2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠨᠢᠭᠡ︶
ᠨᠡᠶᠢᠲᠡᠯᠡᠭᠰᠡᠨ ᠴᠠᠭ᠄
2020/10/19
ᠲᠥᠯᠥᠭᠡᠯᠡᠭᠴᠢᠳ ᠡ᠄    ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ᠃ ᠨᠢᠭᠡ᠂ 2019 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠪᠣᠯ ᠮᠠᠨ ᠤ ᠬᠤᠲᠠ ᠡᠷᠡᠮᠡᠬᠡᠶᠢᠯᠡᠨ ᠤᠷᠤᠭᠰᠢᠯᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠰᠡᠨ ᠴᠢᠬᠤᠯᠠ ᠨᠢᠭᠡ ᠵᠢᠯ ᠪᠣᠯᠤᠨ᠎ᠠ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨ ᠳᠡᠮᠵᠢᠯᠭᠡ ᠳᠣᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠭᠦᠨᠵᠡᠭᠡᠶ ᠲᠤᠭᠤᠰᠢᠯᠠᠭᠤᠯᠤᠨ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠢᠨᠠᠮᠠᠭᠠᠶ ᠲᠤᠭᠤᠰᠢᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠡᠯ᠎ᠡ ᠵᠤᠶᠢᠯ ᠤᠨ ᠬᠦᠴᠢᠷ ᠪᠡᠷᠬᠡᠰᠢᠶᠡᠯ ᠪᠣᠯᠤᠨ ᠦᠷᠢᠰᠤᠯᠳᠤᠭᠡᠨ ᠢ ᠢᠳᠡᠪᠬᠢᠲᠡᠶ ᠠᠷᠭᠠᠴᠠᠭᠠᠵᠠᠶ᠃ ᠡᠯ᠎ᠡ ᠵᠤᠶᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠳᠤᠯᠠᠵᠠᠢ᠃        ︵ᠨᠢᠭᠡ︶ ᠠᠵᠤ ᠠᠬᠤᠶ ᠶᠢᠨ ᠬᠦᠭᠵᠢᠯᠲᠡ ᠶᠢᠨ ᠪᠠᠶᠢᠳᠠᠯ ᠢ ᠲᠣᠭᠲᠠᠭᠤᠨ ᠪᠠᠶᠢᠬᠤ ᠶᠢ ᠪᠠᠳᠤᠯᠠᠬᠤ ᠶᠢᠨ ᠬᠠᠮᠲᠤ ᠦᠷᠬᠦᠯᠵᠢᠯᠡᠨ ᠤᠷᠤᠭᠰᠢᠯᠠᠵᠠᠢ᠃ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 32 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠵᠡᠢ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 3.53 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18.9% ᠪᠠᠷ ᠨᠡᠮᠡᠭᠳᠡᠪᠡ︔ ᠡᠩ ᠤᠨ ᠣᠯᠠᠨ ᠨᠡᠶᠢᠳᠡ ᠶᠢᠨ ᠲᠥᠰᠦᠪ ᠤᠨ ᠣᠷᠣᠯᠭ᠎ᠠ 7103 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 104% ᠶᠢ ᠪᠡᠶᠡᠯᠡᠭᠦᠯᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ 28375 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠪᠡ᠃ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠪᠡ᠃     ︵ᠬᠤᠶᠠᠷ︶ ᠭᠤᠷᠪᠠᠨ ᠶᠡᠭᠡ ᠪᠡᠷᠬᠡ ᠰᠡᠳᠦᠪ ᠢ ᠰᠢᠢᠳᠪᠤᠷᠢᠯᠡᠬᠦ ᠲᠠᠶᠢᠨ ᠤ ᠵᠠᠩᠭᠢᠯᠠᠭ᠎ᠠ ᠶᠢᠨ ᠠᠬᠢᠴᠠ ᠶᠢ ᠪᠡᠶᠡᠯᠡᠭᠦᠯᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠳᠠᠶᠢᠯᠠᠯᠳᠤᠭᠠᠨ ᠢ ᠪᠦᠬᠦ ᠬᠦᠴᠤ ᠪᠠᠷ ᠢᠶᠠᠨ ᠰᠠᠶᠢᠲᠤᠷ ᠬᠢᠨ᠎ᠡ᠃ ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ 8195 ᠲᠦᠮᠡᠨ ᠲᠥᠭᠦᠷᠢᠭ ᠠᠷᠢᠯᠭᠠᠵᠤ᠂ ᠵᠢᠯ ᠤᠨ ᠡᠭᠦᠷᠭᠡ ᠪᠠᠨ 162% ᠢᠶᠠᠷ ᠪᠡᠶᠡᠯᠡᠭᠦᠯᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ ᠵᠣᠭᠤᠰ ᠢ 5678 ᠲᠦᠮᠡᠨ ᠲᠥᠭᠦᠷᠢᠭ ᠲᠥᠯᠥᠪᠡ᠃ ᠬᠤᠲᠠ ᠪᠠᠯᠭᠠᠰᠤᠨ ᠤ ᠣᠷᠣᠯᠭ᠎ᠠ ᠪᠠᠷᠤᠭᠲᠠᠢ ᠬᠥᠮᠦᠰ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠳᠬᠠᠵᠤ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃ ᠬᠥᠬᠡ ᠣᠭᠲᠠᠷᠭᠤᠶ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠨ ᠢ ᠡᠷᠡᠰ ᠰᠠᠶᠢᠲᠤᠷ ᠬᠢᠵᠦ᠂ 4 ᠰᠠᠭᠤᠷᠢ ᠪᠠᠶᠢᠭᠤᠯᠤᠭᠰᠠᠨ ᠲᠣᠭᠤᠷᠢᠭ ᠤᠨ 10 ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠳᠠᠭᠠᠬᠤ ᠵᠢᠵᠢᠭ ᠲᠤᠭᠤᠭᠠᠲᠤ ᠵᠤᠤᠬ᠎ᠠ ᠶᠢ ᠰᠢᠭᠰᠢᠭᠳᠡᠭᠦᠯᠵᠦ᠂ 6 ᠲᠣᠰᠣ ᠨᠡᠮᠡᠬᠦ ᠥᠷᠲᠡᠭᠡ ᠶᠢᠨ ᠭᠠᠵᠠᠷ ᠳᠣᠣᠷᠠᠬᠢ ᠲᠣᠰᠣᠨ ᠰᠠᠪᠠ ᠶᠢᠨ ᠨᠡᠪᠴᠢᠯᠲᠡ ᠶᠢ ᠰᠡᠷᠭᠡᠶᠢᠯᠡᠬᠦ ᠥᠭᠡᠷᠡᠴᠢᠯᠡᠯᠲᠡ ᠶᠢ ᠪᠡᠶᠡᠯᠡᠭᠦᠯᠪᠡ᠃ ᠤᠤᠭᠤᠬᠤ ᠤᠰᠤᠨ ᠤ ᠲᠥᠪᠯᠡᠷᠡᠩᠭᠦᠶ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠡᠢ᠃ ᠬᠤᠲᠠ ᠶᠢᠨ ᠠᠮᠢᠳᠤᠷᠠᠯ ᠤᠨ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠵᠦ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠤᠰᠤ ᠭᠠᠷᠭᠠᠬᠤ ᠤᠰᠤᠨ ᠤ ᠴᠢᠨᠠᠷ ᠢ ᠤᠯᠤᠰ ᠤᠨ ᠨᠢᠭᠡᠳᠦᠭᠡᠷ ᠳᠡᠰ ᠤᠨ A ᠪᠠᠷᠢᠮᠵᠢᠶ᠎ᠠ ᠶᠢ ᠬᠡᠷᠡᠭᠵᠢᠭᠦᠯᠵᠡᠢ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠢᠳᠡᠪᠬᠢᠲᠡᠢ ᠠᠬᠢᠴᠠ ᠲᠠᠢ ᠪᠣᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠠᠷᠠᠯᠲᠠ ᠡᠭᠦᠷᠭᠡ ᠶᠢ ᠪᠡᠶᠡᠯᠡᠬᠦᠯᠵᠡᠢ᠃  ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠢᠯᠡᠳᠲᠡ ᠠᠮᠵᠢᠯᠲᠠ ᠣᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠳᠤᠮᠳᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠨᠡᠶᠢᠲᠡᠴᠢ ᠴᠢᠨᠠᠷᠲᠠᠢ ᠠᠰᠠᠭᠤᠳᠠᠯ ᠪᠠ ᠥᠪᠡᠷᠮᠢᠴᠡ ᠴᠢᠨᠠᠷᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠬᠦᠯᠵᠠᠢ᠃ ᠰᠢᠶᠠᠨ ᠤ ᠬᠡᠪᠴᠢᠶᠡᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠠᠵᠢᠯ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠶᠡᠷᠦᠩᠬᠡᠶᠢᠯᠡᠨ ᠦᠨᠡᠯᠡᠭᠰᠡᠨ ᠵᠢᠭᠠᠯᠲᠠ ᠶᠢᠨ ᠲᠤᠭ᠎ᠠ ᠨᠢ ᠪᠥᠬᠦ ᠤᠯᠤᠰ ᠤᠨ ᠠᠷᠪᠠᠳᠤᠭᠠᠷ ᠪᠠᠶᠢᠷᠢᠨ ᠳᠤ ᠣᠷᠣᠵᠤ᠂ ᠪᠥᠬᠦ ᠣᠷᠣᠨ ᠤ ᠲᠡᠷᠢᠭᠦᠨ ᠳᠤ ᠣᠷᠣᠪᠠ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠥᠬᠦ ᠤᠯᠤᠰ ᠤᠨ ᠭᠤᠷᠪᠠᠳᠤᠭᠠᠷ ᠪᠦᠯᠦᠭ᠂ ᠪᠥᠬᠦ ᠣᠷᠣᠨ ᠤ ᠬᠤᠶᠠᠳᠤᠭᠠᠷ ᠪᠦᠯᠦᠭ᠂ ᠬᠥᠯᠥᠨ ᠪᠤᠶᠢᠷ ᠬᠤᠲᠠ ᠶᠢᠨ ᠴᠣᠷ ᠤᠨ ᠭᠠᠭᠴᠠ ᠨᠡᠷᠡᠶᠢᠳᠦᠨ ᠬᠥᠬᠢᠭᠦᠯᠦᠭᠳᠡᠭᠰᠡᠨ ᠭᠠᠵᠠᠷ ᠣᠷᠣᠨ ᠪᠣᠯᠤᠨ᠎ᠠ᠃ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠢ ᠶᠢᠨ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠪᠡ᠃ ᠭᠤᠤᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠷᠪᠠᠳᠤᠭᠠᠷ ᠳᠡᠰ ᠤᠨ ᠭᠤᠤᠯ ᠮᠥᠷᠡᠨ ᠤ ᠳᠠᠷᠤᠭ᠎ᠠ ᠶᠢ ᠪᠠᠶᠢᠩᠭᠤᠵᠢᠭᠤᠯᠤᠨ ᠭᠤᠤᠯ ᠴᠠᠭᠳᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠶᠢᠨ ᠱᠤᠭᠤᠮ ᠢ ᠵᠠᠭᠠᠭᠯᠠᠨ ᠲᠣᠭᠲᠠᠭᠠᠬᠤ ᠪᠠ ᠭᠤᠣᠯ ᠤᠨ ᠵᠠᠮ ᠳᠡᠭᠡᠷ᠎ᠡ ᠡᠯᠡᠰᠦ ᠮᠠᠯᠲᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠳᠦᠷᠪᠡᠨ ᠰᠠᠮᠠᠭᠤᠷᠠᠯ︾ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠭᠡᠭᠡᠨ ᠭᠤᠣᠯ ᠤᠰᠤᠨ ᠠᠰᠢᠭᠯᠠᠯᠲᠠ ᠶᠢᠨ ᠶᠠᠮᠤᠨ ᠠᠴᠠ ︽ᠠᠮᠢ ᠠᠬᠤᠢ ᠶᠢᠨ ᠭᠤᠣᠯ ᠮᠥᠷᠡᠨ︾ ᠢᠶᠠᠷ ᠦᠨᠡᠯᠡᠭᠳᠡᠪᠡ᠃ ᠴᠤᠤ ᠴᠠ ᠾᠧ ᠭᠤᠣᠯ ᠤᠨ ᠦᠶᠡᠷ ᠢ ᠰᠡᠷᠭᠡᠶᠢᠯᠡᠬᠦ ᠢᠨᠵᠧᠨᠧᠷᠢᠩ᠂ ᠭᠡᠭᠡᠨ ᠭᠤᠣᠯ ᠤᠨ ᠰᠢᠷᠦᠭᠦᠨ ᠤᠷᠤᠰᠬᠠᠯ ᠲᠠᠢ ᠴᠢᠬᠤᠯᠠ ᠭᠤᠣᠯ ᠤᠷᠤᠰᠬᠠᠯ ᠢ ᠵᠠᠰᠠᠬᠤ ᠢᠨᠵᠧᠨᠧᠷᠢᠩ ᠤᠷᠤᠭᠰᠢᠲᠠᠢ ᠶᠠᠪᠤᠭᠳᠠᠵᠤ ᠪᠠᠶᠢᠨ᠎ᠠ᠃ ᠰᠠᠷᠠᠪᠴᠢ ᠪᠠ ᠵᠤᠰᠠᠯᠠᠩ ᠪᠠᠶᠢᠭᠤᠯᠬᠤ ᠶᠢ ᠵᠥᠷᠢᠴᠡᠭᠰᠡᠨ ᠠᠰᠠᠭᠤᠳᠠᠯ ᠢ ᠴᠡᠪᠡᠷᠯᠡᠨ ᠪᠠᠶᠢᠴᠠᠭᠠᠵᠤ᠂ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠨᠢᠬᠦᠯᠵᠠᠢ᠃ 517 ᠲᠦᠮᠡᠨ ᠲᠥᠭᠦᠷᠢᠭ ᠪᠡᠯᠡ ᠣᠷᠣᠭᠤᠯᠵᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 0.52 ᠲᠡᠭᠰᠢ ᠳᠥᠷᠪᠡᠯᠵᠢᠨ ᠺᠢᠯᠣᠮᠧᠲᠷ ᠤᠨ ᠲᠠᠯᠠᠪᠠᠢ ᠶᠢ ᠵᠠᠰᠠᠵᠠᠢ᠃ ᠪᠢᠯᠢᠭ ᠬᠦᠴᠢᠯᠲᠥ᠋ᠷᠥᠭᠴᠢᠲᠦ ᠢᠶᠣᠨ ᠬᠢᠨᠠᠨ ᠬᠡᠮᠵᠢᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠤᠨ᠎ᠠ᠃ ᠪᠥᠬᠦ ᠵᠢᠯ ᠤᠨ ᠠᠭᠠᠷ ᠤᠨ ᠶᠠᠰᠤ ᠴᠢᠨᠠᠷ ᠬᠦᠴᠦᠨ ᠲᠠᠢ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 100% ᠳᠤ ᠬᠦᠷᠤᠭᠦᠯᠤᠨ᠂ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠪᠥᠬᠦ ᠵᠢᠯ ᠳᠤ 511 ᠮᠥ ᠠᠯᠪᠠᠨ ᠵᠢᠷᠤᠮ ᠤᠨ ᠮᠣᠳᠣ ᠳᠠᠷᠢᠵᠤ᠂ 922 ᠮᠥ ᠭᠤᠤᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠪᠠ᠃   ︵ᠳᠥᠷᠪᠡ︶ ᠠᠵᠤ ᠤᠶᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠠᠵᠤ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠪᠡ᠃  ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠦᠭᠵᠢᠭᠦᠯᠵᠡᠢ᠃ ᠤᠢ ᠶᠢᠨ ᠬᠤᠷᠮᠣᠶ ᠶᠢᠨ ᠡᠬᠢ ᠪᠠᠶᠠᠯᠢᠭ ᠢ ᠪᠠᠶᠢᠴᠠᠭᠠᠬᠤ ᠪᠠ ᠴᠠ ᠪᠤᠭᠤ ᠲᠡᠵᠢᠭᠡᠨ ᠦᠷᠡᠵᠢᠭᠦᠯᠬᠦ ᠤᠢ ᠶᠢᠨ ᠬᠤᠭᠤᠷᠤᠨᠳᠤᠬᠢ ᠪᠡᠯᠴᠢᠭᠡᠷ ᠤᠨ ᠪᠠᠭᠲᠠᠭᠠᠮᠵᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠬᠢᠲᠠᠳ ᠡᠪᠡᠰᠦᠨ ᠡᠮ ᠤᠨ ᠰᠠᠭᠤᠷᠢᠨ ᠭᠠᠵᠠᠷ ᠲᠤ 500 ᠮᠦ ᠴᠠᠨ᠎ᠠ ᠴᠡᠴᠡᠭ ᠲᠠᠷᠢᠬᠤ ᠶᠢ ᠪᠡᠶᠡᠯᠡᠭᠦᠯᠵᠦ᠂ ᠬᠤᠩ ᠶᠤᠸᠠᠨ ᠺᠣᠮᠫᠠᠨᠢ ᠶᠢᠨ ᠠᠭᠤᠷᠬᠠᠶ ᠶᠢᠨ ᠤᠰᠤ ᠶᠢ ᠨᠡᠭᠡᠭᠡᠨ ᠠᠰᠢᠭᠯᠠᠬᠤ ᠠᠵᠢᠯ ᠤᠷᠤᠭᠰᠢᠲᠠᠶ ᠶᠠᠪᠤᠭᠳᠠᠵᠤ᠂ ᠯᠢᠨ ᠬᠠᠶ ᠶᠤᠸᠠᠨ ᠺᠣᠮᠫᠠᠨᠢ ᠶᠢᠨ ᠵᠡᠷᠯᠢᠭ ᠵᠢᠮᠢᠰ ᠪᠣᠯᠪᠠᠰᠤᠷᠠᠭᠤᠯᠬᠤ ᠴᠢᠳᠠᠪᠤᠷᠢ ᠲᠠᠰᠤᠷᠠᠯᠲᠠ ᠤᠢᠭᠡᠢ ᠳᠡᠭᠡᠭᠰᠢᠯᠡᠵᠡᠢ᠃ ᠬᠥᠯᠥᠨ ᠪᠤᠶᠢᠷ ᠤᠨ ᠵᠧᠩ ᠰᠢᠨ ᠺᠣᠮᠫᠠᠨᠢ ᠶᠢ ᠣᠷᠣᠭᠤᠯᠤᠨ ᠪᠦᠯᠢᠶᠦ᠋ᠺ ︵ᠳᠠᠪᠤᠰᠤᠯᠠᠭᠰᠠᠨ ᠨᠤᠭᠤᠭ᠎ᠠ︶ ᠤᠨ ᠪᠦᠲᠦᠭᠡᠭᠳᠡᠬᠦᠨ ᠢ ᠨᠡᠭᠡᠭᠡᠨ ᠬᠦᠭᠵᠢᠭᠦᠯᠵᠡᠢ᠃ ᠴᠠ ᠪᠤᠭᠤ ᠶᠢᠨ ᠡᠭᠦᠯᠳᠡᠷ ᠣᠷᠣᠭᠤᠯᠤᠨ ᠦᠷᠡᠵᠢᠭᠦᠯᠬᠦ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠ ᠲᠥᠷᠥᠯ ᠤᠨ ᠠᠮᠢᠲᠠᠨ ᠤ ᠰᠤᠳᠤᠯᠭᠠᠨ ᠤ ᠭᠠᠵᠠᠷ ᠯᠤᠭ᠎ᠠ ᠬᠠᠮᠲᠤᠷᠠᠯᠴᠠᠵᠤ᠂ ᠳᠣᠲᠣᠭᠠᠳᠤ ᠳᠠᠭᠠᠨ ᠴᠡᠪᠡᠷᠵᠢᠭᠦᠯᠦᠨ ᠬᠦᠴᠦᠷᠬᠡᠭᠵᠢᠭᠦᠯᠵᠦ᠂ ᠴᠠ ᠪᠤᠭᠤ ᠶᠢᠨ ᠳᠦᠷᠰᠦ ᠶᠢᠨ ᠰᠦᠷᠦᠭ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠠᠢ᠃  ᠤᠯᠠᠮᠵᠢᠯᠠᠯᠲᠤ ᠠᠵᠤ ᠤᠶᠢᠯᠡᠰ ᠢ ᠡᠮᠬᠢ ᠵᠢᠷᠤᠮ ᠲᠠᠢ ᠪᠠᠷ ᠬᠦᠭᠵᠢᠬᠦᠯᠵᠡᠢ᠃ ᠣᠢ ᠰᠢᠭᠤᠶ ᠶᠢᠨ ᠭᠠᠷᠤᠯᠲᠠ ᠶᠢᠨ ᠠᠵᠤ ᠦᠢᠯᠡᠳᠪᠦᠷᠢ ᠬᠡᠯᠪᠡᠷᠢ ᠪᠠᠨ ᠬᠤᠪᠢᠷᠠᠭᠤᠯᠵᠤ᠂ ᠭᠧᠨ ᠯᠢᠨ ᠮᠣᠳᠣᠨ ᠤ ᠦᠢᠯᠡᠰ ᠤᠨ ᠺᠣᠮᠫᠠᠨᠢ ᠶᠢᠨ ᠮᠣᠳᠣᠨ ᠭᠡᠷ ᠤᠨ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 3 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠤᠭᠰᠠᠷᠠᠮᠠᠯ ᠮᠠᠶ᠋ᠢᠭ ᠤᠨ ᠤᠳᠤ ᠦᠶ᠎ᠡ ᠶᠢᠨ ᠮᠣᠳᠣᠨ ᠪᠦᠳᠤᠴᠡ ᠲᠠᠢ ᠪᠠᠷᠢᠯᠭ᠎ᠠ ᠪᠠᠷ ᠭᠤᠣᠯ ᠪᠣᠯᠭᠠᠭᠰᠠᠨ ᠦᠢᠯᠡᠳᠬᠦᠨ ᠤ ᠴᠤᠪᠤᠷᠠᠯ ᠢ ᠪᠦᠷᠢᠯᠳᠦᠭᠦᠯᠪᠡ᠃ ᠪᠣᠬᠢᠷᠲᠤᠯ ᠦᠭᠡᠢ ᠠᠭᠤᠷᠬᠠᠢ ᠶᠢ ᠶᠡᠬᠡᠪᠡᠷ ᠪᠦᠲᠦᠭᠡᠨ ᠪᠠᠶᠢᠭᠤᠯᠵᠤ᠂ ᠱᠠᠨ ᠶᠢᠨ ᠠᠭᠤᠷᠬᠠᠶ ᠶᠢᠨ ᠭᠤᠷᠪᠠᠨ ᠭᠤᠤᠯ ᠤᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠶᠢᠨ Ⅱ ᠳ᠋ᠤᠭᠠᠷ ᠠᠭᠤᠷᠬᠠᠢ ᠶᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠰᠧᠨ ᠰᠢᠨ ᠠᠭᠤᠷᠬᠠᠶ ᠶᠢᠨ ᠤᠶᠢᠯᠡᠰ ᠤᠨ ᠰᠠᠨ ᠳ᠋ᠤᠤ ᠴᠢᠶᠣᠤ ᠲᠤᠭᠤᠯᠭ᠎ᠠ ᠴᠠᠶᠢᠷ ᠤᠨ ᠠᠭᠤᠷᠬᠠᠶ ᠪᠠ ᠱᠠᠨ ᠶᠢᠨ ᠠᠭᠤᠷᠬᠠᠢ ᠶᠢᠨ ᠤᠶᠢᠯᠡᠰ ᠤᠨ ᠳ᠋ᠧ ᠯᠦᠩ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠢ ᠶᠢᠨ ᠪᠥᠲᠥᠭᠡᠨ ᠪᠠᠶᠢᠭᠤᠯᠤᠯᠲᠠ ᠳᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠩᠭᠡᠷᠡᠭᠡᠪᠡ᠃ ᠠᠭᠤᠷᠬᠠᠢ ᠶᠢᠨ ᠠᠵᠤ ᠠᠬᠤᠶᠢᠯᠠᠯ ᠤᠨ ᠠᠴᠢᠶ᠎ᠠ ᠳᠦᠭᠦᠷᠡᠩ ᠦᠢᠯᠡᠳᠪᠦᠷᠢᠯᠡᠯ ᠢ ᠲᠦᠯᠬᠢᠨ ᠠᠬᠢᠭᠤᠯᠵᠤ᠂ 4.2 ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃   ᠰᠣᠶᠣᠯ ᠵᠢᠭᠤᠯᠴᠢᠯᠠᠯ ᠤᠨ ᠠᠵᠤ ᠤᠶᠢᠯᠡᠰ ᠢ ᠶᠡᠬᠡᠪᠡᠷ ᠬᠦᠭᠵᠢᠭᠦᠯᠵᠡᠢ᠃ ᠠᠩᠬᠠᠳᠤᠭᠠᠷ ᠬᠤᠭᠤᠴᠠᠭᠠᠨ ᠤ ᠭᠡᠭᠡᠨ ᠭᠤᠤᠯ ᠬᠤᠲᠠ ᠶᠢᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠮᠡᠳᠡᠭᠡ ᠵᠠᠩᠭᠢ ᠨᠡᠶᠢᠲᠡᠯᠡᠬᠦ ᠬᠤᠷᠠᠯ᠂ ᠳᠥᠷᠪᠡᠨ ᠤᠯᠠᠷᠢᠯ ᠤᠨ ᠭᠡᠭᠡᠨ ᠭᠤᠤᠯ ᠤᠨ ᠭᠡᠷᠡᠯ ᠵᠢᠷᠤᠭ ᠤᠨ ᠤᠷᠤᠯᠳᠤᠭᠠᠨ᠂ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ《 ᠰᠦᠷᠯᠢᠭ ᠰᠠᠶᠢᠬᠠᠨ ᠭᠡᠭᠡᠨ ᠭᠤᠤᠯ》ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠡᠶ᠃ ᠪᠡᠭᠡᠵᠢᠩ᠂ ᠱᠠᠩᠬᠠᠶ᠂ ᠺᠦᠨᠮᠢᠩ᠂ ᠬᠠᠶᠢᠺᠸᠤ ᠵᠡᠷᠭᠡ ᠭᠠᠵᠠᠷ ᠲᠤ ᠠᠮᠢ ᠠᠬᠤᠢ ᠶᠢᠨ ᠬᠦᠢᠲᠡᠨ ᠲᠤᠶᠢᠯ ᠤᠨ ᠤᠬᠠᠭᠤᠯᠭ᠎ᠠ ᠬᠢᠵᠦ᠂ ︽ᠳᠤᠮᠳᠠᠳᠤ ᠤᠯᠤᠰ ᠤᠨ ᠬᠦᠢᠲᠡᠨ ᠲᠦᠢᠯ︾᠂ ︽ᠤᠯᠭᠤᠶᠠ︾ ᠵᠤᠭᠠᠴᠠᠯ ᠤᠨ ᠲᠥᠷᠥᠯ ᠲᠡᠮᠳᠡᠭ ᠢ ᠪᠤᠵᠠᠭᠠᠶᠢᠷᠠᠭᠤᠯᠤᠨ ᠬᠦᠴᠤᠷᠬᠡᠭᠵᠢᠭᠦᠯᠵᠡᠢ᠃ ᠦᠵᠡᠮᠵᠢᠲᠦ ᠣᠷᠣᠨ ᠪᠠ ᠭᠡᠷ ᠪᠦᠯᠢ ᠶᠢᠨ ᠵᠤᠭᠠᠴᠠᠯ ᠤᠨ ᠠᠷᠪᠠᠨ ᠨᠢᠭᠡᠨ ᠡᠷᠦᠬᠡ ᠶᠢ ᠳᠡᠰ ᠳᠡᠪᠰᠢᠭᠦᠯᠵᠦ᠂  