ᠰᠣᠬᠤᠷ ᠪᠠᠯᠠᠶ ᠪᠠᠷ ᠺᠠᠯᠼ ᠨᠥᠬᠦᠪᠥᠷᠢᠯᠡᠬᠦ᠂ ᠣᠯᠠᠨ ᠡᠮ ᠢ ᠬᠤᠯᠢᠵᠤ ᠤᠤᠭᠤᠬᠤ ᠵᠡᠷᠭᠡ ᠡᠮ ᠤᠤᠭᠤᠬᠤ ᠲᠠᠯ᠎ᠠ ᠪᠠᠷ ᠬᠢ ᠠᠳᠡᠬᠦᠦ ᠤᠶᠢᠯᠠᠭᠠᠯᠳᠠ ᠶᠢ ᠲᠠ ᠮᠡᠳᠡᠨ᠎ᠡ ᠤᠤ︖
ᠨᠡᠶᠢᠲᠡᠯᠡᠭᠰᠡᠨ ᠴᠠᠭ᠄
2020/10/15
  2019 ᠣᠨ ᠤ ᠪᠥᠬᠦ ᠤᠯᠤᠰ ᠤᠨ ᠠᠶᠤᠯᠭᠦᠶ ᠡᠮ ᠬᠡᠷᠡᠭᠯᠡᠬᠦ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠳᠤᠮᠳᠠᠳᠤ ᠤᠯᠤᠰ ᠤᠨ ᠡᠮ ᠲᠠᠩ ᠤᠨ ᠠᠮᠤᠷ ᠲᠦᠪᠰᠢᠨ ᠤ ᠶᠠᠷᠢᠶᠠᠨ ᠤ ᠲᠠᠪᠴᠠᠩ 10 ᠰᠠᠷ᠎ᠠ ᠶᠢᠨ 17 ᠤ ᠡᠳᠦᠷ ᠶᠠᠪᠤᠭᠳᠠᠪᠠ᠂ ᠲᠣᠰ ᠤᠳᠠᠭᠠᠨ ᠤ ᠠᠵᠢᠯᠯᠠᠭ᠎ᠠ ᠶᠢ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠡᠮ ᠤᠨ ᠰᠢᠨᠵᠢᠯᠡᠭᠡᠨ ᠤ ᠨᠡᠶᠢᠭᠡᠮᠯᠢᠭ᠂ ᠠᠷᠠᠳ ᠤᠨ ᠰᠦᠯᠵᠢᠶ᠎ᠡ᠂ ᠠᠷᠠᠳ ᠲᠦᠮᠡᠨ ᠤ ᠡᠷᠡᠭᠦᠯ ᠡᠩᠬᠡ ᠪᠤᠯᠤᠩ ᠤᠨ ᠬᠢᠨ ᠳᠠᠭᠠᠭᠠᠨ ᠡᠷᠬᠢᠯᠡᠪᠡ᠃ ᠬᠤᠷᠠᠯ ᠳᠡᠭᠡᠷ᠎ᠡ ︽ᠳᠤᠮᠳᠠᠳᠤ ᠤᠯᠤᠰ ᠤᠨ ᠭᠡᠷ ᠪᠦᠯᠢ ᠶᠢᠨ ᠡᠮ ᠬᠡᠷᠡᠭᠯᠡᠬᠦ ᠭᠠᠷ ᠠᠪᠤᠯᠭ᠎ᠠ︾ ᠪᠣᠯᠤᠨ 2019 ᠣᠨ ᠤ ᠣᠯᠠᠨ ᠨᠡᠶᠢᠲᠡ ᠶᠢᠨ ᠡᠮ ᠬᠡᠷᠡᠭᠯᠡᠬᠦ ᠠᠷᠪᠠᠨ ᠶᠡᠭᠡ ᠰᠠᠨᠠᠭᠤᠯᠤᠮᠵᠢ ᠶᠢ ᠨᠡᠶᠢᠲᠡᠯᠡᠵᠦ᠂ ᠳᠤᠮᠳᠠᠳᠤ ᠤᠯᠤᠰ ᠤᠨ ᠡᠮ ᠤᠨ ᠰᠢᠨᠵᠢᠯᠡᠭᠡᠨ ᠤ ᠨᠡᠶᠢᠭᠡᠮᠯᠢᠭ ᠤᠨ ᠲᠤᠰᠬᠠᠶ ᠮᠡᠷᠭᠡᠵᠢᠯᠲᠡᠨ ᠠᠴᠠ ᠭᠡᠷ ᠪᠦᠯᠢ ᠶᠢᠨ ᠡᠮ ᠤᠤᠭᠤᠬᠤ ᠲᠠᠯ᠎ᠠ ᠪᠠᠷ ᠬᠢ ᠵᠠᠷᠢᠮ ᠠᠳᠡᠭᠦᠤ ᠣᠶᠢᠯᠠᠭᠠᠯᠲᠠ ᠶᠢᠨ ᠲᠤᠬᠠᠢ ᠲᠠᠨᠢᠯᠴᠠᠭᠤᠯᠪᠠ᠃   ᠵᠠᠷᠢᠮ ᠭᠡᠷ ᠤᠨ ᠠᠬᠠᠮᠠᠳ ᠬᠡᠤᠬᠡᠳ ᠬᠠᠯᠠᠭᠤᠷᠠᠪᠠᠯ ᠬᠤᠪᠴᠠᠰᠤ ᠬᠤᠨᠠᠷ ᠢ ᠨᠢ ᠵᠤᠵᠠᠭᠠᠯᠠᠵᠤ ᠬᠥᠯᠥᠷᠡᠬᠦᠯᠬᠦ ᠬᠡᠷᠡᠭᠲᠡᠶ ᠬᠡᠵᠦ ᠦᠵᠡᠵᠦ ᠪᠤᠢ᠃ ᠦᠨᠡᠨᠳᠡᠭᠡᠨ ᠬᠡᠦᠬᠡᠳ ᠤᠨ ᠬᠠᠯᠠᠭᠤᠷᠠᠬᠤ ᠶᠢ ᠢᠯᠭᠠᠭ᠎ᠠ ᠲᠠᠢ ᠪᠠᠷ ᠦᠵᠡᠬᠦ ᠬᠡᠷᠡᠭᠳᠡᠢ᠄ ᠬᠡᠤᠬᠡᠳ ᠬᠠᠯᠠᠭᠤᠷᠠᠬᠤ ᠦᠶ᠎ᠡ ᠳᠤ ᠪᠡᠶ᠎ᠡ ᠶᠢᠨ ᠴᠢᠰᠦᠨ ᠡᠷᠭᠢᠯᠲᠡ ᠨᠢ ᠠᠨᠠᠢ ᠪᠤᠯᠵᠤ᠂ ᠮᠠᠩᠨᠠᠶ ᠨᠢ ᠬᠠᠯᠠᠵᠤ ᠪᠠᠶᠢᠪᠠᠴᠤ ᠭᠠᠷ ᠬᠥᠯ ᠨᠢ ᠭᠦᠪ ᠬᠦᠢᠲᠡᠨ ᠪᠠᠶᠢᠳᠠᠭ᠂ ᠡᠨᠡ ᠦᠶ᠎ᠡ ᠳᠤ ᠵᠤᠬᠢᠰᠳᠠᠢ ᠪᠠᠷ ᠬᠤᠪᠴᠠᠰᠤ ᠬᠤᠨᠠᠷ ᠢ ᠨᠢ ᠵᠤᠵᠠᠭᠠᠯᠠᠬᠤ ᠪᠤᠶᠤ ᠬᠥᠨᠵᠢᠯᠡ ᠬᠤᠴᠢᠵᠤ ᠳᠤᠯᠠᠭᠠᠯᠠᠵᠤ ᠪᠣᠯᠤᠨ᠎ᠠ᠃ ᠬᠡᠷᠪᠡ ᠬᠠᠯᠠᠭᠤᠨ ᠤ ᠬᠡᠮᠵᠢᠶ᠎ᠡ ᠨᠢ 38 ℃ ᠠᠴᠠ ᠬᠡᠲᠦᠷᠡᠬᠦ ᠳᠤ ᠬᠦᠷᠪᠡᠯ᠂ ᠰᠣᠬᠤᠷ ᠪᠠᠯᠠᠶ ᠪᠠᠷ ᠬᠤᠪᠴᠠᠰᠤ ᠬᠤᠨᠠᠷ ᠢ ᠨᠢ ᠵᠤᠵᠠᠭᠠᠯᠠᠵᠤ ᠬᠦᠯᠦᠷᠡᠬᠦᠯᠵᠦ ᠪᠣᠯᠬᠤ ᠦᠭᠡᠢ᠃ ᠪᠠᠭ᠎ᠠ ᠨᠠᠰᠤᠨ ᠤ ᠬᠡᠤᠬᠡᠳ ᠤᠨ ᠪᠡᠶ᠎ᠡ ᠶᠢᠨ ᠳᠤᠯᠠᠭᠠᠨ ᠢᠶᠠᠨ ᠲᠣᠬᠢᠷᠠᠭᠤᠯᠬᠤ ᠴᠢᠳᠠᠮᠵᠢ ᠨᠢ ᠨᠡᠯᠢᠶᠡᠳ ᠪᠠᠭᠤᠷᠠᠶ᠂ ᠬᠥᠯᠥᠰᠥᠨ ᠪᠤᠯᠴᠢᠷᠬᠠᠶ ᠶᠢᠨ ᠪᠤᠶᠢᠵᠢᠯᠲᠠ ᠨᠢ ᠪᠦᠷᠢᠨ ᠪᠤᠰᠤ ᠪᠠᠶᠢᠳᠠᠭ ᠪᠤᠯᠬᠤᠷ ᠵᠤᠵᠠᠭᠠᠯᠠᠵᠤ ᠪᠢᠳᠡᠬᠦᠯᠡᠬᠦ ᠲᠤᠰᠤᠮ ᠢᠶᠠᠨ ᠤᠯᠠᠮ ᠢᠶᠠᠷ ᠬᠠᠯᠠᠭᠤᠷᠠᠵᠤ᠂ ᠪᠡᠶ᠎ᠡ ᠶᠢᠨ ᠬᠠᠯᠠᠭᠤᠨ ᠨᠢ ᠪᠠᠭᠤᠷᠠᠬᠤ ᠦᠭᠡᠢ ᠮᠦᠷᠳᠡᠭᠡᠨ ᠲᠡᠭᠡᠭᠰᠢᠯᠡᠵᠦ᠂ ᠠᠮᠢᠰᠬᠤᠯ ᠨᠢ ᠴᠢᠬᠤᠯᠳᠠᠵᠤ᠂ ᠶᠡᠬᠡᠪᠡᠷ ᠬᠠᠯᠠᠭᠤᠷᠠᠨ ᠲᠠᠳᠠᠪᠠᠯᠵᠠᠬᠤ ᠪᠤᠶᠤ ᠴᠢᠨᠠᠭᠰᠢᠯᠠᠪᠠᠯ ᠮᠠᠨᠠᠷᠠᠬᠤ ᠵᠡᠷᠭᠡ ᠠᠶᠤᠯ ᠭᠠᠷᠴᠤ ᠮᠡᠳᠡᠨ᠎ᠡ᠃ ᠪᠠᠶᠢᠡᠭᠭᠤ ᠬᠡᠷᠡᠭᠯᠡᠳᠡᠭ ᠬᠠᠯᠠᠭᠤᠨ ᠢ ᠪᠠᠭᠤᠷᠠᠭᠤᠯᠬᠤ ᠡᠮ ᠳᠤ ᠪᠷᠦᠹᠸᠡ ᠪᠣᠯᠤᠨ ᠡᠰᠡᠷᠭᠦ ᠠᠼᠤᠲ᠋ᠢᠯᠹᠤᠨᠤᠯ ᠪᠤᠢ᠂ ᠡᠳᠡᠭᠡᠷ ᠡᠮ ᠢ ᠬᠤᠯᠢᠵᠤ ᠤᠤᠭᠤᠵᠤ ᠪᠣᠯᠬᠤ ᠦᠭᠡᠢ᠂ ᠡᠳᠦᠷ ᠲᠤ 4 ᠤᠳᠠᠭ᠎ᠠ ᠠᠴᠠ ᠢᠯᠡᠬᠦᠦ ᠤᠤᠭᠤᠵᠤ ᠪᠣᠯᠬᠤ ᠦᠭᠡᠢ᠃    ᠶᠠᠰᠤᠨ ᠤ ᠡᠳ᠋ ᠰᠡᠶᠢᠷᠡᠭᠵᠢᠬᠦ ᠭᠡᠮ ᠪᠣᠯ ᠨᠢᠭᠡ ᠵᠦᠢᠯ ᠤᠨ ᠦᠷᠭᠦᠯᠵᠢ ᠲᠣᠬᠢᠶᠠᠯᠳᠤᠳᠠᠭ ᠡᠷᠡᠭᠦᠯ ᠮᠡᠨᠳᠦ ᠳᠤ ᠬᠤᠯᠪᠤᠬᠳᠠᠬᠤ ᠠᠰᠠᠭᠤᠳᠠᠯ ᠪᠣᠯᠤᠨ᠎ᠠ᠂ ᠣᠯᠠᠩᠬᠢ ᠬᠥᠮᠦᠰ ᠶᠠᠰᠤᠨ ᠤ ᠡᠳ᠋ ᠰᠡᠶᠢᠷᠡᠭᠵᠢᠬᠦ ᠳᠤ ᠬᠦᠷᠪᠡᠯ ᠺᠠᠯᠼ ᠨᠥᠬᠦᠪᠥᠷᠢᠯᠡᠪᠡᠯ ᠳᠠᠷᠤᠶ ᠰᠠᠶᠢᠵᠢᠷᠠᠴᠢᠬᠠᠨ᠎ᠠ ᠭᠡᠵᠦ ᠦᠵᠡᠵᠦ ᠪᠤᠢ᠃ ᠦᠨᠡᠨᠳᠡᠭᠡᠨ ᠶᠠᠰᠤᠨ ᠤ ᠡᠳ᠋ ᠰᠡᠶᠢᠷᠡᠭᠵᠢᠭᠰᠡᠨ ᠢᠶᠠᠨ ᠮᠡᠳᠡᠭᠰᠡᠨ ᠤ ᠲᠠᠷᠠᠭ᠎ᠠ᠂ ᠶᠠᠰᠤᠨ ᠤ ᠰᠤᠯᠢᠬᠳᠠᠯ ᠤᠨ ᠨᠤᠷᠮ᠎ᠠ ᠵᠢᠱᠢᠶᠡᠯᠡᠪᠡᠯ ᠴᠢᠰᠤᠨ ᠤ ᠺᠠᠯᠼ ᠂ ᠰᠢᠭᠡᠰᠦᠨ ᠤ ᠺᠠᠯᠼ᠂ ᠴᠢᠰᠤᠨ ᠤ ᠹᠣᠰᠹᠣᠷ ᠵᠡᠷᠭᠡ ᠪᠠᠨ ᠪᠠᠶᠢᠴᠠᠭᠠᠯᠭᠠᠬᠤ ᠬᠡᠷᠡᠭᠳᠡᠢ᠂ ᠡᠳᠡᠭᠡᠷ ᠪᠠᠶᠢᠴᠠᠭᠠᠯᠲᠠ ᠶᠢ ᠬᠢᠯᠭᠡᠬᠦ ᠪᠠᠷ ᠳᠠᠮᠵᠢᠨ ᠡᠪᠡᠳᠴᠢᠨ ᠤ ᠰᠢᠯᠳᠠᠭᠠᠨ ᠢ ᠡᠷᠢᠵᠦ ᠤᠯᠵᠤ ᠪᠣᠯᠤᠨ᠎ᠠ᠃ ᠠᠳᠠᠯᠢ ᠪᠤᠰᠤ ᠲᠥᠷᠥᠯ ᠤᠨ ᠶᠠᠰᠤᠨ ᠤ ᠡᠳ᠋ ᠰᠡᠶᠢᠷᠡᠭᠵᠢᠬᠦ ᠭᠡᠮ ᠢ ᠡᠮᠨᠡᠨ ᠵᠠᠰᠠᠬᠤ ᠠᠷᠭ᠎ᠠ ᠪᠠᠷᠢᠯ ᠠᠳᠠᠯᠢ ᠦᠭᠡᠢ ᠪᠠᠶᠢᠳᠠᠭ᠃ ᠰᠢᠮ᠎ᠡ ᠲᠡᠵᠢᠭᠡᠯ ᠲᠤᠳᠠᠬᠳᠠᠬᠰᠠᠨ ᠠᠴᠠ ᠪᠤᠯᠤᠬᠰᠠᠨ ᠶᠠᠰᠤᠨ ᠤ ᠡᠳ᠋ ᠰᠡᠶᠢᠷᠡᠭᠵᠢᠬᠦ ᠭᠡᠮ ᠳᠤ ᠺᠠᠯᠼ ᠨᠥᠬᠦᠪᠥᠷᠢᠯᠡᠪᠡᠯ ᠵᠣᠬᠢᠬᠤ ᠦᠢᠯᠡᠳᠦᠯ ᠦᠵᠡᠬᠦᠯᠳᠡᠭ᠃ ᠬᠡᠳᠡᠯ᠎ᠡ ᠥᠪᠡᠷ ᠤᠨ ᠦᠨᠳᠦᠰᠦᠲᠦ ᠶᠠᠰᠤᠨ ᠤ ᠡᠳ᠋ ᠰᠡᠶᠢᠷᠡᠭᠵᠢᠬᠦ ᠬᠡᠮ ᠢ ᠪᠤᠯ ᠡᠮᠴᠢ ᠶᠢᠨ ᠵᠢᠯᠣᠭᠤᠳᠤᠯᠭ᠎ᠠ ᠳᠣᠤᠷ᠎ᠠ ᠡᠮᠨᠡᠬᠦᠯᠦᠨ ᠵᠠᠰᠠᠭᠤᠯᠬᠤ ᠬᠡᠷᠡᠭᠲᠡᠶ᠂ ᠰᠣᠬᠤᠷ ᠪᠠᠯᠠᠶ ᠪᠠᠷ ᠺᠠᠯᠼ ᠨᠥᠬᠦᠪᠥᠷᠢᠯᠡᠬᠦ ᠨᠢ ᠶᠠᠮᠠᠷᠴᠤ ᠦᠢᠯᠡᠳᠦᠯ ᠦᠭᠡᠢ ᠶᠤᠮ᠃    ᠵᠠᠷᠢᠮ ᠨᠠᠰᠤᠲᠠᠶᠢᠴᠤᠳ ᠦᠷᠭᠦᠯᠵᠢ ᠣᠯᠠᠨ ᠡᠪᠡᠳᠴᠢᠨ ᠳᠤ ᠨᠡᠷᠪᠡᠭᠳᠡᠵᠦ᠂ ᠲᠡᠳᠡᠭᠡᠷ ᠡᠪᠡᠳᠴᠢᠨ ᠳᠡᠭᠡᠨ ᠣᠯᠠᠨ ᠵᠦᠢᠯ ᠤᠨ ᠡᠮ ᠢ ᠬᠤᠯᠢᠵᠦ ᠤᠤᠭᠤᠵᠤ ᠪᠠᠶᠢᠳᠠᠭ᠂ ᠪᠠᠰᠠ ᠵᠠᠷᠢᠮ ᠨᠢ ᠤᠷᠲᠤ ᠬᠤᠭᠤᠴᠠᠭ᠎ᠠ ᠪᠠᠷ ᠵᠦᠪᠭᠡᠨ ᠡᠮ ᠤᠤᠭᠤᠭᠠᠳ ᠳᠠᠬᠢᠵᠤ ᠪᠠᠶᠢᠴᠠᠭᠠᠯᠳᠠ ᠬᠢᠯᠭᠡᠳᠡᠭ ᠥᠬᠡᠶ᠂ ᠡᠨᠡ ᠪᠣᠯ ᠴᠥᠮ ᠠᠳᠡᠬᠦᠦ ᠤᠶᠢᠯᠠᠭᠠᠯᠳᠠ ᠪᠤᠯᠬᠤ ᠶᠤᠮ᠃ ᠣᠯᠠᠨ ᠵᠦᠢᠯ ᠤᠨ ᠡᠮ ᠢ ᠬᠤᠯᠢᠵᠤ ᠤᠤᠭᠤᠪᠠᠯ ᠡᠮ ᠤᠨ ᠡᠮᠴᠢᠯᠡᠭᠡᠨ ᠤ ᠦᠢᠯᠡᠳᠦᠯ ᠴᠢᠳᠠᠯ ᠢ ᠪᠠᠭᠤᠷᠠᠭᠤᠯᠵᠤ᠂ ᠬᠤᠣᠷᠲᠤ ᠴᠢᠨᠠᠷ ᠢ ᠨᠡᠮᠡᠭᠳᠡᠭᠦᠯᠵᠦ᠂ ᠴᠢᠨᠠᠭᠰᠢᠯᠠᠪᠠᠯ ᠬᠦᠨᠳᠦ ᠨᠣᠴᠢᠲᠠᠢ ᠭᠠᠵᠢᠭᠤ ᠲᠤᠰᠬᠠᠯ ᠡᠭᠦᠰᠭᠡᠵᠦ ᠮᠡᠳᠡᠨ᠎ᠡ᠃ ᠨᠠᠰᠤᠳᠠᠶᠢᠴᠤᠳ ᠬᠠᠮᠤᠭ ᠰᠠᠶᠢᠨ ᠨᠢ ᠤᠤᠭᠤᠬᠤ ᠡᠮ ᠤᠨ ᠢᠶᠠᠨ ᠨᠡᠷ᠎ᠡ᠂ ᠬᠡᠷᠡᠭᠯᠡᠬᠦ ᠠᠷᠭ᠎ᠠ ᠤᠤᠭᠤᠬᠤ ᠬᠡᠮᠵᠢᠶ᠎ᠡ᠂ ᠤᠤᠭᠤᠬᠤ ᠴᠠᠭ ᠵᠡᠷᠭᠡ ᠶᠢ ᠨᠢᠭᠡᠳ ᠨᠢᠭᠡ ᠪᠠᠷ ᠲᠡᠮᠳᠡᠭᠯᠡᠨ ᠲᠠᠯᠪᠢᠪᠠᠯ ᠵᠤᠬᠢᠨ᠎ᠠ᠃ ᠢᠡᠭᠭᠢᠬᠦ ᠨᠢ ᠢᠯᠡᠭᠦᠤ ᠤᠤᠭᠤᠬᠤ ᠂ ᠡᠮ ᠢᠶᠠᠨ ᠤᠤᠭᠤᠬᠤ ᠪᠠᠨ ᠮᠠᠷᠳᠠᠬᠤ᠂ ᠪᠤᠷᠤᠭᠤ ᠡᠮ ᠤᠤᠭᠤᠬᠤ ᠠᠴᠠ ᠵᠠᠶᠢᠯᠠᠰᠬᠢᠵᠦ ᠴᠢᠳᠠᠬᠤ ᠪᠦᠭᠡᠳ ᠪᠠᠰᠠ ᠠᠳᠠᠯᠢ ᠪᠤᠰᠤ ᠰᠠᠯᠠᠭ᠎ᠠ ᠳᠠᠰᠤᠭ ᠲᠤ ᠬᠦᠷᠴᠦ ᠡᠮᠴᠢᠯᠡᠭᠦᠯᠬᠦ ᠦᠶ᠎ᠡ ᠳᠤ ᠤᠤᠭᠤᠬᠰᠠᠨ ᠡᠮ ᠤᠨ ᠢᠶᠠᠨ ᠲᠡᠮᠳᠡᠭᠯᠡᠯ ᠢ ᠡᠮᠴᠢ ᠳᠤ ᠭᠠᠷᠭᠠᠨ ᠦᠵᠡᠭᠦᠯᠪᠡᠯ ᠡᠮ ᠲᠤᠬᠢᠷᠠᠭᠤᠯᠤᠨ ᠦᠭᠭᠦ ᠳᠤ ᠳᠥᠭᠦᠮ ᠪᠣᠯᠳᠠᠭ᠃ ᠤᠳᠠᠭᠠᠨ ᠡᠳᠦᠷ ᠢᠶᠠᠷ ᠡᠮ ᠤᠤᠭᠤᠵᠤ ᠪᠠᠶᠢᠬᠤ ᠡᠪᠡᠳᠴᠢᠳᠠᠨ ᠡᠮᠴᠢ ᠶᠢᠨ ᠵᠠᠬᠢᠶ᠎ᠠ ᠶᠢ ᠬᠦᠨᠳᠦᠳᠭᠡᠨ ᠲᠣᠭᠲᠠᠭᠰᠠᠨ ᠬᠤᠭᠤᠴᠠᠭᠠᠨ ᠳᠤ ᠳᠠᠬᠢᠨ ᠪᠠᠶᠢᠴᠠᠭᠠᠯᠲᠠ ᠬᠢᠯᠭᠡᠬᠦ ᠬᠡᠷᠡᠭᠲᠡᠶ᠃ ᠰᠤᠷᠪᠤᠯᠵᠢᠯᠠᠭᠴᠢ ᠯᠢᠨ ᠯᠢ ᠯᠢ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号