ᠯᠢ ᠭᠦᠸᠧ ᠶᠢᠦ᠄ ᠤᠢ ᠰᠢᠭᠤᠢ ᠶᠢᠨ ᠬᠠᠮᠠᠭᠠᠯᠠᠯᠲᠠ ᠶᠢᠨ ᠨᠢᠭᠡᠳᠦᠭᠡᠷ ᠹᠷᠣᠨᠲ ᠶᠢ ᠪᠠᠲᠤ ᠰᠠᠬᠢᠵᠠᠢ
ᠨᠡᠶᠢᠲᠡᠯᠡᠭᠰᠡᠨ ᠴᠠᠭ᠄
2020/10/21
  ᠲᠡᠷᠡ᠂ ᠦᠨᠳᠦᠰᠦᠨ ᠱᠠᠲᠤᠨ ᠳᠤ ᠦᠨᠳᠦᠰᠦᠯᠡᠵᠦ ᠠᠭᠤᠯᠠ ᠰᠢᠭᠤᠶ ᠪᠠᠨ ᠬᠠᠮᠠᠭᠠᠯᠠᠵᠤ᠂ ᠭᠡᠭᠡᠨ ᠭᠤᠤᠯ ᠤᠨ ᠠᠮᠢ ᠠᠬᠤᠢ ᠶᠢᠨ ᠴᠢᠳᠠᠮᠵᠢᠲᠤ ᠣᠷᠣᠨ ᠢ ᠰᠠᠬᠢᠨ ᠬᠠᠮᠠᠭᠠᠯᠠᠵᠤ᠂ ᠣᠢ ᠰᠢᠭᠤᠶ ᠶᠢᠨ ᠲᠣᠪᠴᠢᠶᠠᠨ ᠤ ᠪᠠᠷᠠᠭᠤᠨ ᠡᠮᠦᠨ᠎ᠡ ᠬᠠᠭᠠᠯᠭ᠎ᠠ ᠶᠢ ᠰᠠᠶᠢᠲᠤᠷ  ᠰᠠᠬᠢᠵᠠᠢ᠃ ᠲᠡᠷᠡ ᠪᠣᠯ ᠭᠡᠭᠡᠨ ᠭᠤᠣᠯ ᠤᠨ ᠤᠢ ᠰᠢᠭᠤᠢ ᠶᠢᠨ ᠲᠣᠪᠴᠢᠶᠠᠨ ᠤ ᠵᠢᠶᠤᠤ ᠳ᠋ᠤᠤ ᠮᠦ ᠤᠢ ᠰᠢᠭᠤᠢ ᠶᠢᠨ ᠲᠠᠯᠠᠪᠠᠢ ᠶᠢᠨ 103 ᠬᠠᠮᠢᠶᠠᠷᠤᠨ ᠬᠠᠮᠠᠭᠠᠯᠠᠬᠤ ᠦᠷᠳᠡᠭᠡ ᠶᠢᠨ ᠳᠠᠷᠤᠭ᠎ᠠ᠂ ᠡᠪ ᠬᠠᠮᠲᠤ ᠨᠠᠮ ᠤᠨ ᠭᠡᠰᠢᠭᠦᠨ ᠯᠢ ᠭᠦᠸᠧ ᠶᠢᠦ ᠪᠤᠯᠤᠨ᠎ᠠ᠃      ᠯᠢ ᠭᠦᠸᠧ ᠶᠢᠦ 1986 ᠣᠨ ᠳᠤ ᠠᠵᠢᠯ ᠳᠤ ᠤᠷᠤᠯᠴᠠᠵᠤ᠂ ᠮᠣᠳᠣ ᠮᠠᠲ᠋ᠧᠷᠢᠶᠠᠯ ᠴᠤᠭᠯᠠᠭᠤᠯᠬᠤ ᠠᠵᠢᠯᠴᠢᠨ᠂ ᠮᠣᠳᠣ ᠮᠠᠲ᠋ᠧᠷᠢᠶᠠᠯ ᠴᠤᠭᠯᠠᠭᠤᠯᠬᠤ ᠵᠢᠯᠣᠭᠤᠴᠢ ᠪᠣᠯᠵᠤ ᠪᠠᠶᠢᠵᠠᠢ᠃ ᠮᠣᠳᠣ ᠣᠭᠲᠣᠯᠬᠤ ᠪᠠᠨ ᠪᠦᠬᠦ ᠲᠠᠯ᠎ᠠ ᠪᠠᠷ ᠵᠣᠭᠰᠣᠭᠰᠠᠨ ᠤ ᠳᠠᠷᠠᠭ᠎ᠠ᠂ ᠲᠡᠷᠡ ᠤᠤᠯ ᠤᠨ ᠮᠣᠳᠣ ᠴᠤᠭᠯᠠᠭᠤᠯᠬᠤ ᠵᠢᠯᠣᠭᠤᠴᠢ ᠪᠠᠶᠢᠭᠰᠠᠨ ᠠᠴᠠ ᠪᠠᠨ ᠬᠠᠮᠢᠶᠠᠷᠤᠭᠴᠢ  ᠪᠤᠯᠵᠤ᠂ ᠠᠵᠢᠯ ᠢᠶᠠᠨ ᠭᠠᠷᠮᠠᠭᠠᠢ ᠰᠡᠶᠢᠳᠤᠷ ᠬᠢᠭᠰᠡᠨ ᠤ ᠤᠴᠢᠷ ᠠᠴᠠ᠂ ᠤᠳᠠᠯ ᠦᠭᠡᠢ ᠬᠠᠮᠢᠶᠠᠷᠤᠨ ᠬᠠᠮᠠᠭᠠᠯᠠᠬᠤ ᠥᠷᠲᠡᠭᠡᠨ ᠤ ᠳᠠᠷᠤᠭ᠎ᠠ ᠪᠤᠯᠪᠠ᠃   103 ᠬᠠᠮᠢᠶᠠᠷᠤᠨ ᠬᠠᠮᠠᠭᠠᠯᠠᠬᠤ ᠥᠷᠲᠡᠭᠡ ᠨᠢ S301 ᠮᠤᠵᠢ ᠶᠢᠨ ᠵᠠᠮ ᠳᠤ ᠪᠠᠶᠢᠷᠢᠯᠠᠨ᠂ ᠬᠤᠲᠠ ᠶᠢᠨ ᠲᠣᠭᠤᠷᠢᠭ ᠠᠴᠠ 70 ᠭᠠᠷᠤᠶ ᠺᠢᠯᠣᠮᠧᠲᠷ ᠵᠠᠶᠢᠲᠠᠶ᠃ ᠬᠠᠶᠢᠯᠠᠷ᠂ ᠡᠷᠭᠦᠨ᠎ᠡ ᠬᠤᠲᠠ ᠳᠤ ᠨᠡᠪᠲᠡᠷᠡᠬᠦ ᠭᠤᠤᠯ ᠵᠠᠮ ᠪᠠᠶᠢᠵᠤ᠂ ᠢᠷᠡᠵᠦ ᠶᠠᠪᠤᠬᠤ ᠬᠥᠮᠦᠨ ᠪᠠ ᠲᠡᠷᠭᠡ ᠣᠯᠠᠨ᠂ ᠬᠠᠮᠢᠶᠠᠷᠴᠤ ᠬᠠᠮᠠᠭᠠᠯᠠᠬᠤ ᠬᠦᠴᠢᠷᠳᠡᠯ ᠶᠡᠭᠡ᠃ ᠯᠢ ᠭᠦᠸᠧ ᠶᠢᠦ ᠶᠢᠨ ᠡᠨᠡᠬᠦ ᠬᠠᠮᠢᠶᠠᠷᠤᠨ ᠬᠠᠮᠠᠭᠠᠯᠠᠬᠤ ᠥᠷᠲᠡᠭᠡ ᠳᠤ ᠨᠡᠶᠢᠲᠡ 4 ᠬᠠᠮᠢᠶᠠᠷᠤᠨ ᠬᠠᠮᠠᠭᠠᠯᠠᠭᠴᠢ ᠪᠠᠶᠢᠵᠤ᠂ ᠬᠠᠮᠢᠶᠠᠷᠴᠤ ᠬᠠᠮᠠᠭᠠᠯᠠᠬᠤ ᠲᠠᠯᠠᠪᠠᠢ 3885 ᠾᠧᠺᠲ᠋ᠠᠷ᠂ ᠵᠢᠯ ᠪᠦᠷᠢ ᠶᠢᠨ ᠭᠠᠯ ᠰᠡᠷᠭᠡᠶᠢᠯᠡᠬᠦ ᠬᠤᠭᠤᠴᠠᠭᠠᠨ ᠳᠤ᠂ ᠯᠢ ᠭᠦᠸᠧ ᠶᠢᠦ ᠪᠣᠯᠤᠨ ᠬᠠᠮᠲᠤ ᠠᠵᠢᠯᠲᠠᠳ ᠡᠳᠦᠷ ᠪᠦᠷᠢ ᠥᠷᠲᠡᠭᠡ ᠪᠠᠨ ᠪᠠᠲᠤ ᠰᠠᠬᠢᠬᠤ ᠶᠢᠨ ᠬᠠᠮᠲᠤ᠂ ᠪᠠᠰᠠ ᠠᠩᠬᠢ ᠡᠭᠡᠯᠵᠢᠯᠡᠨ ᠬᠠᠮᠢᠶᠠᠷᠤᠨ ᠬᠠᠮᠠᠭᠠᠯᠠᠬᠤ ᠣᠷᠣᠨ ᠤ ᠲᠤᠳᠤᠷᠠᠬᠢ ᠤᠷᠤᠨ ᠳᠤ ᠲᠣᠭᠤᠷᠢᠨ ᠬᠠᠮᠠᠭᠠᠯᠠᠳᠠᠭ᠃ ᠲᠣᠭᠤᠷᠢᠨ ᠬᠠᠮᠠᠭᠠᠯᠠᠬᠤ ᠣᠷᠣᠨ ᠤ ᠡᠯ᠎ᠡ ᠵᠦᠢᠯ ᠤᠨ ᠭᠠᠯ ᠤᠨ ᠠᠶᠤᠯ ᠤᠨ ᠳᠠᠯᠳᠠ ᠭᠡᠮ ᠢ ᠪᠠᠶᠢᠴᠠᠭᠠᠵᠤ᠂ ᠪᠠᠰᠠ ᠠᠭᠤᠯᠠᠨ ᠳᠤ ᠣᠷᠣᠭᠰᠠᠳ ᠲᠤ ᠠᠭᠤᠯᠠᠨ ᠳᠤ ᠣᠷᠣᠬᠤ ᠦᠨᠡᠮᠯᠡᠯ ᠤᠨ ᠰᠢᠯᠭᠠᠨ ᠪᠠᠶᠢᠴᠠᠭᠠᠯᠲᠠ ᠬᠢᠵᠦ᠂ ᠳᠤᠷ᠎ᠠ  ᠪᠠᠷ ᠢᠶᠠᠨ ᠠᠩᠨᠠᠬᠤ᠂ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠮᠠᠯᠲᠠᠬᠤ ᠵᠡᠷᠭᠡ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ  