᠪᠠ᠃ ᠨᠢᠳᠤᠨᠤᠨ ᠤ ᠬᠢ ᠲᠠᠢ ᠬᠠᠷᠢᠴᠠᠭᠤᠯᠪᠠᠯ᠂ ᠭᠡᠭᠡᠨ ᠭᠤᠣᠯ ᠬᠤᠲᠠ ᠶᠢᠨ ᠲᠥᠷᠥᠯ ᠵᠦᠢᠯ ᠤᠨ ᠬᠥᠮᠥᠷᠭᠡ ᠲᠡᠭᠦᠯᠳᠡᠷᠵᠢᠵᠦ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠤᠶᠢᠯ ᠨᠡᠯᠢᠶᠡᠳ ᠠᠷᠪᠢᠨ ᠨᠡᠮᠡᠭᠳᠡᠵᠦ᠂ ᠠᠵᠢᠯ ᠡᠬᠢᠯᠡᠭᠦᠯᠬᠦ ᠨᠦᠬᠦᠴᠡᠯ ᠢ ᠪᠦᠷᠢᠯᠳᠦᠭᠦᠯᠦᠭᠰᠡᠨ ᠲᠥᠷᠥᠯ ᠵᠤᠶᠢᠯ ᠨᠡᠮᠡᠭᠳᠡᠵᠦ᠂ ᠪᠠᠶᠠᠷᠯᠠᠭᠤᠰᠢᠲᠠᠶ ᠠᠮᠵᠢᠯᠲᠠ ᠣᠯᠵᠤ᠂ ᠨᠤᠲᠠᠯᠠᠭᠤᠰᠢᠲᠠᠶ ᠪᠠᠶᠢᠨ᠎ᠠ᠃ ᠭᠡᠪᠡᠴᠦ ᠠᠮᠵᠢᠯᠲᠠ ᠪᠦᠳᠤᠮᠵᠢ ᠪᠠᠨ ᠣᠯᠵᠤ ᠬᠠᠷᠠᠬᠤ ᠶᠢᠨ ᠬᠠᠮᠲᠤ ᠭᠡᠭᠡᠨ ᠭᠤᠤᠯ ᠬᠤᠲᠠ ᠶᠢᠨ ᠲᠥᠷᠥᠯ ᠵᠤᠶᠢᠯ ᠤᠨ ᠪᠦᠲᠦᠭᠡᠨ ᠪᠠᠶᠢᠭᠤᠯᠬᠤ ᠪᠠ ᠠᠬᠢᠭᠤᠯᠬᠤ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠰᠤᠳᠤᠯᠭᠠᠨ ᠬᠦᠷᠦᠯᠴᠡᠬᠦ ᠦᠭᠡᠶ᠂ ᠲᠥᠷᠥᠯ ᠵᠤᠶᠢᠯ ᠤᠨ ᠲᠥᠰᠦᠪᠯᠡᠯᠲᠡ ᠬᠦᠷᠦᠯᠴᠡᠬᠦ ᠦᠭᠡᠶ᠂ ᠲᠥᠷᠥᠯ ᠵᠤᠶᠢᠯ ᠢ ᠠᠬᠢᠭᠤᠯᠬᠤ ᠴᠢᠳᠠᠪᠤᠷᠢ ᠬᠦᠷᠦᠯᠴᠡᠬᠦ ᠦᠭᠡᠶ ᠵᠢᠴᠢ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠬᠦᠷᠦᠯᠴᠡᠬᠦ ᠦᠭᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠬᠦᠢᠴᠡᠳ ᠲᠠᠨᠢᠵᠤ᠂ ᠡᠷᠬᠡᠪᠰᠢ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠨᠠᠷᠢᠨ ᠬᠢᠨᠠᠮᠠᠭᠠᠶ ᠰᠢᠢᠳᠪᠤᠷᠢᠯᠡᠬᠦ ᠬᠡᠷᠡᠭᠲᠡᠶ ᠬᠡᠪᠡ᠃
  ᠣᠳᠣᠬᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠦᠪᠯᠡᠬᠦ ᠠᠵᠢᠯ ᠢ ᠰᠠᠶᠢᠲᠤᠷ ᠬᠢᠬᠦ ᠲᠤᠬᠠᠶ ᠰᠦᠨ ᠰᠢᠶᠣᠤ ᠯᠢᠶᠠᠩ ᠱᠠᠭᠠᠷᠳᠠᠭᠰᠠᠨ ᠨᠢ᠂ ᠣᠳᠣᠬᠠᠨ ᠤ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠬᠦᠨᠳᠦ ᠬᠡᠴᠡᠭᠦᠤ ᠪᠠᠶᠢᠳᠠᠯ ᠢ   ᠬᠦᠢᠴᠡᠳ ᠲᠠᠨᠢᠵᠤ᠂ ᠡᠨᠡ ᠡᠪᠦᠯ ᠢᠷᠡᠬᠦ ᠬᠠᠪᠤᠷ ᠤᠨ ᠰᠢᠵᠢᠷ ᠠᠯᠲᠠᠨ ᠴᠠᠭ ᠦᠶ᠎ᠡ ᠶᠢ ᠴᠢᠩᠭ᠎ᠠ ᠠᠳᠬᠤᠵᠤ ᠪᠠᠶᠢᠭᠠᠳ ᠲᠥᠷᠥᠯ ᠵᠤᠶᠢᠯ ᠢ ᠰᠤᠳᠤᠯᠤᠨ ᠲᠥᠰᠦᠪᠯᠡᠵᠦ᠂ ᠴᠢᠷᠮᠠᠶᠢᠨ ᠳᠡᠮᠡᠴᠡᠨ᠂ ᠦᠵᠡᠯ ᠰᠠᠨᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠠᠵᠢᠯ ᠤᠨ ᠭᠤᠣᠯᠳᠠᠯᠭ᠎ᠠ ᠪᠠᠨ ᠲᠤᠳᠠᠭᠤᠳᠠᠯ ᠢᠶᠠᠨ ᠨᠥᠬᠦᠪᠥᠷᠢᠯᠡᠬᠦ᠂ ᠬᠥᠭᠵᠢᠯᠲᠡ ᠶᠢ ᠠᠬᠢᠭᠤᠯᠬᠤ ᠳᠡᠭᠡᠷ᠎ᠡ ᠲᠦᠪᠯᠡᠷᠡᠭᠦᠯᠵᠦ᠂ ᠭᠡᠭᠡᠨ ᠭᠤᠣᠯ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠤᠲᠠᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠡᠯ᠎ᠡ ᠱᠠᠲᠤᠨ ᠤ ᠺᠠᠳ᠋ᠷᠴᠤᠳ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠬᠦ ᠲᠠᠯ᠎ᠠ ᠪᠠᠷ ᠤᠯᠤᠰ ᠲᠥᠷᠥ ᠶᠢᠨ ᠲᠠᠯ᠎ᠠ ᠪᠠᠷ ᠮᠡᠳᠡᠷᠡᠵᠦ᠂ ᠰᠡᠳᠬᠢᠴᠡ ᠶᠢᠨ ᠲᠠᠯ᠎ᠠ ᠪᠠᠷ ᠮᠡᠳᠡᠷᠡᠵᠦ᠂ ᠠᠵᠢᠯᠯᠠᠭ᠎ᠠ ᠶᠢᠨ ᠲᠠᠯ᠎ᠠ ᠪᠠᠷ ᠮᠡᠳᠡᠷᠡᠵᠦ᠂ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠦᠵᠡᠯ ᠰᠠᠨᠠᠭᠠᠨ ᠤ ᠰᠠᠭᠤᠷᠢ ᠶᠢ ᠦᠨᠡᠨᠬᠦ  ᠪᠠᠬᠢᠵᠢᠬᠦᠯᠬᠦ ᠬᠡᠷᠡᠭᠲᠡᠶ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠯᠬᠦᠮᠳᠡᠯ ᠢ ᠠᠳᠬᠤᠬᠤ᠂ ᠡᠷᠴᠢ ᠵᠣᠷᠢᠭ ᠢ ᠠᠳᠬᠤᠬᠤ᠂ ᠣᠪᠣᠷ ᠰᠤᠷᠲᠠᠯ ᠢ ᠠᠳᠬᠤᠬᠤ᠂ ᠬᠢᠨᠠᠨ ᠰᠢᠯᠭᠠᠬᠤ ᠶᠢ ᠠᠳᠬᠤᠵᠤ᠂ ᠡᠷᠴᠢ ᠵᠣᠷᠢᠭ ᠲᠠᠢ᠂ ᠦᠵᠡᠯ ᠰᠠᠨᠠᠭ᠎ᠠ ᠶᠢ ᠪᠤᠢ ᠪᠣᠯᠭᠠᠬᠤ ᠬᠡᠷᠡᠭᠲᠡᠢ᠃ ᠮᠣᠷᠠᠯ ᠴᠢᠳᠠᠪᠤᠷᠢ ᠬᠤᠤᠰᠯᠠᠭᠰᠠᠨ᠂ ᠠᠬᠠᠮᠠᠳ‌ᠢᠳᠡᠷ ᠵᠠᠯᠠᠭᠤ ᠤᠶᠠᠯᠳᠤᠭᠰᠠᠨ ᠺᠠᠳ᠋ᠷ ‍ᠤᠨ‌ᠡᠩᠨᠡᠭᠡ ᠨᠢ ᠲᠦᠷᠤᠯ ᠵᠤᠶᠢᠯ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠷᠢᠭᠲᠠᠢ ᠪᠠᠷ ᠠᠷᠭ᠎ᠠ ᠰᠦᠪᠡᠭᠴᠢᠯᠡᠵᠦ᠂ ᠶᠡᠬᠡᠪᠡᠷ ᠴᠢᠷᠮᠠᠶᠢᠵᠤ᠂ ᠵᠣᠷᠢᠭᠲᠠᠢ ᠪᠠᠷ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠨᠡᠨᠬᠦ ᠨᠠᠷᠢᠯᠢᠭ ᠠᠳᠬᠤᠵᠤ᠂ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ᠂ ᠤᠶᠢᠯᠡᠳᠪᠤᠷᠢᠯᠡᠯ ᠤᠨ ᠣᠷᠴᠢᠨ ᠨᠥᠬᠦᠴᠡᠯ ᠵᠢᠴᠢ ᠨᠡᠶᠢᠭᠡᠮ ᠤᠨ ᠡᠮᠬᠢ ᠵᠢᠷᠤᠮ ᠢ ᠪᠤᠢ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠬᠦᠴᠦ ᠪᠠᠷ ᠢᠶᠠᠨ ᠬᠠᠮᠠᠭᠠᠯᠠᠬᠤ ᠬᠡᠷᠡᠭᠲᠡᠶ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠠᠵᠢᠯ ᠢ ᠰᠠᠶᠢᠲᠤᠷ ᠠᠳᠬᠤᠵᠤ᠂ ᠡᠯ᠎ᠡ ᠱᠠᠲᠤᠨ ᠤ ᠺᠠᠳ᠋ᠷᠴᠤᠳ ᠰᠡᠳᠬᠢᠯ ᠢᠶᠠᠨ ᠴᠢᠩᠭ᠎ᠠ ᠬᠠᠮᠢᠶᠠᠷᠴᠤ᠂ ᠭᠠᠷ ᠢᠶᠠᠨ ᠴᠢᠩᠭ᠎ᠠ ᠬᠠᠮᠢᠶᠠᠷᠴᠤ᠂ ᠬᠥᠯ ᠢᠶᠠᠨ ᠴᠢᠩᠭ᠎ᠠ ᠬᠠᠮᠢᠶᠠᠷᠴᠤ᠂ ᠠᠮᠠ ᠪᠠᠨ ᠴᠢᠩᠭ᠎ᠠ ᠬᠠᠮᠢᠶᠠᠷᠴᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ ᠭᠡᠵᠠᠢ᠃
   ᠤᠶᠢᠷ᠎ᠠ ᠶᠢᠨ ᠬᠤᠭᠤᠴᠠᠭᠠᠨ ᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠲᠤᠬᠠᠶ ᠸᠠᠩ ᠴᠧᠩ ᠱᠢ ᠵᠢᠭᠠᠵᠤ ᠭᠠᠷᠭᠠᠭᠰᠠᠨ ᠨᠢ᠂ ᠲᠥᠷᠥᠯ ᠵᠤᠶᠢᠯ ᠢ ᠠᠳᠬᠤᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠰᠡᠳᠬᠢᠯᠭᠡ ᠶᠢ ᠬᠦᠢᠴᠡᠳ ᠲᠠᠨᠢᠵᠤ᠂ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠴᠢᠷᠮᠠᠶᠢᠨ ᠲᠡᠮᠡᠴᠡᠬᠦ ᠦᠵᠡᠯ ᠤᠬᠠᠮᠰᠠᠷ ᠪᠠ ᠴᠢᠳᠠᠪᠤᠷᠢ ᠪᠠᠨ ᠴᠢᠩᠭᠠᠳᠬᠠᠵᠤ᠂ ᠳᠡᠭᠡᠲᠦ ᠱᠠᠲᠤᠨ ᠤ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ  ᠠᠳᠬᠤᠬᠤ ᠬᠡᠷᠡᠭᠲᠡᠢ ᠭᠡᠵᠡᠢ᠃ ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠠ ᠵᠣᠬᠢᠶᠠᠭᠴᠢ᠄ ᠵᠢᠶ ᠮᠢᠩ ᠶᠠᠨ   ᠯᠢᠦ ᠰᠢᠩ ᠸᠧᠶ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号