ᠲᠦᠪ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ ᠰᠤᠷᠭᠠᠭᠤᠯᠢ ᠡᠬᠢᠯᠡᠵᠦ ᠰᠤᠷᠭᠠᠭᠤᠯᠢ ᠳᠤ ᠣᠷᠣᠬᠤ ᠬᠥᠮᠦᠵᠢᠯ ᠲᠠᠢ ᠤᠶᠠᠯᠳᠤᠭᠤᠯᠤᠨ ᠬᠢᠵᠢᠭ ᠲᠠᠢ ᠲᠡᠮᠡᠴᠡᠬᠦ ᠵᠣᠷᠢᠭ ᠰᠠᠨᠠᠭᠠᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ
ᠨᠡᠶᠢᠲᠡᠯᠡᠭᠰᠡᠨ ᠴᠠᠭ᠄
2020/10/15
   ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ ᠣᠢᠢᠷ᠎ᠠ ᠳᠤ᠂ ᠲᠥᠪ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠬᠢᠯᠡᠵᠦ ᠰᠤᠷᠭᠠᠭᠤᠯᠢ ᠳᠤ ᠣᠷᠣᠬᠤ ᠬᠥᠮᠦᠵᠢᠯ ᠲᠠᠢ ᠤᠶᠠᠯᠳᠤᠭᠤᠯᠤᠨ ᠬᠢᠵᠢᠭ ᠲᠠᠢ ᠲᠡᠮᠡᠴᠡᠬᠦ ᠵᠣᠷᠢᠭ ᠰᠠᠨᠠᠭᠠᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ᠃    ᠮᠡᠳᠡᠭᠳᠡᠯ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠯᠳᠠᠪᠤᠷᠢᠯᠠᠬᠤ ᠬᠤᠷᠳᠤᠴᠠ ᠬᠠᠮᠤᠭ ᠤᠨ ᠲᠦᠷᠭᠡᠨ᠂ ᠬᠠᠯᠳᠠᠪᠤᠷᠢᠯᠠᠬᠤ ᠬᠡᠪᠴᠢᠶ᠎ᠡ ᠬᠠᠮᠤᠭ ᠤᠨ ᠥᠷᠭᠡᠨ᠂ ᠰᠡᠷᠭᠡᠶᠢᠯᠡᠨ ᠡᠵᠡᠮᠳᠡᠬᠦ ᠬᠦᠴᠢᠷᠳᠡᠯ ᠢᠶᠠᠷ ᠬᠠᠮᠤᠭ ᠤᠨ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ ᠎ᠠ᠂ 14 ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠡᠷᠡᠰ ᠰᠢᠭᠤᠷᠬᠠᠶ ᠪᠠᠷ ᠨᠡᠮᠡᠷᠢ ᠬᠠᠨᠳᠢᠪ ᠦᠵᠡᠭᠦᠯᠵᠦ᠂ ᠪᠦᠯᠬᠦᠮᠳᠡᠨ ᠬᠠᠮᠵᠢᠯᠴᠠᠵᠤ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠲᠠ ᠶᠢᠨ ᠳᠠᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ ᠴᠢᠳᠠᠯ᠂ ᠳᠤᠮᠳᠠᠳᠤ ᠤᠯᠤᠰ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠠᠮᠢ ᠨᠠᠰᠤ ᠶᠢ ᠳᠡᠭᠡᠳᠦᠯᠡᠬᠦ᠂ ᠤᠯᠤᠰ ᠳᠠᠶᠠᠭᠠᠷ ᠢᠶᠠᠨ ᠰᠡᠳᠬᠢᠯ ᠨᠢᠭᠡᠳᠬᠦ᠂ ᠦᠬᠦᠵᠦ ᠰᠡᠭᠡᠬᠦ ᠶᠢ ᠦᠯᠦ ᠬᠠᠶᠢᠬᠤᠷᠬᠤ᠂ ᠰᠢᠨᠵᠢᠯᠡᠬᠦ ᠤᠬᠠᠭᠠᠨ ᠢ ᠬᠦᠨᠳᠦᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠣᠶ ᠪᠣᠯᠭᠠᠪᠠ᠃    ᠮᠡᠳᠡᠭᠳᠡᠯ ᠳᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠡᠯ᠎ᠡ ᠭᠠᠵᠠᠷ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠡᠯ᠎ᠡ ᠲᠥᠷᠥᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ᠂ ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠬᠥᠮᠦᠵᠢᠯ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠵᠤ᠂ ᠥᠷᠭᠡᠨ ᠣᠯᠠᠨ ᠰᠤᠷᠤᠭᠴᠢᠳ ᠤᠨ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠤᠯᠠᠮ ᠡᠷᠡᠰ ᠪᠠᠳᠤ ᠪᠠᠷ ᠬᠦᠷᠢᠶᠡᠯᠡᠨ ᠢᠲᠡᠭᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠢᠲᠡᠭᠡᠯ ᠵᠣᠷᠢᠭ ᠢ ᠤᠯᠠᠮ ᠴᠢᠩᠭᠠᠷᠠᠭᠤᠯᠵᠤ᠂ ᠦᠨᠳᠦᠰᠦᠲᠡᠨ ᠤ ᠢᠲᠡᠭᠡᠯ ᠵᠣᠷᠢᠭ ᠪᠠ ᠣᠮᠣᠭᠰᠢᠯᠳᠦ ᠲᠦᠷᠦᠭᠳᠡᠯ ᠢ ᠤᠯᠠᠮ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃     ᠮᠡᠳᠡᠭᠳᠡᠯ ᠳᠤ᠂ ᠰᠤᠷᠤᠭᠴᠢᠳ ᠤᠨ ᠦᠵᠡᠯ ᠰᠠᠨᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠶᠠᠷᠢᠶ᠎ᠠ ᠢᠯᠡᠳᠬᠡᠯ ᠤᠨ ᠤᠷᠤᠯᠳᠤᠭᠠᠨ᠂ ᠵᠣᠬᠢᠶᠠᠯ ᠡᠯᠰᠡᠬᠦ ᠠᠵᠢᠯᠯᠠᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠣᠯᠠᠨ ᠵᠦᠶ᠋ᠯ ᠤᠨ ᠬᠡᠯᠪᠡᠷᠢ ᠪᠠᠷ ᠳᠠᠮᠵᠢᠭᠤᠯᠤᠨ᠂ ᠠᠮᠢᠳᠤᠯᠢᠭ ᠢᠶᠠᠷ ᠤᠬᠠᠭᠤᠯᠭ᠎ᠠ ᠬᠥᠮᠦᠵᠢᠯ ᠥᠷᠨᠢᠭᠦᠯᠵᠦ᠂ ᠥᠷᠭᠡᠨ ᠣᠯᠠᠨ ᠰᠤᠷᠤᠭᠴᠢ ᠶᠢᠨ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠰᠠᠶᠢᠲᠤᠷ ᠡᠷᠳᠡᠮ ᠮᠡᠳᠡᠯᠭᠡ ᠰᠤᠷᠤᠯᠴᠠᠵᠤ᠂ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ ᠵᠤᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠨᠠᠶᠢᠷᠠᠭᠤᠯᠤᠭᠴᠢ᠄ ᠴᠡᠴᠡᠭᠡᠬᠡ ᠪᠢᠴᠢᠭ ᠤᠨ ᠢᠷᠡᠯᠲᠡ᠄  ᠰᠢᠬᠤᠸᠠ ᠬᠤᠷᠢᠶ᠎ᠡ
 
ᠢᠷᠡᠯᠲᠡ᠄ ᠬᠦᠯᠤᠨ ᠪᠤᠶᠢᠷ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号