ᠮᠠᠨᠬᠦ᠋ᠢ ᠪᠠᠯᠭᠠᠰᠤ ᠶᠢᠨ 52 ᠶᠡᠭᠡ ᠳᠠᠪᠠᠭᠠᠨ ᠤ ᠵᠢᠭᠤᠯᠴᠢᠯᠠᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠵᠦ᠂ ᠶᠢᠨ ᠾᠧ ᠴᠠᠰᠤᠲᠤ ᠠᠭᠤᠯᠠᠨ ᠲᠣᠰᠬᠤᠨ᠂ ᠬᠦᠢᠳᠡᠨ ᠲᠤᠶᠢᠯ ᠤᠨ ᠲᠣᠰᠬᠤᠨ ᠤ ᠭᠡᠷ ᠲᠡᠷᠭᠡ ᠪᠠᠭᠤᠳᠠᠯᠯᠠᠬᠤ ᠭᠠᠵᠠᠷ ᠵᠡᠷᠭᠡ 6 ᠬᠦᠯᠢᠶᠡᠨ ᠠᠪᠬᠤ ᠡᠷᠦᠬᠡ ᠥᠪᠡᠷᠲᠡᠭᠡᠨ ᠵᠠᠰᠠᠬᠤ ᠣᠷᠣᠨ ᠤ ᠣᠳᠣᠨ ᠲᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠪᠠᠷ ᠦᠨᠡᠯᠡᠭᠳᠡᠪᠡ᠃ ᠡᠪᠦᠯ ᠤᠨ ᠤᠯᠠᠷᠢᠯ ᠤᠨ ᠵᠤᠭᠠᠴᠠᠯ ᠦᠷᠭᠦᠯᠵᠢᠯᠡᠨ ᠰᠠᠶᠢᠵᠢᠷᠠᠵᠤ᠂ 2019 ᠣᠨ ᠤ ᠳᠤᠮᠳᠠᠳᠤ ᠤᠯᠤᠰ ᠤᠨ ᠬᠦᠢᠳᠡᠨ ᠲᠦᠢᠯ ᠤᠨ ᠮᠠᠷᠠᠰᠤᠨ ᠵᠢᠴᠢ ᠭᠡᠭᠡᠨ ᠭᠤᠣᠯ ᠤᠨ ᠬᠦᠢᠳᠡᠨ ᠲᠦᠢᠯ ᠤᠨ ᠮᠥᠰᠥ ᠴᠠᠰᠤᠨ ᠤ ᠤᠯᠠᠷᠢᠯ ᠵᠡᠷᠭᠡ ᠡᠪᠦᠯ ᠤᠨ ᠤᠯᠠᠷᠢᠯ ᠤᠨ ᠵᠤᠭᠠᠴᠠᠯ ᠤᠨ ᠠᠵᠢᠯᠯᠠᠭ᠎ᠠ ᠮᠠᠰᠢ ᠰᠠᠶᠢᠨ ᠪᠣᠯᠪᠠ᠃ ᠪᠥᠬᠦ ᠵᠢᠯ ᠤᠨ ᠵᠢᠭᠤᠯᠴᠢᠯᠠᠯ ᠤᠨ ᠬᠥᠮᠦᠨ ᠤ ᠲᠤᠭ᠎ᠠ 135 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13% ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ 16.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠪᠡ᠃   ᠰᠢᠨ᠎ᠡ ᠪᠠᠷ ᠬᠥᠭᠵᠢᠭᠰᠡᠨ ᠠᠵᠤ ᠤᠶᠢᠯᠡᠰ ᠢ ᠪᠤᠶᠢᠵᠢᠭᠤᠯᠤᠨ ᠬᠦᠭᠵᠢᠬᠦᠯᠵᠡᠢ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠰᠢᠶᠠᠩ ᠪᠠᠯᠭᠠᠰᠤ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠬᠦᠢᠳᠡᠨ ᠲᠦᠢᠯ · ᠬᠡᠭᠡᠷ᠎ᠡ ᠶᠢᠨ ᠬᠥᠬᠡ  ᠵᠢᠮᠢᠰ ᠢ ᠡᠳ᠋ᠰᠢᠭᠦᠯᠵᠦ ᠪᠡᠶᠡᠴᠢᠯᠡᠨ ᠣᠶᠢᠯᠠᠭᠠᠬᠤ ᠭᠠᠵᠠᠷ᠂ ︽ᠬᠠᠩᠭᠠᠨ ᠪᠣᠷᠣᠯᠠᠭᠤᠯᠬᠤ e  ᠦᠷᠳᠡᠭᠡ︾ ᠬᠥᠳᠡᠭᠡ ᠲᠣᠰᠬᠤᠨ ᠤ ᠭᠤᠷᠪᠠᠳᠤᠭᠠᠷ ᠳᠡᠯᠭᠡᠴᠡᠲᠦ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠠᠪᠴᠠᠩ ᠢ ᠪᠠᠶᠢᠭᠤᠯᠵᠠᠢ᠃ ᠠᠭᠠᠷ ᠤᠨ ᠡᠬᠢ ᠶᠢᠨ ᠢᠯᠴᠢ ᠶᠢᠨ ᠬᠥᠭᠡᠷᠭᠡ ᠦᠢᠯᠡᠳᠪᠦᠷᠢᠯᠡᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠲᠦᠬᠦᠭᠡᠷᠤᠮᠵᠢ ᠶᠢᠨ ᠥᠨᠳᠥᠷ ᠬᠦᠢᠲᠡᠨ ᠤ ᠬᠡᠮᠵᠢᠯᠲᠡ ᠬᠢᠵᠦ᠂ ᠪᠡᠭᠡᠵᠢᠩ ᠤᠨ ᠲᠢᠶᠠᠨ ᠯᠢᠶᠠᠨ ᠺᠣᠮᠫᠠᠨᠢ ᠶᠢᠨ ᠣᠭᠲᠠᠷᠭᠤᠢ ᠶᠢᠨ ᠠᠯᠤᠰ ᠡᠵᠡᠮᠰᠢᠯᠲᠦ ᠳᠡᠯᠡᠬᠡᠢ ᠶᠢᠨ ᠪᠥᠮᠪᠥᠷᠴᠡᠭ ᠤᠨ ᠥᠷᠲᠡᠭᠡᠨ ᠤ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠮᠥᠰᠥ ᠴᠠᠰᠤᠨ ᠤ ᠠᠵᠤ ᠦᠢᠯᠡᠰ᠂ ᠰᠠᠨᠰᠠᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠤ ᠦᠢᠯᠡᠰ ᠢ ᠪᠠᠶᠢᠭᠤᠯᠤᠨ᠎ᠠ᠃  ︵ᠲᠠᠪᠤ︶ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠠᠰᠠᠭᠤᠳᠠᠯ ᠳᠤ ᠰᠢᠭᠤᠳ ᠬᠠᠨᠳᠤᠵᠤ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠥᠷᠢᠯᠡᠵᠦ᠂ ᠬᠤᠲᠠ ᠪᠠᠯᠭᠠᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ᠂ ᠬᠤᠲᠠ ᠪᠠᠯᠭᠠᠰᠤᠨ ᠤ ᠠᠭᠤᠯᠤᠭᠳᠠᠬᠤᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ 1.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠲᠥᠪ ᠵᠠᠮ᠂ ᠬᠢᠩᠭᠠᠨ ᠵᠠᠮ᠂ ᠯᠢᠨ ᠬᠠᠢ ᠵᠡᠭᠡᠯᠢ ᠵᠡᠷᠭᠡ 10 ᠵᠤᠷᠪᠤᠰ ᠬᠤᠲᠠ ᠶᠢᠨ ᠲᠣᠭᠤᠷᠢᠭ ᠤᠨ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠬᠦᠯᠵᠦ᠂ ᠵᠠᠰᠠᠮᠠᠯ ᠵᠠᠮ ᠤᠨ ᠪᠥᠬᠦ ᠣᠷᠳᠣ ᠨᠢ 15.5 ᠺᠢᠯᠣᠮᠧᠲᠷ ᠪᠣᠯᠤᠨ᠎ᠠ᠃ 520 ᠲᠦᠮᠡᠨ ᠲᠥᠭᠦᠷᠢᠭ ᠤᠨ ᠪᠠᠯᠠ ᠣᠷᠣᠭᠤᠯᠵᠤ ᠭᠡᠭᠡᠨ ᠭᠤᠤᠯ ᠬᠤᠲᠠ ᠶᠢᠨ ᠨᠡᠶᠢᠭᠡᠮ ᠵᠢᠷᠤᠮ ᠤᠨ ᠭᠤᠤᠯᠯᠠᠬᠤ  ᠦᠷᠳᠡᠭ ᠤᠨ ᠦᠵᠡᠯᠲᠡ ᠶᠢᠨ ᠭᠤᠤᠯ ᠰᠡᠳᠦᠪᠲᠦ ᠠᠭᠤᠳᠠᠮ ᠲᠠᠯᠠᠪᠠᠢ ᠶᠢ ᠪᠠᠶᠢᠭᠤᠯᠵᠠᠢ᠃ ᠲᠡᠮᠦᠷ ᠵᠠᠮ ᠤᠨ ᠰᠢᠰᠲ᠋ᠧᠮ ᠤᠨ ︽ᠬᠤᠶᠠᠷ ᠬᠠᠩᠭᠠᠯᠭ᠎ᠠ ᠨᠢᠭᠡ ᠠᠵᠢᠯ ᠤᠶᠢᠯᠡᠰ︾ ᠤᠨ ᠡᠭᠦᠷᠭᠡ ᠴᠢᠳᠠᠪᠤᠷᠢ ᠶᠢ ᠪᠥᠬᠦ ᠲᠠᠯ᠎ᠠ ᠪᠠᠷ ᠭᠥᠯᠢᠶᠡᠨ ᠠᠪᠴᠤ᠂ 4408 ᠲᠦᠮᠡᠨ ᠲᠥᠭᠦᠷᠢᠭ ᠤᠨ ᠪᠠᠯᠠ ᠣᠷᠣᠭᠤᠯᠤᠨ ᠲᠡᠮᠦᠷ ᠵᠠᠮ ᠤᠨ ᠠᠵᠢᠯᠴᠢᠨ ᠤ ᠬᠡᠷ ᠪᠦᠯᠢ ᠶᠢᠨ ᠬᠠᠷᠢᠶᠠᠲᠤ ᠣᠷᠣᠨ ᠳᠤ ᠰᠡᠯᠪᠢᠨ ᠵᠠᠰᠠᠪᠠ᠃ 8560 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠭᠤᠤᠯ ᠬᠤᠲᠠ ᠶᠢᠨ ᠲᠣᠭᠤᠷᠢᠭ ᠵᠢᠴᠢ ᠤᠯᠭᠤᠶᠠ ᠦᠨᠳᠤᠰᠤᠳᠠᠨ ᠤ ᠰᠢᠶᠠᠩ ᠤᠨ ᠳ᠋ᠠᠢ ᠮᠦ ᠡᠨᠧᠷᠭᠢ ᠶᠢᠨ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠢ ᠲᠤᠷᠰᠢᠨ ᠠᠵᠢᠯᠯᠠᠭᠤᠯᠵᠠᠶ᠃ ᠶᠡᠷᠦᠩᠬᠡᠶ ᠪᠡᠯᠡ ᠣᠷᠣᠭᠤᠯᠤᠯᠲᠠ ᠨᠢ 3300 ᠲᠦᠮᠡᠨ ᠲᠥᠭᠦᠷᠢᠭ ᠤᠨ ᠠᠯᠦ᠋ᠩᠱᠠᠨ ᠪᠠᠯᠭᠠᠰᠤᠨ ᠤ ᠳ᠋ᠠᠶ ᠮᠦ ᠡᠨᠧᠷᠭᠢ ᠶᠢᠨ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠠᠰᠢᠭᠯᠠᠯᠲᠠ ᠳᠤ ᠣᠷᠣᠵᠤ᠂ ᠨᠡᠶᠢᠲᠡ 1800 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠰᠢᠶᠠᠩ ᠪᠠᠯᠭᠠᠰᠤᠨ ᠤ ᠢᠯᠴᠢ ᠬᠠᠩᠭᠠᠬᠤ ᠬᠤᠭᠤᠯᠠᠢ ᠶᠢᠨ ᠲᠣᠣᠷ᠂ ᠭᠦᠸᠧᠯᠦ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠤᠷᠤᠭᠰᠢᠲᠠᠶ ᠶᠠᠪᠤᠭᠳᠠᠵᠤ᠂ ᠬᠤᠲᠠ ᠪᠠᠯᠭᠠᠰᠤᠨ ᠤ ᠢᠯᠴᠢ ᠬᠠᠩᠭᠠᠬᠤ ᠠᠮᠤᠷ ᠲᠦᠪᠰᠢᠨ ᠢ ᠬᠦᠴᠦᠲᠡᠢ ᠪᠠᠲᠤᠯᠠᠪᠠ᠃      ᠬᠤᠳᠠ ᠶᠢᠨ ᠬᠠᠮᠢᠶᠠᠷᠤᠯᠲᠠ ᠪᠦᠬᠦ ᠲᠠᠯ᠎ᠠ ᠪᠠᠷ ᠴᠢᠩᠭᠠᠷᠠᠪᠠ᠃ ᠬᠤᠲᠠ ᠶᠢᠨ ᠲᠤᠳᠤᠷᠬᠠᠶᠢᠯᠠᠯᠲᠠ ᠶᠢᠨ ᠳᠡᠮᠳᠡᠭ ᠤᠨ ᠰᠢᠰᠲ᠋ᠧᠮ ᠢ ᠲᠡᠭᠦᠯᠳᠡᠷᠵᠢᠭᠦᠯᠵᠦ᠂ 235 ᠬᠡᠰᠡᠭ ᠵᠠᠮ ᠤᠨ ᠲᠡᠮᠳᠡᠭ ᠫᠠᠶᠢᠰᠠ ᠶᠢ ᠰᠣᠯᠢᠵᠤ᠂ 6 ᠤᠯᠠᠭᠠᠨ ᠨᠣᠭᠤᠭᠠᠨ ᠳ᠋ᠧᠩ ᠢ ᠰᠢᠨ᠎ᠡ ᠪᠠᠷ ᠪᠠᠶᠢᠭᠤᠯᠵᠤ᠂ 1300 ᠲᠡᠷᠭᠡ ᠵᠣᠭᠰᠣᠬᠤ ᠪᠠᠶᠢᠷᠢ ᠲᠣᠭᠲᠠᠭᠠᠵᠤ᠂ ᠬᠤᠲᠡ ᠶᠢᠨ ᠠᠷᠠᠳ ᠤᠨ ᠶᠠᠪᠤᠵᠤ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠪᠠ᠃ ᠬᠤᠲᠠ ᠶᠢᠨ ᠠᠷᠢᠭᠤᠨ ᠴᠡᠪᠡᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ︽ᠡᠷᠦᠢ ᠬᠤᠷᠤᠢ ᠦᠭᠡᠢ ᠪᠠᠶᠢᠬᠤ︾ ᠶᠢ ᠵᠠᠰᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ 359 ᠲᠦᠮᠡᠨ ᠲᠥᠭᠦᠷᠢᠭ ᠤᠨ ᠪᠡᠯᠡ ᠣᠷᠣᠭᠤᠯᠵᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠠᠯᠦ᠋ᠩᠱᠠᠨ ᠪᠠᠯᠭᠠᠰᠤ ᠶᠢᠨ ᠬᠤᠶᠢᠲᠤ ᠵᠡᠭᠡᠯᠢ ᠶᠢᠨ ᠵᠠᠰᠠᠮᠠᠯ ᠵᠠᠮ ᠤᠨ ᠵᠠᠬ᠎ᠠ ᠳᠡᠯᠭᠡᠭᠦᠷ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠪᠠ᠃       ᠵᠠᠮ ᠬᠠᠷᠢᠯᠴᠠᠭᠠᠨ ᠤ ᠰᠢᠰᠲ᠋ᠧᠮ ᠰᠢᠯᠢᠳᠡᠭᠵᠢᠪᠡ᠃ 6.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳ᠋ᠧᠯᠪᠤᠷ ᠠᠴᠠ ᠱᠠᠩ ᠬᠦ᠋ ᠯᠢᠨ ᠬᠦᠷᠬᠦ᠂ ᠭᠡᠭᠡᠨ ᠭᠤᠣᠯ ᠠᠴᠠ ᠪᠠᠢ ᠯᠦ ᠳ᠋ᠤᠤ ᠬᠦᠷᠬᠦ᠂ ᠨᠢᠦ ᠡᠯ ᠾᠧ ᠣᠢ ᠰᠢᠭᠤᠢ ᠶᠢᠨ ᠲᠠᠯᠠᠪᠠᠢ ᠠᠴᠠ ᠬᠠᠨ ᠮᠠ ᠬᠦᠷᠬᠦ᠂ ᠮᠠᠨᠬᠦ᠋ᠢ ᠾᠧ ᠰᠢ ᠣᠢ ᠰᠢᠭᠤᠢ ᠶᠢᠨ ᠲᠠᠯᠠᠪᠠᠢ ᠠᠴᠠ ᠹᠦ᠋ ᠺᠧ ᠱᠠᠨ ᠬᠦᠷᠬᠦ ᠳᠥᠷᠪᠡᠨ ᠭᠤᠷᠪᠠᠳᠤᠭᠠᠷ ᠳᠡᠰ ᠤᠨ ᠵᠠᠰᠠᠮᠠᠯ ᠵᠠᠮ ᠢ ᠪᠦᠲᠦᠭᠡᠨ ᠪᠠᠶᠢᠭᠤᠯᠵᠠᠢ᠃ ᠭᠡᠭᠡᠨ ᠭᠤᠣᠯ ᠤᠨ ᠣᠯᠭᠤᠶᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠳᠡᠰ ᠳᠡᠪᠰᠢᠭᠦᠯᠬᠦ  ᠢᠨᠵᠧᠨᠧᠷᠢᠩ ᠢ ᠬᠡᠷᠡᠭᠵᠢᠭᠦᠯᠵᠡᠢ᠃ 432 ᠲᠦᠮᠡᠨ ᠲᠥᠭᠦᠷᠢᠭ ᠤᠨ ᠪᠡᠯᠡ ᠣᠷᠣᠭᠤᠯᠵᠤ ᠭᠡᠭᠡᠨ ᠭᠤᠤᠯ ᠤᠨ ᠭᠠᠯᠲᠤ ᠲᠡᠷᠭᠡᠨ ᠥᠷᠲᠡᠭᠡ ᠵᠢᠴᠢ ᠥᠷᠲᠡᠭᠡᠨ ᠤ ᠡᠮᠦᠨᠡᠬᠢ ᠠᠭᠤᠳᠠᠮ ᠲᠠᠯᠠᠪᠠᠶ ᠳᠤ ᠥᠭᠡᠷᠡᠴᠢᠯᠡᠯᠲᠡ ᠬᠢᠵᠡᠶ᠃ ᠭᠡᠭᠡᠨ ᠭᠤᠣᠯ ᠠᠴᠠ ᠬᠠᠷᠪᠢᠨ ᠳᠤ ᠰᠢᠭᠤᠳ ᠨᠡᠪᠲᠡᠷᠡᠬᠦ ᠠᠶᠠᠨᠴᠢᠳ ᠤᠨ ᠭᠠᠯᠲᠤ ᠲᠡᠷᠭᠡ ᠶᠢ ᠨᠡᠪᠲᠡᠷᠡᠭᠦᠯᠵᠦ᠂ ᠵᠠᠮ ᠲᠡᠭᠡᠭᠡᠪᠦᠷᠢ ᠶᠢᠨ ᠰᠢᠰᠲ᠋ᠧᠮ ᠨᠡᠩ ᠲᠡᠭᠦᠯᠳᠡᠷᠵᠢᠪᠡ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