| 10 ᠰᠠᠷ᠎ᠠ ᠶᠢᠨ 26 ᠤ ᠡᠳᠦᠷ᠂ ᠭᠡᠭᠡᠨ ᠭᠤᠤᠯ ᠬᠤᠲᠠ ︽ᠪᠣᠬᠢᠷᠲᠤᠯ ᠥᠬᠡᠶ ᠬᠥᠭᠵᠢᠯᠲᠡ ᠶᠢᠨ | ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠭᠤᠤᠯ ᠮᠦᠷᠡᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠭᠡᠭᠡᠨ ᠭᠤᠤᠯ ᠬᠤᠲᠠ ᠶᠢᠨ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠳᠠᠳ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ | ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃ | ᠭᠡᠭᠡᠨ ᠭᠤᠤᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠤᠤᠯ ᠮᠦᠷᠡᠨ ᠤ ᠳᠠᠷᠤᠭ᠎ᠠ ᠶᠢᠨ ᠲᠦᠷᠢᠮ ᠤᠨ | ᠠᠭᠤᠯᠤᠭᠳᠠᠬᠤᠨ᠂ ᠭᠤᠤᠯ ᠮᠦᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯ ᠡᠭᠦᠷᠭᠡ᠂ ᠭᠡᠭᠡᠨ ᠭᠤᠤᠯ | ᠬᠤᠲᠠ ᠶᠢᠨ ᠭᠤᠤᠯ ᠮᠦᠷᠡᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠵᠢᠯ ᠤᠨ | ᠪᠠᠶᠢᠳᠠᠯ ᠤᠨ ᠲᠤᠬᠠᠶ ᠲᠠᠨᠢᠯᠴᠠᠭᠤᠯᠪᠠ᠃ | ᠭᠡᠭᠡᠨ ᠭᠤᠣᠯ ᠬᠤᠲᠠ ᠶᠢᠨ ᠬᠢᠯᠢ ᠳᠣᠲᠣᠷ᠎ᠠ ᠭᠤᠣᠯ ᠮᠥᠷᠡᠨ ᠣᠯᠠᠨ᠂ ᠰᠠᠪᠠ ᠭᠠᠵᠠᠷ ᠤᠨ ᠲᠠᠯᠠᠪᠠᠶ ᠨᠢ 50 | ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠭᠤᠣᠯ ᠮᠥᠷᠡᠨ 130 ᠵᠤᠷᠪᠤᠰ ᠪᠠᠶᠢᠵᠤ᠂ ᠡᠭᠦᠨ ᠳᠤ | ᠨᠡᠯᠢᠶᠡᠳ ᠶᠡᠭᠡ ᠭᠤᠣᠯ ᠮᠥᠷᠡᠨ ᠨᠢ ᠭᠡᠭᠡᠨ ᠭᠤᠣᠯ᠂ ᠵᠢᠢ ᠯᠢᠦ ᠾᠧ ᠭᠤᠣᠯ᠂ ᠳ᠋ᠧᠯᠪᠤᠷ ᠭᠤᠣᠯ ᠵᠡᠷᠭᠡ ᠪᠤᠶ᠃ | ᠭᠡᠭᠡᠨ ᠭᠤᠣᠯ ᠬᠤᠲᠠ ᠶᠢᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠴᠢᠬᠤᠯᠠᠲᠠᠶ | ᠰᠢᠶᠠᠨ ᠤ ᠳᠡᠰ ᠤᠨ ᠭᠤᠣᠯ ᠮᠥᠷᠡᠨ 12 ᠵᠤᠷᠪᠤᠰ᠂ ᠰᠢᠶᠠᠩ ᠤᠨ ᠳᠡᠰ ᠤᠨ ᠭᠤᠣᠯ ᠮᠥᠷᠡᠨ 130 ᠵᠤᠷᠪᠤᠰ ᠪᠤᠢ᠃ | ᠳᠡᠭᠡᠳᠦ ᠱᠠᠲᠤᠨ ᠤ ᠭᠤᠤᠯ ᠮᠦᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠡᠭᠡᠨ | ᠭᠤᠤᠯ ᠬᠤᠲᠡ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠭᠤᠤᠯ ᠮᠦᠷᠡᠨ ᠤ ᠳᠠᠷᠤᠭ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠪᠡ᠃ ᠰᠢᠶᠠᠨ ᠤ ᠲᠡᠰ ᠤᠨ ᠭᠤᠣᠯ ᠮᠦᠷᠡᠨ ᠤ ᠳᠠᠷᠤᠭ᠎ᠠ 31 ᠬᠥᠮᠦᠨ᠂ | ᠰᠢᠶᠠᠩ ᠤᠨ ᠲᠡᠰ ᠤᠨ ᠭᠤᠣᠯ ᠮᠦᠷᠡᠨ ᠤ ᠳᠠᠷᠤᠭ᠎ᠠ 31 ᠬᠥᠮᠦᠨ᠂ ᠲᠣᠰᠬᠤᠨ ᠤ ᠲᠡᠰ ᠤᠨ ᠭᠤᠣᠯ ᠮᠦᠷᠡᠨ ᠤ | ᠳᠠᠷᠤᠭ᠎ᠠ 32 ᠬᠥᠮᠦᠨ᠂ 36 ᠬᠡᠰᠡᠭ ᠭᠤᠣᠯ ᠮᠦᠷᠡᠨ ᠤ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠭᠠᠷᠭᠠᠵᠤ᠂ | ᠰᠢᠶᠠᠨ ᠰᠢᠶᠠᠩ ᠲᠣᠰᠬᠤᠨ ᠤ ᠭᠤᠷᠪᠠᠳᠤᠭᠠᠷ ᠳᠡᠰ ᠤᠨ ᠭᠤᠤᠯ ᠮᠦᠷᠡᠨ ᠤ ᠳᠠᠷᠤᠭ᠎ᠠ ᠶᠢ ᠵᠠᠷᠯᠠᠨ ᠨᠡᠶᠢᠳᠡᠯᠡᠨ᠂ | ᠭᠤᠤᠯ ᠮᠦᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠪᠠᠶᠢᠭᠤᠯᠬᠤ᠂ ᠬᠠᠮᠢᠶ᠎ᠠ ᠪᠦᠬᠦᠢ ᠳᠦᠷᠢᠮ ᠪᠣᠯᠤᠨ | ᠲᠣᠭᠲᠠᠴᠠ ᠶᠢ ᠪᠠᠶᠢᠭᠤᠯᠬᠤ ᠵᠡᠷᠭᠡ ᠠᠵᠢᠯ ᠢ ᠪᠦᠬᠦᠨ ᠢ ᠪᠡᠶᠡᠯᠡᠭᠦᠯᠵᠡᠶ᠃ ᠡᠯ᠎ᠡ ᠱᠠᠲᠤᠨ ᠤ ᠭᠤᠤᠯ ᠮᠦᠷᠡᠨ ᠤ | ᠳᠠᠷᠤᠭ᠎ᠠ ᠪᠣᠯ ᠭᠤᠤᠯ ᠤᠨ ᠵᠠᠮ ᠢ ᠬᠠᠮᠢᠶᠠᠷᠴᠤ ᠬᠠᠮᠠᠭᠠᠯᠠᠬᠤ ᠨᠢᠭᠡᠳᠦᠭᠡᠷ ᠬᠠᠷᠢᠭᠤᠴᠠᠯᠭᠠᠳᠠᠨ ᠪᠠᠶᠢᠵᠤ᠂ ᠬᠠᠮᠠᠭᠠᠯᠠᠬᠤ᠂ | ᠬᠠᠮᠢᠶᠠᠷᠬᠤ᠂ ᠵᠠᠰᠠᠬᠤ ᠵᠡᠷᠭᠡ ︽ᠭᠤᠷᠪᠠ ᠶᠢ ᠨᠢᠭᠡ ᠴᠤᠭᠴᠠᠵᠢᠭᠤᠯᠬᠤ︾ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠬᠡᠬᠦ ᠶᠢ ᠲᠤᠳᠤᠷᠬᠠᠶᠢᠯᠠᠪᠠ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ︽ᠭᠤᠣᠯ ᠮᠦᠷᠡᠨ ᠤ | ᠳᠠᠷᠤᠭ᠎ᠠ︾ ᠲᠣᠭᠲᠠᠭᠰᠠᠨ ᠬᠤᠭᠤᠴᠠᠭ᠎ᠠ ᠦᠭᠡᠢ ᠪᠠᠷ ᠭᠤᠣᠯ ᠮᠥᠷᠡᠨ ᠢ ᠲᠣᠭᠤᠷᠢᠨ ᠪᠠᠶᠢᠴᠠᠭᠠᠵᠤ᠂ ᠭᠤᠣᠯ | ᠮᠥᠷᠡᠨ ᠤ ᠵᠠᠰᠠᠯᠲᠠ ᠶᠢᠨ ᠠᠵᠢᠯ ᠢ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠵᠤ᠂ | ᠬᠠᠷᠠᠭᠠᠯᠵᠠᠭᠰᠠᠨ ᠬᠠᠷᠢᠭᠤᠴᠠᠯᠭ᠎ᠠ ᠶᠢ ᠡᠭᠦᠷᠭᠡᠯᠡᠵᠦ᠂ ︽ᠭᠤᠣᠯ ᠮᠦᠷᠡᠨ ᠤ ᠳᠠᠷᠤᠭ᠎ᠠ︾ ᠶᠢᠨ ᠬᠠᠷᠢᠭᠤᠴᠠᠯᠭ᠎ᠠ ᠶᠢ | ᠦᠨᠡᠨᠬᠦ ᠨᠠᠶᠢᠳᠠᠪᠤᠷᠢᠵᠢᠭᠤᠯᠵᠤ᠂ ᠭᠤᠤᠯ ᠤᠨ ᠵᠠᠮ ᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠬᠦ ᠶᠢᠨ ᠲᠦᠯᠤᠭᠡ᠂ ᠭᠡᠭᠡᠨ ᠭᠤᠤᠯ ᠬᠤᠲᠡ ᠶᠢᠨ ᠬᠢᠨ ᠭᠤᠤᠯ ᠮᠦᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠶᠡᠷᠦᠩᠬᠡᠶ ᠭᠤᠣᠯ ᠮᠦᠷᠡᠨ ᠤ ᠳᠠᠷᠤᠭ᠎ᠠ ᠶᠢᠨ | ᠵᠠᠷᠯᠢᠭ ᠲᠤ ᠣᠯᠠᠨ ᠤᠳᠠᠭ᠎ᠠ ᠭᠠᠷ ᠤᠨ ᠦᠰᠦᠭ ᠵᠢᠷᠤᠵᠤ᠂ ᠭᠤᠣᠯ ᠮᠦᠷᠡᠨ ᠤ ᠳᠠᠷᠤᠭ᠎ᠠ ᠶᠢᠨ ᠳᠦᠷᠢᠮ ᠤᠨ | ᠠᠵᠢᠯ ᠢ ᠪᠠᠶᠢᠷᠢᠯᠠᠭᠤᠯᠬᠤ ᠶᠢᠨ ᠬᠠᠮᠲᠤ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠪᠦᠬᠦ | ᠬᠤᠲᠠ ᠶᠢᠨ ᠭᠤᠣᠯ ᠮᠦᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠪᠠ᠃ | ᠭᠤᠣᠯ ᠢ ᠴᠠᠭᠳᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠲᠡᠷᠡ ᠳᠠᠷᠤᠢ ᠳᠤᠨᠢ ᠭᠡᠭᠡᠨ ᠭᠤᠣᠯ | ᠬᠤᠲᠠ ᠶᠢᠨ ᠭᠤᠣᠯ ᠮᠦᠷᠡᠨ ᠤ ᠳᠠᠷᠤᠭ᠎ᠠ ᠶᠢᠨ ᠠᠯᠪᠠᠨ ᠭᠡᠷ ᠲᠤ ᠲᠤᠰᠢᠶᠠᠵᠤ᠂ ᠭᠡᠭᠡᠨ ᠭᠤᠤᠯ ᠬᠤᠲᠠ ᠶᠢᠨ ᠭᠤᠤᠯ | ᠮᠦᠷᠡᠨ ᠤ ᠳᠠᠷᠤᠭ᠎ᠠ ᠶᠢᠨ ᠠᠯᠪᠠᠨ ᠬᠡᠷ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠢᠳᠡᠪᠬᠢᠲᠠᠢ ᠵᠣᠬᠢᠴᠠᠭᠤᠯᠵᠤ | ᠪᠠᠶᠢᠭᠠᠳ ᠭᠤᠤᠯ ᠢ ᠴᠠᠭᠳᠠᠨ ᠢᠯᠡᠷᠡᠭᠦᠯᠦᠭᠰᠡᠨ ᠠᠰᠠᠭᠤᠳᠠᠯ ᠢ ᠵᠠᠰᠠᠨ ᠴᠡᠭᠴᠡᠯᠡᠨ᠎ᠡ᠃ 2017 ᠣᠨ ᠠᠴᠠ ᠤᠳᠤ | ᠪᠣᠯᠲᠠᠯ᠎ᠠ᠂ ᠬᠤᠲᠠ ᠪᠠᠯᠭᠠᠰᠤ ᠬᠤᠶᠠᠷ ᠱᠠᠲᠤᠨ ᠤ ᠭᠤᠤᠯ ᠮᠦᠷᠡᠨ ᠤ ᠳᠠᠷᠤᠭ᠎ᠠ ᠨᠡᠶᠢᠲᠡ 2145 ᠭᠠᠷᠤᠶ ᠬᠦᠮᠤᠨ | ᠤᠳᠠᠭ᠎ᠠ ᠭᠤᠤᠯ ᠴᠠᠭᠳᠠᠵᠤ᠂ ᠡᠭᠦᠨ ᠳᠤ ᠬᠤᠲᠠ ᠶᠢᠨ ᠲᠠᠰ ᠤᠨ ᠭᠤᠤᠯ ᠮᠦᠷᠡᠨ ᠤ ᠳᠠᠷᠤᠭ᠎ᠠ ᠭᠤᠤᠯ ᠴᠠᠭᠳᠠᠬᠤ | 386 ᠬᠦᠮᠤᠨ ᠤᠳᠠᠭ᠎ᠠ᠂ ᠪᠠᠯᠭᠠᠰᠤᠨ ᠤ ᠲᠠᠰ ᠤᠨ ᠭᠤᠤᠯ ᠮᠦᠷᠡᠨ ᠤ ᠳᠠᠷᠤᠭ᠎ᠠ 1759 ᠬᠦᠮᠤᠨ ᠤᠳᠠᠭ᠎ᠠ | ᠭᠤᠤᠯ ᠴᠠᠭᠳᠠᠪᠠ᠃ | ᠭᠤᠤᠯ ᠤᠨ ᠳᠠᠷᠤᠭ᠎ᠠ ᠶᠢᠨ ᠲᠦᠷᠢᠮ ᠤᠨ《ᠳᠥᠷᠪᠡᠨ ᠰᠠᠮᠠᠭᠤᠨ ᠢ ᠠᠷᠢᠯᠭᠠᠬᠤ 》ᠤᠬᠠᠭᠤᠯᠭ᠎ᠠ ᠶᠢᠨ ᠡᠷᠴᠢᠮ ᠢ | ᠴᠢᠩᠭᠠᠳᠬᠠᠨ᠎ᠠ᠃ ᠭᠡᠭᠡᠨ ᠭᠤᠣᠯ᠂ ᠵᠢᠢ ᠯᠢᠦ ᠾᠧ ᠭᠤᠣᠯ᠂ ᠴᠤᠤ ᠴᠠ ᠭᠤᠣᠯ᠂ ᠳ᠋ᠧᠯᠪᠤᠷ ᠭᠤᠤᠯ ᠵᠢᠴᠢ ᠶᠢᠨ | ᠾᠧ ᠭᠤᠤᠯ ᠵᠡᠷᠭᠡ ᠭᠤᠤᠯ ᠤᠨ ᠵᠠᠮ ᠢ ᠴᠡᠪᠡᠷᠯᠡᠨ ᠪᠠᠶᠢᠴᠠᠭᠠᠬᠤ ᠪᠠᠷ ᠳᠠᠮᠵᠢᠭᠤᠯᠤᠨ᠂《 ᠳᠤᠷ᠎ᠠ ᠪᠠᠷ ᠢᠶᠠᠨ ᠡᠵᠡᠯᠡᠨ | ᠂ ᠳᠤᠷ᠎ᠠ ᠪᠠᠷ ᠢᠶᠠᠨ ᠮᠠᠯᠲᠠᠵᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ 》ᠵᠡᠷᠭᠡ 105 | ᠲᠤᠪᠤᠶᠢᠮ᠎ᠠ ᠠᠰᠠᠭᠤᠳᠠᠯ ᠢ ᠢᠯᠡᠷᠡᠭᠦᠯᠵᠤ᠂ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ᠂ ᠪᠠᠷᠢᠨ ᠬᠡᠷᠡᠭᠵᠢᠭᠦᠯᠵᠦ ᠪᠠᠷᠢᠨ | ᠥᠭᠡᠷᠡᠴᠢᠯᠡᠬᠦ ᠪᠠᠷ ᠳᠠᠮᠵᠢᠭᠤᠯᠤᠨ᠂ ᠳᠥᠷᠪᠡᠨ ᠰᠠᠮᠠᠭᠤᠨ ᠢ ᠠᠷᠢᠯᠭᠠᠬᠤ ᠡᠭᠦᠷᠭᠡ ᠶᠢ 100% ᠪᠠᠷ ᠪᠡᠶᠡᠯᠡᠭᠦᠯᠪᠡ᠃ | ᠭᠡᠭᠡᠨ ᠭᠤᠤᠯ ᠬᠤᠲᠠ ᠶᠢᠨ ᠭᠤᠤᠯ ᠤᠨ ᠵᠠᠮ ᠤᠨ ᠳᠦᠷᠰᠦ ᠪᠠᠶᠢᠳᠠᠯ ᠨᠡᠯᠢᠶᠡᠳ ᠶᠡᠭᠡ ᠳᠡᠭᠡᠭᠰᠢᠯᠡᠵᠦ᠂ ᠤᠰᠤᠨ ᠤ | ᠠᠮᠢ ᠠᠬᠤᠶ ᠶᠢᠨ ᠣᠷᠴᠢᠨ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠨ᠂ ᠤᠰᠤᠨ ᠠᠰᠢᠭᠯᠠᠯᠲᠠ ᠶᠢᠨ ᠶᠠᠮᠤᠨ ᠤ | ᠳᠠᠷᠠᠭᠠᠴᠢ ᠶᠢᠨ ︽ᠭᠤᠣᠯ ᠮᠥᠷᠡᠨ ᠤ ᠠᠮᠢ ᠠᠬᠤᠶ︾ ᠶᠢᠨ ᠪᠠᠶᠢᠴᠠᠭᠠᠯᠲᠠ ᠳᠤ᠂ ᠭᠡᠭᠡᠨ ᠭᠤᠣᠯ ᠬᠤᠳᠠ ᠶᠢᠨ ᠠᠮᠢ | ᠠᠬᠤᠢ ᠶᠢᠨ ᠪᠠᠶᠢᠳᠠᠯ ᠰᠠᠶᠢᠨ ᠪᠠᠶᠢᠵᠤ᠂ ︽ᠠᠮᠢ ᠠᠬᠤᠢ ᠶᠢᠨ ᠭᠤᠣᠯ ᠮᠥᠷᠡᠨ︾ ᠤ ᠨᠠᠶᠢᠲᠡᠯᠢᠭ ᠭᠠᠵᠠᠷ | ᠣᠷᠣᠨ ᠢᠶᠠᠷ ᠲᠤᠭᠳᠠᠭᠠᠭᠳᠠᠵᠠᠢ᠃ | ᠭᠡᠭᠡᠨ ᠭᠤᠤᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠳᠤᠷᠠᠳᠤᠭᠰᠠᠨ ᠣᠯᠠᠨ | ᠨᠡᠶᠢᠳᠡ ᠶᠢᠨ ᠭᠤᠤᠯ ᠮᠦᠷᠡᠨ ᠤ ᠳᠠᠷᠤᠭ᠎ᠠ ᠶᠢᠨ ᠲᠦᠷᠢᠮ ᠳᠤ ᠬᠡᠷᠬᠢᠨ ᠣᠷᠣᠯᠴᠠᠬᠤ ᠵᠡᠷᠭᠡ ᠠᠷᠠᠳ ᠣᠯᠠᠨ ᠤ | ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ | ᠣᠳᠣᠬᠠᠨ ᠳᠤ᠂ ᠭᠡᠭᠡᠨ ᠭᠤᠤᠯ ᠬᠤᠲᠠ ᠶᠢᠨ ᠬᠢᠯᠢ ᠳᠣᠲᠣᠷᠠᠬᠢ ᠬᠤᠲᠠ ᠶᠢᠨ ᠲᠠᠰ ᠤᠨ ᠭᠤᠤᠯ ᠮᠥᠷᠡᠨ | ᠭᠤᠤᠯ ᠤᠨ ᠡᠷᠭᠢ ᠶᠢᠨ ᠢᠯᠡ ᠲᠣᠳᠣ ᠭᠠᠵᠠᠷ ᠲᠤ ᠴᠥᠮ ᠢᠯᠡ ᠨᠡᠶᠢᠲᠡᠯᠡᠬᠦ ᠫᠠᠶᠢᠰᠠ ᠭᠠᠷᠭᠠᠵᠤ᠂ ᠭᠤᠤᠯ ᠤᠨ | ᠵᠠᠮ ᠤᠨ ᠨᠡᠷᠡᠶᠢᠳᠦᠯ᠂ ᠭᠤᠤᠯ ᠤᠨ ᠳᠠᠷᠤᠭ᠎ᠠ ᠶᠢᠨ ᠨᠡᠷᠡᠶᠢᠳᠦᠯ᠂ ᠬᠠᠮᠢᠶᠠᠷᠤᠯᠲᠠ ᠶᠢᠨ ᠬᠡᠪᠴᠢᠶ᠎ᠡ᠂ ᠭᠤᠤᠯ ᠮᠦᠷᠡᠨ ᠤ | ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ᠂ ᠬᠠᠮᠢᠶᠠᠷᠴᠤ ᠬᠠᠮᠠᠭᠠᠯᠠᠬᠤ ᠬᠠᠷᠠᠯᠲᠠ᠂ ᠬᠢᠨᠠᠯᠲᠠ ᠲᠠᠯᠪᠢᠬᠤ ᠤᠳᠠᠰᠤ | ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠪᠡ᠃ ᠤᠯᠠᠨ ᠨᠡᠶᠢᠲᠡ ᠪᠠᠷ ᠢᠶᠠᠨ ᠲᠧᠯᠸᠢᠰ᠂ ᠰᠦᠯᠵᠢᠶ᠎ᠡ᠂ ᠰᠣᠨᠢᠨ | ᠰᠡᠳᠬᠦᠯ ᠵᠡᠷᠭᠡ ᠵᠠᠭᠤᠴᠢᠯᠠᠭᠤᠷ ᠪᠤᠶᠤ ᠡᠯ᠎ᠡ ᠭᠤᠤᠯ ᠤᠨ ᠡᠷᠭᠢ ᠶᠢᠨ ᠭᠤᠤᠯ ᠮᠦᠷᠡᠨ ᠤ ᠳᠠᠷᠤᠭ᠎ᠠ ᠶᠢᠨ ᠲᠦᠷᠢᠮ ᠤᠨ | ᠢᠯᠡ ᠨᠡᠶᠢᠲᠡᠯᠡᠬᠦ ᠫᠠᠶᠢᠰᠠ ᠪᠠᠷ ᠳᠠᠮᠵᠢᠨ ᠭᠤᠤᠯ ᠮᠦᠷᠡᠨ ᠤ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠮᠡᠳᠡᠭᠡ | ᠵᠠᠩᠭᠢ ᠶᠢ ᠣᠶᠢᠯᠠᠭᠠᠵᠤ ᠪᠣᠯᠤᠨ᠎ᠠ᠃ ᠤᠯᠠᠨ ᠨᠠᠶᠢᠲᠡ ᠪᠠᠰᠠ ᠭᠤᠤᠯ ᠮᠥᠷᠡᠨ ᠤ ᠳᠠᠷᠤᠭ᠎ᠠ ᠶᠢᠨ ᠢᠯᠡ ᠨᠡᠶᠢᠲᠡᠯᠡᠬᠦ | ᠫᠠᠶᠢᠰᠠᠨ ᠳᠠᠬᠢ ᠬᠢᠨᠠᠯᠲᠠ ᠲᠠᠯᠪᠢᠬᠤ ᠤᠳᠠᠰᠤ ᠪᠠᠷ ᠳᠠᠮᠵᠢᠭᠤᠯᠤᠨ ᠭᠤᠤᠯ ᠤᠨ ᠵᠠᠮ ᠢ ᠬᠠᠤᠯᠢ ᠪᠤᠰᠤ ᠪᠠᠷ ᠡᠵᠡᠯᠡᠭᠰᠡᠨ᠂ | ᠪᠠᠷᠢᠮᠵᠢᠶ᠎ᠠ ᠠᠴᠠ ᠬᠡᠳᠤᠷᠡᠭᠦᠯᠤᠨ ᠪᠣᠬᠢᠷᠲᠤᠯ ᠭᠠᠳᠠᠭᠰᠢᠯᠠᠭᠤᠯᠬᠤ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠵᠡᠷᠭᠡ | ᠪᠠᠶᠢᠳᠠᠯ ᠢ ᠬᠠᠷᠢᠭᠤ ᠲᠤᠰᠬᠠᠬᠤ ᠪᠤᠶᠤ ᠵᠠᠭᠠᠯᠳᠤᠨ ᠢᠯᠡᠴᠢᠯᠡᠵᠦ ᠪᠣᠯᠤᠨ᠎ᠠ᠃ | ᠭᠤᠣᠯ ᠤᠨ ᠵᠠᠮ ᠠᠰᠠᠭᠤᠳᠠᠯ ᠲᠠᠢ ᠪᠣᠯ ᠰᠢᠭᠤᠳ ᠭᠤᠣᠯ ᠤᠨ ᠳᠠᠷᠤᠭ᠎ᠠ ᠶᠢ ᠡᠷᠢᠨ᠎ᠡ᠃ ᠬᠢᠨᠠᠯᠲᠠ ᠲᠠᠯᠪᠢᠬᠤ | ᠤᠲᠠᠰᠤᠨ ᠤ ᠨᠣᠮᠧᠷ 0470 — 5228870᠃ ᠥᠷᠭᠡᠨ ᠣᠯᠠᠨ ᠬᠤᠲᠠ ᠶᠢᠨ ᠠᠷᠠᠳ ᠭᠤᠤᠯ ᠮᠥᠷᠡᠨ ᠤ | ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠶᠢᠨ ᠶᠤᠰᠤᠭᠠᠷ ᠬᠢᠨᠠᠯᠲᠠ ᠲᠠᠯᠪᠢᠬᠤ ᠶᠢ ᠪᠠᠶᠠᠷᠯᠠᠨ ᠤᠭᠳᠤᠵᠤ ᠪᠠᠶᠢᠨ᠎ᠠ᠃ | ᠭᠡᠭᠡᠨ ᠭᠤᠣᠯ ᠬᠤᠲᠠ ᠶᠢᠨ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠳᠤ ᠣᠷᠣᠯᠴᠠᠵᠤ᠂ ︽ᠬᠥᠮᠦᠨ ᠪᠦᠬᠦᠨ | ᠭᠤᠣᠯ ᠤᠨ ᠳᠠᠷᠤᠭ᠎ᠠ ᠪᠤᠯᠵᠤ᠂ ᠪᠦᠬᠦ ᠠᠷᠠᠳ ᠢᠶᠠᠷ ᠢᠶᠠᠨ ᠭᠤᠤᠯ ᠵᠠᠰᠠᠬᠤ︾ ᠰᠠᠶᠢᠨ ᠰᠠᠶᠢᠬᠠᠨ ᠪᠠᠶᠢᠷᠢᠰᠢᠯ ᠢ | ᠪᠦᠷᠢᠳᠤᠭᠦᠯᠤᠶᠡ᠃ | ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡ | ᠵᠤᠬᠢᠶᠠᠭᠴᠢ᠄ ᠯᠢ ᠰᠢᠶᠤᠤ ᠰᠢᠤᠸᠠᠢ ᠷᠧᠨ ᠪᠦᠦ ᠵᠧᠨ |