︽ᠭᠡᠭᠡᠨ ᠭᠤᠤᠯ ᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠪᠠ ᠨᠦᠬᠦᠪᠤᠷᠢᠯᠡᠨ ᠦᠭᠡᠷᠡᠴᠢᠯᠡᠬᠦ ᠲᠡᠩᠴᠡᠭᠦᠷᠢ ᠶᠢ ᠰᠠᠶᠢᠵᠢᠷᠠᠭᠤᠯᠤᠨ ᠴᠢᠩᠭᠠᠳᠬᠠᠬᠤ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/20
  ᠲᠠᠷᠢᠶᠠᠨ ᠭᠠᠵᠠᠷ ᠤᠨ ᠬᠠᠮᠠᠭᠠᠯᠠᠯᠲᠠ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠨ᠎ᠠ᠂ ᠨᠠᠮ ᠤᠨ ᠲᠥᠪ  ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠡᠨᠡ ᠬᠦ ᠶᠠᠪᠤᠳᠠᠯ ᠢ ᠶᠡᠷᠦ ᠠᠴᠠ ᠳᠡᠭᠡᠳᠦ ᠬᠡᠮᠵᠢᠶ᠎ᠡ ᠪᠠᠷ ᠬᠠᠯᠠᠮᠵᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ ᠨᠥᠬᠦᠳ ᠲᠠᠷᠢᠶᠠᠨ ᠭᠠᠵᠠᠷ ᠢ ᠬᠠᠮᠠᠭᠠᠯᠠᠬᠤ  ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠪᠠ ᠴᠣᠬᠤᠯᠠᠪᠤᠷᠢ ᠥᠭᠴᠦ᠂ ᠰᠢᠨ᠎ᠡ ᠴᠠᠭ ᠦᠶ᠎ᠡ ᠶᠢᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠪᠠ᠃ ᠮᠠᠨ ᠤ ᠬᠤᠲᠠ ᠶᠢᠨ ᠲᠠᠷᠢᠶᠠᠨ ᠭᠠᠵᠠᠷ ᠢ ᠤᠯᠠᠮ ᠨᠢᠭᠡ ᠠᠯᠬᠤᠮ ᠬᠠᠮᠠᠭᠠᠯᠠᠬᠤ ᠪᠠ ᠨᠦᠬᠦᠪᠤᠷᠢᠯᠡᠨ ᠦᠭᠡᠷᠡᠴᠢᠯᠡᠬᠦ ᠲᠡᠩᠴᠡᠭᠦᠷᠢ ᠶᠢ ᠰᠠᠶᠢᠵᠢᠷᠠᠭᠤᠯᠤᠨ ᠴᠢᠩᠭᠠᠳᠬᠠᠬᠤ ᠶᠢᠨ ᠲᠥᠯᠥᠭᠡ᠂ ᠭᠡᠭᠡᠨ ᠭᠤᠤᠯ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠬᠤᠶᠠᠷ᠂ ᠲᠣᠭᠲᠠᠭᠠᠬᠤ ᠦᠨᠳᠦᠰᠦᠯᠡᠯ   ︽ᠲᠠᠷᠢᠶᠠᠨ ᠭᠠᠵᠠᠷ ᠢ ᠬᠠᠮᠠᠭᠠᠯᠠᠬᠤ ᠪᠠ ᠨᠦᠬᠦᠪᠤᠷᠢᠯᠡᠨ ᠦᠭᠡᠷᠡᠴᠢᠯᠡᠬᠦ ᠲᠡᠩᠴᠡᠭᠦᠷᠢ ᠶᠢ ᠰᠠᠶᠢᠵᠢᠷᠠᠭᠤᠯᠤᠨ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠡᠨ ᠤ ᠰᠠᠨᠠᠯ︾ ︵ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠤ ᠶᠢᠨ ᠶᠠᠪᠤᠳᠠᠯ ᠤᠨ ᠬᠤᠷᠢᠶ᠎ᠡ ᠲᠠᠷᠬᠠᠭᠠᠭᠰᠠᠨ ︹ 2017 ︺ 4 ᠳ᠋ᠦᠭᠡᠷ ᠲᠣᠭᠠᠲᠤ︶᠂ ︽ᠲᠠᠷᠢᠶᠠᠨ ᠭᠠᠵᠠᠷ ᠢ ᠬᠠᠮᠠᠭᠠᠯᠠᠬᠤ ᠪᠠ ᠨᠦᠬᠦᠪᠤᠷᠢᠯᠡᠨ ᠦᠭᠡᠷᠡᠴᠢᠯᠡᠬᠦ ᠲᠡᠩᠴᠡᠭᠦᠷᠢ ᠶᠢ ᠰᠠᠶᠢᠵᠢᠷᠠᠭᠤᠯᠤᠨ ᠴᠢᠩᠭᠠᠳᠬᠠᠬᠤ  ᠬᠡᠷᠡᠭᠵᠢᠬᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠤᠷ ᠮᠤᠩᠭᠤᠯ ᠤᠨ ᠨᠠᠮ ᠤᠨ ᠬᠤᠷᠢᠶ᠎ᠡ ᠲᠠᠷᠬᠠᠭᠠᠭᠰᠠᠨ ︹ 2018 ︺ 9 ᠳ᠋ᠦᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠭᠤᠷᠪᠠ᠂ ᠬᠡᠷᠡᠭᠵᠢᠭᠦᠯᠬᠦ ᠲᠥᠰᠦᠯ ᠤᠨ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠤᠭᠰᠠᠨ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ ᠪᠣᠳᠣᠯᠬᠢᠯᠠᠯ ᠢ ᠪᠠᠲᠤ ᠪᠠᠬᠢ ᠪᠤᠢ ᠪᠣᠯᠭᠠᠵᠤ᠂ ᠭᠠᠵᠠᠷ ᠰᠢᠷᠣᠶ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠶ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠢᠪᠲᠤᠯᠬᠤ ᠦᠭᠡᠶ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠶ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠶ ᠶᠢ ᠠᠷᠪᠢᠯᠠᠨ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠪᠠᠷᠢᠮᠳᠠᠯᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠲᠠᠷᠢᠶᠠᠨ ᠭᠠᠵᠠᠷ ᠢ ᠬᠠᠮᠢᠶᠠᠷᠤᠨ ᠡᠵᠡᠮᠳᠡᠬᠦ᠂ ᠪᠥᠲᠥᠭᠡᠨ ᠪᠠᠶᠢᠭᠤᠯᠬᠤ᠂  ᠵᠤᠷᠢᠭᠵᠢᠭᠤᠯᠬᠤ ᠣᠯᠠᠨ ᠠᠷᠭ᠎ᠠ  ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠲᠠᠷᠢᠶᠠᠨ ᠭᠠᠵᠠᠷ ᠢ ᠡᠵᠡᠯᠡᠨ ᠨᠥᠬᠦᠪᠥᠷᠢᠯᠡᠬᠦ ᠶᠢ ᠲᠡᠩᠴᠡᠭᠦᠷᠢᠲᠡᠶ ᠪᠥᠭᠡᠳ ᠵᠢᠷᠤᠮᠵᠢᠭᠰᠠᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ ᠲᠦᠷᠪᠡ᠂ ᠭᠤᠤᠯ ᠪᠤᠯᠬᠤ ᠠᠭᠤᠯᠭ᠎ᠠ1. ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠲᠠᠷᠢᠶᠡᠨ ᠭᠠᠵᠠᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠵᠢᠴᠢ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠡᠭᠦᠰᠬᠦ ᠶᠢ ᠪᠦᠲᠦᠮᠵᠢᠲᠡᠶ ᠬᠤᠷᠢᠭᠯᠠᠬᠤ ᠬᠡᠷᠡᠭᠲᠡᠶ᠃ 2. ᠲᠠᠷᠢᠶᠡᠨ ᠭᠠᠵᠠᠷ ᠢ ᠡᠵᠡᠯᠡᠨ ᠨᠦᠬᠦᠪᠤᠷᠢᠯᠡᠬᠦ ᠲᠡᠩᠴᠡᠪᠤᠷᠢ ᠶᠢᠨ ᠬᠠᠮᠢᠶᠠᠷᠤᠯᠲᠠ ᠶᠢ ᠦᠭᠡᠷᠡᠴᠢᠯᠡᠨ ᠰᠠᠶᠢᠵᠢᠷᠠᠭᠤᠯᠤᠨ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ 3. ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠮᠠᠨ ᠤ ᠬᠤᠲᠠ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠯᠠᠨ᠎ᠠ᠃ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠦᠯᠡᠳᠡᠭᠡᠯ ᠭᠠᠵᠠᠷ ᠰᠢᠷᠤᠢ ᠶᠢᠨ ᠳᠠᠯᠳᠠ ᠬᠦᠴᠦᠨ ᠢ ᠢᠳᠡᠪᠬᠢᠲᠠᠢ ᠠᠭᠤᠳᠠᠯᠵᠤ᠂ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠠᠲᠠᠷ ᠭᠠᠵᠠᠷ ᠤᠨ ᠮᠠᠭᠤ ᠭᠠᠵᠠᠷ ᠪᠣᠯᠤᠨ ᠠᠰᠢᠭᠯᠠᠭᠠᠳᠤᠶ ᠭᠠᠵᠠᠷ ᠢ ᠭᠦᠶ᠋ᠴᠡᠳ ᠠᠰᠢᠭᠯᠠᠨ᠂ ᠲᠠᠷᠢᠶᠠᠨ ᠭᠠᠵᠠᠷ ᠢ ᠠᠯᠢ ᠪᠣᠯᠬᠤ ᠪᠠᠷ ᠡᠵᠡᠯᠡᠬᠦ ᠦᠭᠡᠶ ᠪᠤᠶᠤ ᠪᠠᠭ᠎ᠠ ᠡᠵᠡᠯᠡᠬᠦ ᠬᠡᠷᠡᠭᠲᠡᠶ᠃ ᠡᠬᠡ ᠪᠢᠴᠢᠭ ᠤᠨ ᠢᠷᠡᠯᠲᠡ᠄ ᠲᠤᠳᠤᠷᠬᠠᠢ ᠦᠭᠡᠢᠵᠤᠬᠢᠶᠠᠭᠴᠢ᠄ ᠲᠤᠳᠤᠷᠬᠠᠢ ᠦᠭᠡᠢ    
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号