ᠨᠤᠫᠧᠯ ᠤᠨ ᠱᠠᠩᠨᠠᠯ ᠳᠤᠳᠤᠷᠠᠯ᠎ᠠ
ᠨᠡᠶᠢᠲᠡᠯᠡᠭᠰᠡᠨ ᠴᠠᠭ᠄
2020/11/11
 ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 5 ᠤ ᠡᠳᠦᠷ ᠲᠤ᠂ ᠰᠸᠧᠳᠧᠨ ᠤ ᠨᠠᠶᠢᠰᠯᠠᠯ ᠰᠲ᠋ᠤᠺᠬᠤᠯᠮ ᠤᠨ ᠺᠠᠷᠤᠷᠢᠨ ᠡᠮᠨᠡᠯᠬᠡ ᠶᠢᠨ ᠳᠡᠭᠡᠳᠦ ᠰᠤᠷᠭᠠᠭᠤᠯᠢ ᠳᠤ᠂ ᠨᠤᠫᠧᠯ ᠤᠨ ᠱᠠᠩᠨᠠᠯ ᠤᠨ ᠵᠦᠪᠯᠡᠯ ᠤᠨ ᠨᠠᠷᠢᠨ ᠪᠢᠴᠢᠭᠡᠴᠢ ᠶᠢᠨ ᠳᠠᠷᠤᠭ᠎ᠠ ᠲᠤᠮᠠᠰ · ᠫᠸᠢᠢᠷᠮᠠᠨ ᠠᠴᠠ 2020 ᠤᠨ ᠤ ᠨᠤᠫᠧᠯ ᠤᠨ ᠠᠮᠢᠳᠦ ᠪᠤᠳᠠᠰ ᠤᠨ ᠪᠤᠶᠤ ᠠᠨᠠᠭᠠᠬᠤ ᠤᠬᠠᠭᠠᠨ ᠤ ᠱᠠᠩᠨᠠᠯ ᠢ    ᠬᠠᠸᠢ · ᠠᠷᠲ᠋ᠧ ︵Harvey J. Alter︶᠂    ᠮᠠᠶᠢᠺᠧᠯ · ᠬᠤᠤᠲ᠋ᠦ᠋ᠨ ︵Michael Houghton︶᠂     ᠴᠠᠷᠰ · M ᠷᠠᠶᠢᠰ ︵Charles M. Rice︶ ᠨᠠᠷ ᠲᠤ ᠭᠠᠷᠳᠠᠭᠤᠯᠵᠦ᠂ ᠳᠡᠳᠡᠨᠡᠷ ᠤᠨ ︽C ᠬᠡᠯᠪᠡᠷᠢ ᠶᠢᠨ ᠡᠯᠢᠬᠡᠨ ᠤ ᠨᠢᠶᠡᠨ ᠦᠷᠪᠢᠰᠦᠯ ᠤᠨ ᠸᠢᠷᠦ᠋ᠰ ᠢ ᠢᠯᠡᠷᠡᠬᠦᠯᠦᠭᠰᠡᠨ︾ ᠭᠠᠷᠮᠠᠭᠠᠢ ᠵᠢᠳᠬᠦᠯ ᠢ ᠬᠦᠬᠢᠬᠦᠯᠦᠨ ᠱᠠᠩᠨᠠᠭᠰᠠᠨ ᠪᠠᠶᠢᠨ᠎ᠠ᠃ ᠱᠠᠩᠨᠠᠯ ᠬᠦᠷᠳᠡᠭᠰᠡᠨ ᠭᠤᠷᠪᠡᠨ ᠡᠷᠳᠡᠮᠳᠡᠨ 1000 ᠳᠦᠮᠡᠨ ᠰᠸᠧᠳᠧᠨ ᠵᠤᠭᠤᠰ ︵SEK︶ ᠢ ᠬᠤᠪᠢᠶᠠᠯᠴᠠᠬᠤ ᠪᠤᠯᠤᠨ᠎ᠠ᠂ ᠡᠨᠡ ᠨᠢ 760 ᠳᠦᠮᠡᠨ ᠲᠦᠬᠦᠷᠢᠭ ᠠᠷᠠᠳ ᠤᠨ ᠵᠤᠭᠤᠰ ᠲᠠᠢ ᠳᠡᠩᠴᠡᠨ᠎ᠠ᠃     ᠬᠠᠸᠢ · ᠠᠷᠲ᠋ᠧ ︵Harvey J. Alter︶     ᠠᠮᠧᠷᠢᠺᠠ ᠶᠢᠨ ᠸᠢᠷᠦ᠋ᠰ ᠤᠨ ᠤᠬᠠᠭᠠᠨ ᠤ ᠡᠷᠳᠡᠮᠳᠡᠨ᠂ ᠨᠢᠦ᠋ ᠶᠤᠷᠺ ᠬᠤᠳᠠ ᠳᠤ ᠲᠦᠷᠦᠵᠦ᠂ 1956 ᠤᠨ ᠳᠤ ᠷᠦᠤᠴᠢᠶ᠋ᠢᠸ᠋ᠰᠲ ᠶᠡᠭᠡ ᠰᠤᠷᠭᠠᠭᠤᠯᠢ ᠠᠴᠠ ᠤᠳᠬ᠎ᠠ ᠵᠤᠬᠢᠶᠠᠯ ᠤᠨ ᠤᠶᠤᠳᠠᠨ ᠴᠤᠯᠠ ᠤᠯᠵᠦ᠂ 1960 ᠤᠨ ᠳᠤ ᠳᠤᠰ ᠰᠤᠷᠭᠠᠭᠤᠯᠢ ᠳᠠᠭᠠᠨ ᠠᠨᠠᠭᠠᠬᠤ ᠤᠬᠠᠭᠠᠨ ᠤ ᠴᠤᠯᠠ ᠬᠠᠮᠠᠭᠠᠯᠠᠵᠠᠢ᠃ ᠲᠡᠷᠡ ᠠᠮᠢᠳᠠᠨ ᠤ ᠵᠠᠭᠪᠤᠷ ᠢᠶᠠᠷ ᠬᠦᠮᠦᠨ ᠳᠦᠷᠦᠯᠬᠢᠳᠡᠨ ᠤ ᠦᠯᠦ ᠬᠠᠯᠳᠠᠭᠠᠬᠤ ᠰᠢᠰᠲ᠋ᠧᠮ ᠤᠨ ᠳᠤᠳᠠᠭᠤᠳᠠᠯ ᠤᠨ ᠸᠢᠷᠦ᠋ᠰ ᠢ ᠰᠤᠳᠤᠯᠵᠦ᠂ ᠡᠬᠦᠨ ᠤ ᠤᠯᠠᠮ ᠠᠴᠠ C ᠬᠡᠯᠪᠡᠷᠢ ᠶᠢᠨ ᠡᠯᠢᠬᠡᠨ ᠤ ᠨᠢᠶᠡᠨ ᠦᠷᠪᠢᠰᠦᠯ ᠤᠨ ᠸᠢᠷᠦ᠋ᠰ ᠢ ᠢᠯᠡᠷᠡᠬᠦᠯᠵᠡᠢ    ᠮᠠᠶᠢᠺᠧᠯ · ᠬᠤᠤᠲ᠋ᠦ᠋ᠨ ︵Michael Houghton︶    ᠠᠩᠭ᠍ᠯᠢ ᠶᠢᠨ ᠠᠮᠢᠳᠤ ᠪᠤᠳᠠᠰ ᠬᠢᠮᠢ ᠶᠢᠨ ᠤᠬᠠᠭᠠᠨᠳᠠᠨ᠂ C ᠬᠡᠯᠪᠡᠷᠢ ᠶᠢᠨ ᠡᠯᠢᠬᠡᠨ ᠤ ᠨᠢᠶᠡᠨ ᠦᠷᠪᠢᠰᠦᠯ ᠤᠨ ᠬᠡᠮᠵᠢᠨ ᠳᠤᠳᠤᠯᠠᠬᠤ ᠨᠡᠭᠡᠭᠡᠯᠳᠡ ᠶᠢᠨ ᠠᠵᠢᠯ ᠳᠤ ᠤᠷᠤᠯᠴᠠᠵᠠᠢ᠃ ᠲᠡᠷᠡ 1977 ᠤᠨ ᠳᠤ ᠯᠤᠨᠳᠤᠨ ᠶᠡᠭᠡ ᠰᠤᠷᠭᠠᠭᠤᠯᠢ ᠳᠤ ᠠᠮᠢᠳᠦ ᠪᠤᠳᠠᠰ ᠤᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠵᠠᠢ᠃    ᠴᠠᠷᠰ · M ᠷᠠᠶᠢᠰ ︵Charles M. Rice︶    ᠠᠮᠧᠷᠢᠺᠠ ᠶᠢᠨ ᠸᠢᠷᠦ᠋ᠰ ᠤᠨ ᠤᠬᠠᠭᠠᠨ ᠤ ᠡᠷᠳᠡᠮᠳᠡᠨ᠂ C ᠬᠡᠯᠪᠡᠷᠢ ᠶᠢᠨ ᠡᠯᠢᠬᠡᠨ ᠤ ᠨᠢᠶᠡᠨ ᠦᠷᠪᠢᠰᠦᠯ ᠢ ᠭᠤᠤᠯᠯᠠᠨ ᠰᠤᠳᠤᠯᠵᠦ ᠪᠠᠶᠢᠨ᠎ᠠ᠃ ᠲᠡᠷᠡ ᠮᠦᠨᠴᠦ ᠷᠦᠺᠹᠸᠢᠢᠯᠧᠷ ᠶᠡᠭᠡ ᠰᠤᠷᠭᠠᠭᠤᠯᠢ ᠶᠢᠨ ᠫᠷᠤᠹᠧᠰᠰᠤᠷ ᠶᠤᠮ᠃    ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠰᠢᠯᠳᠠᠭᠠᠯᠠᠭᠳᠠᠵᠦ ᠲᠤᠰ ᠤᠳᠠᠭᠠᠨ ᠤ ᠱᠠᠩᠨᠠᠯ ᠤᠯᠭᠤᠬᠤ ᠶᠤᠰᠤᠯᠠᠯ ᠳᠤ 30 ᠰᠢᠬᠠᠮ ᠬᠦᠮᠦᠨ ᠯᠡ ᠤᠷᠤᠯᠴᠠᠵᠠᠢ᠃     ᠨᠠᠶᠢᠷᠠᠭᠤᠯᠤᠭᠴᠢ᠄ ᠴᠡᠴᠡᠭ
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号