ᠵᠤᠭᠰᠤᠭᠠᠵᠤ᠂ ᠡᠭᠦᠨ ᠤ ᠬᠠᠮᠲᠤ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠭᠠᠮᠰᠢᠭ ᠤᠨ ᠪᠠᠶᠢᠳᠠᠯ ᠢ ᠠᠩᠬᠠᠷᠳᠠᠭ᠃   ᠰᠢᠭᠤᠶᠢᠲᠤ ᠤᠷᠤᠨ ᠢ ᠡᠷᠡᠰ ᠰᠠᠬᠢᠬᠤ ᠶᠢ ᠰᠤᠩᠭᠤᠭᠰᠠᠨ ᠯᠢ ᠭᠥᠸᠧ ᠶᠧᠦ᠂ ᠲᠡᠭᠦᠨ ᠤ ᠬᠠᠮᠢᠶᠠᠷᠴᠤ ᠪᠠᠶᠢᠭ᠎ᠠ ᠰᠢᠭᠤᠶᠢᠲᠤ ᠭᠠᠵᠠᠷ ᠤᠨ ᠠᠭᠤᠯᠠ ᠨᠢᠭᠡᠪᠦᠷᠢ ᠶᠢᠨ ᠣᠷᠣᠨ ᠪᠠᠶᠢᠷᠢ᠂ ᠤᠢ ᠰᠢᠭᠤᠶ ᠶᠢᠨ ᠠᠩᠬᠢ ᠨᠢᠭᠡᠪᠤᠷᠢ ᠶᠢᠨ ᠨᠠᠷᠢᠨ ᠪᠠᠶᠢᠳᠠᠯ ᠢ ᠪᠦᠷ ᠰᠠᠶᠢᠨ ᠴᠡᠭᠡᠵᠢᠯᠡᠭᠰᠡᠨ ᠪᠠᠶᠢᠨ᠎ᠠ᠃ ᠲᠡᠷᠡ ᠦᠭᠡ ᠳᠠᠭᠤᠤ ᠦᠭᠡᠢ ᠪᠠᠷ ᠡᠨᠡᠬᠦ ᠬᠡᠰᠡᠭ ᠬᠡᠰᠡᠭ ᠨᠣᠭᠤᠭᠠᠨ ᠦᠩᠭᠡ ᠶᠢ ᠬᠠᠮᠠᠭᠠᠯᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ ᠪᠠᠶᠢᠨ᠎ᠠ᠃ ᠶᠠᠭ ᠲᠡᠭᠦᠨ ᠤ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠠᠴᠠ ᠪᠤᠯᠵᠤ᠂ ᠲᠡᠭᠦᠨ ᠤ ᠬᠠᠮᠢᠶᠠᠷᠴᠤ ᠪᠠᠶᠢᠭ᠎ᠠ ᠬᠠᠷᠢᠭᠤᠴᠠᠯᠭ᠎ᠠ ᠶᠢᠨ ᠣᠷᠣᠨ ᠣᠶᠢᠷ᠎ᠠ ᠶᠢᠨ ᠵᠢᠯ ᠳᠤ᠂ ᠭᠠᠯ ᠤᠨ ᠠᠶᠤᠯ᠂ ᠣᠶ ᠮᠣᠳᠣ ᠶᠢ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠰᠢᠭᠤᠶᠢᠲᠤ ᠤᠷᠤᠨ ᠢ ᠡᠵᠡᠯᠡᠬᠦ ᠦᠵᠡᠭᠳᠡᠯ ᠨᠢᠭᠡ ᠴᠦ ᠭᠠᠷᠤᠭᠰᠠᠨ ᠥᠬᠡᠶ ᠶᠤᠮ᠃ ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠠ ᠵᠣᠬᠢᠶᠠᠭᠴᠢ᠄ ᠳ᠋ᠦᠩ ᠶᠠᠨ ᠳ᠋ᠦᠩ ᠮᠢᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号