ᠭᠡᠭᠡᠨ‌ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ ︵43 ᠳ᠋ᠤᠭᠠᠷ︶
ᠨᠡᠶᠢᠲᠡᠯᠡᠭᠰᠡᠨ ᠴᠠᠭ᠄
2020/11/24
  2020 ᠣᠨ ᠤ 11 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠰᠢᠨ᠎ᠡ ᠪᠠᠷ ᠨᠡᠮᠡᠭᠳᠡᠭᠰᠡᠨ ᠲᠣᠰ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠣᠨᠣᠰᠢᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠴᠥᠮ ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠤᠨ᠎ᠠ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠨᠳᠤᠰᠤᠯᠡᠨ᠂ ᠨᠠᠮᠤᠷ ᠡᠪᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠤᠲᠠᠲᠠᠢ ᠰᠠᠶᠢᠳᠤᠷ ᠬᠢᠵᠦ᠂「 ᠭᠠᠳᠠᠨ᠎ᠠ ᠠᠴᠠ ᠬᠠᠯᠳᠠᠪᠤᠷᠢᠯᠡᠨ ᠢᠷᠡᠬᠦ ᠶᠢ ᠰᠡᠷᠭᠡᠶᠢᠯᠡᠨ᠂ ᠲᠤᠳᠤᠭᠠᠲᠤ ᠳᠤ ᠳᠠᠬᠢᠨ ᠡᠬᠦᠰᠬᠦ ᠶᠢ  ᠰᠡᠷᠭᠡᠶᠢᠯᠡᠬᠦ」ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠢᠯ ᠢ ᠨᠠᠶᠢᠳᠠᠪᠤᠷᠢᠵᠢᠭᠤᠯᠤᠨ᠂ ᠦᠷᠭᠡᠨ ᠤᠯᠠᠨ ᠬᠤᠲᠡ ᠶᠢᠨ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ  ᠬᠠᠮᠠᠭᠠᠯᠠᠵᠤ᠂ ᠬᠢᠵᠢᠭ ᠤᠨ ᠪᠠᠶᠢᠳᠠᠯ ᠮᠠᠨ ᠤ ᠬᠤᠲᠠ ᠳᠤ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠶᠢᠨ ᠲᠦᠯᠤᠭᠡ᠂ ᠬᠥᠯᠥᠨ ᠪᠤᠶᠢᠷ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠦᠨᠳᠦᠰᠦᠯᠡᠬᠦ ᠶᠢᠨ ᠬᠠᠮᠲᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄          ᠨᠢᠭᠡ᠂ 11 ᠰᠠᠷ᠎ᠠ ᠶᠢᠨ 7 ᠤ ᠡᠳᠦᠷ ᠠᠴᠠ ᠨᠠᠰᠢ᠂ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠠᠴᠠ ᠮᠠᠨ ᠤ ᠬᠤᠲᠡ ᠳᠤ ᠣᠷᠣᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠵᠥᠪᠯᠡᠯ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ 7 ᠡᠳᠦᠷ ᠤᠨ ᠲᠤᠳᠤᠷᠠᠬᠢ ᠬᠤᠭᠤᠴᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ᠂ ᠪᠡᠶ᠎ᠡ ᠶᠢᠨ ᠳᠤᠯᠠᠭᠠᠨ ᠨᠢ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ  ᠤᠷᠢᠳᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠯᠲᠡ ᠬᠢᠵᠦ ᠪᠣᠯᠤᠨ᠎ᠠ︔ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠵᠤ ᠳᠡᠶᠢᠯᠬᠦ ᠦᠭᠡᠢ ᠪᠣᠯ ᠬᠠᠮᠤᠭ ᠲᠡᠷᠢᠭᠦᠨ ᠳᠤ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ 24 ᠴᠠᠭ ᠤᠨ ᠳᠣᠲᠣᠷ᠎ᠠ ᠪᠠᠶᠢᠴᠠᠭᠠᠨ ᠰᠢᠯᠭᠠᠭᠰᠠᠨ ᠦᠷ᠎ᠡ ᠳ᠋ᠦᠩ ᠭᠠᠷᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷ ᠲᠠᠢ ᠪᠤᠯᠪᠠᠯ ᠰᠠᠶ᠋ᠢ ᠡᠮᠬᠢ ᠵᠢᠷᠤᠮ ᠲᠠᠢ ᠪᠠᠷ ᠰᠢᠯᠵᠢᠯᠲᠡ ᠬᠢᠵᠦ ᠪᠤᠯᠤᠨ᠎ᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠠᠷᠭ᠎ᠠ ᠪᠠᠶᠢᠪᠠᠯ᠂ ᠲᠡᠷᠡ ᠳᠠᠷᠤᠶ ᠳᠤᠨᠢ ᠱᠠᠭᠠᠷᠳᠠᠯᠭ᠎ᠠ ᠶᠣᠰᠣᠭᠠᠷ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠤᠨ ᠂ ᠲᠤᠰᠠᠭᠠᠷᠯᠠᠨ ᠡᠮᠨᠡᠨ ᠵᠠᠰᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠬᠠᠯᠳᠠᠪᠤᠷᠢᠲᠤ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠲᠡᠷᠡ ᠳᠠᠷᠤᠶ ᠳᠤ ᠨᠢ ᠥᠷᠨᠢᠭᠦᠯᠬᠦ ᠬᠡᠷᠡᠭᠲᠡᠶ᠃    ᠬᠤᠶᠠᠷ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠳᠠᠷᠦ᠋ᠢᠬᠠᠨ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ 11 ᠰᠠᠷ᠎ᠠ ᠶᠢᠨ 7 ᠤ ᠡᠳᠦᠷ ᠠᠴᠠ ᠨᠠᠰᠢ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠢ ᠪᠦᠬᠦ ᠲᠠᠯ᠎ᠠ ᠪᠠᠷ ᠡᠮᠬᠢᠯᠡᠨ᠎ᠡ᠃ 11 ᠰᠠᠷ᠎ᠠ ᠶᠢᠨ 7 ᠤ ᠡᠳᠦᠷ ᠠᠴᠠ ᠰᠡᠭᠦᠯᠡᠷ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠪᠤᠴᠠᠵᠤ ᠢᠷᠡᠭᠰᠡᠨ  ᠬᠦᠮᠤᠰ ᠲᠠᠢ ᠬᠠᠷᠢᠯᠴᠠᠵᠤ ᠥᠩᠭᠡᠷᠡᠭᠰᠡᠨ ᠮᠠᠨ ᠤ ᠬᠤᠲᠠ ᠶᠢᠨ ᠬᠥᠮᠦᠰ ᠳᠠᠷᠤᠢ ᠲᠦᠷᠭᠡᠨ ᠪᠠᠶᠢᠭ᠎ᠠ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠵᠥᠪᠯᠡᠯ ᠪᠤᠶᠤ ᠨᠢᠭᠡᠴᠡ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠠᠶᠠᠯᠠᠯ ᠤᠨ ᠮᠡᠳᠡᠭᠡ ᠵᠠᠩᠭᠢ ᠪᠣᠯᠤᠨ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢ ᠮᠡᠳᠡᠭᠦᠯᠬᠦ ᠦᠭᠡᠢ᠂ ᠨᠢᠭᠤᠭᠰᠠᠨ᠂ ᠮᠡᠳᠡᠭᠦᠯᠦᠭᠰᠡᠨ ᠦᠭᠡᠢ ᠣᠷᠬᠢᠭᠳᠠᠭᠤᠯᠤᠭᠰᠠᠨ ᠬᠥᠮᠦᠰ ᠲᠤ᠂ ᠬᠠᠮᠢᠶ᠎ᠠ ᠪᠥᠬᠦᠶ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠡᠯ᠎ᠡ ᠵᠣᠴᠢᠳ ᠪᠠᠭᠤᠳᠠᠯ ᠂ ᠪᠠᠭᠤᠳᠠᠯ ᠵᠡᠷᠭᠡ ᠬᠤᠨᠤᠭ ᠤᠨ ᠭᠠᠵᠠᠷ ᠨᠢ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠤᠨ ᠮᠠᠨ ᠤ ᠬᠤᠲᠡ ᠳᠤ ᠤᠷᠤᠵᠤ ᠢᠷᠡᠭᠰᠡᠨ ᠬᠦᠮᠤᠰ᠂ ᠰᠠᠨᠠᠭᠠᠴᠢᠯᠠᠭ᠎ᠠ ᠠᠴᠠ ᠪᠠᠨ ᠪᠠᠶᠢᠴᠠᠭᠠᠵᠤ᠂ ᠴᠠᠭ ᠲᠤᠬᠠᠶ ᠳᠤᠨᠢ ᠮᠡᠳᠡᠭᠦᠯᠦᠯᠲᠡ ᠬᠢᠨ᠎ᠡ ᠃ ᠡᠯ᠎ᠡ ᠭᠠᠵᠠᠷ᠂ ᠡᠯ᠎ᠡ ᠨᠢᠭᠡᠴᠢ ᠨᠦᠭᠦᠳ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠵᠦᠭᠯᠡᠭᠦᠷ ᠶᠣᠰᠣᠭᠠᠷ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠳᠠᠨ᠎ᠠ ᠠᠴᠠ ᠢᠷᠡᠭᠰᠡᠨ ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠨ  ᠬᠠᠯᠳᠠᠪᠤᠷᠢᠯᠠᠨ ᠤᠷᠤᠵᠤ ᠢᠷᠡᠬᠦ ᠪᠠ ᠲᠠᠷᠬᠠᠬᠤ ᠶᠢ ᠡᠷᠡᠰ ᠰᠡᠷᠭᠡᠶᠢᠯᠡᠬᠦ ᠬᠡᠷᠡᠭᠲᠡᠶ᠃    ᠭᠤᠷᠪᠠ᠂ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠠᠴᠠ ᠮᠠᠨ ᠤ ᠬᠤᠲᠠ ᠳᠤ ᠣᠷᠣᠭᠰᠠᠨ ᠪᠥᠭᠡᠳ 7 ᠡᠳᠦᠷ ᠤᠨ ᠳᠤᠳᠤᠷᠠᠬᠢ ᠬᠤᠭᠤᠴᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠲᠠᠢ ᠬᠥᠮᠦᠰ᠂ 14 ᠡᠳᠦᠷ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠥᠪᠡᠰᠦᠪᠡᠨ ᠥᠷᠨᠢᠭᠦᠯᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠬᠤ᠂ ᠨᠢᠭᠡ ᠯᠡ ᠤᠳᠠᠭ᠎ᠠ ᠶᠢᠨ ᠴᠢᠨᠠᠷᠲᠠᠶ ᠡᠮᠨᠡᠯᠭᠡ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠵᠡᠭᠦᠨ᠂ ᠣᠶᠢᠷ᠎ᠠ ᠬᠠᠪᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠬᠡᠷᠡᠭᠲᠡᠶ᠃ ᠡᠮᠨᠡᠬᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ  ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠡᠷᠪᠡ ᠬᠦᠨᠳᠦ ᠨᠣᠴᠢᠲᠠᠶ ᠡᠪᠡᠳᠴᠢᠨ ᠤ ᠢᠯᠡᠷᠡᠯ ᠭᠠᠷᠪᠠᠯ ᠳᠠᠷᠤᠶ ᠲᠦᠷᠭᠡᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃       ᠳᠥᠷᠪᠡ᠂ ᠥᠷᠭᠡᠨ ᠣᠯᠠᠨ ᠬᠤᠲᠠ ᠶᠢᠨ ᠠᠷᠠᠳ ᠥᠪᠡᠷ ᠤᠨ ᠪᠡᠶ᠎ᠡ ᠳᠡᠭᠡᠨ᠂ ᠭᠡᠷ ᠤᠨ ᠬᠥᠮᠦᠰ ᠪᠣᠯᠤᠨ ᠨᠡᠶᠢᠭᠡᠮ ᠳᠤ ᠬᠠᠷᠢᠭᠤᠴᠠᠬᠤ ᠣᠪᠣᠷ ᠢᠶᠠᠷ᠂ ᠮᠠᠨ ᠤ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠰᠠᠶᠢᠲᠤᠷ ᠬᠢᠵᠦ᠂ ᠠᠯᠪᠠᠨ ᠤ ᠲᠠᠯ᠎ᠠ ᠶᠢᠨ ᠵᠠᠭᠤᠴᠢᠯᠠᠭᠤᠷ ᠢ ᠴᠠᠭ ᠲᠤᠬᠠᠶ ᠳᠤᠨᠢ ᠠᠩᠬᠠᠷᠤᠯ ᠲᠠᠯᠪᠢᠵᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠬᠡᠷᠡᠭᠲᠡᠢ᠃ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ︵ᠣᠨᠴᠠᠭᠠᠶᠢᠯᠠᠨ  ᠪᠠᠶᠢᠭᠤᠯᠭ᠎ᠠ ᠪᠣᠯᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠳᠤ ᠰᠠᠭᠤᠬᠤ ᠳᠤ  ᠪᠠᠶᠢᠭᠤᠯᠭ᠎ᠠ ᠪᠣᠯᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠡᠵᠤ᠂ ᠤᠬᠠᠮᠰᠠᠷ ᠠᠴᠠ ᠪᠠᠨ ᠳᠦᠷᠢᠮᠵᠢᠭᠦᠯᠦᠨ ᠠᠮᠠᠪᠴᠢ ᠵᠡᠭᠦᠨ᠎ᠡ᠃︶ ᠴᠢᠬᠤᠯᠠ ᠪᠤᠰᠤ ᠴᠤᠭᠯᠠᠷᠠᠯ ᠤᠨ ᠠᠵᠢᠯᠯᠠᠭ᠎ᠠ ᠶᠢ ᠪᠠᠭᠠᠰᠬᠠᠨ᠎ᠠ᠃ ᠭᠠᠷ ᠢᠶᠠᠨ ᠦᠷᠭᠦᠯᠵᠢ ᠤᠬᠢᠶᠠᠵᠤ᠂ ᠰᠠᠯᠬᠢ ᠦᠷᠭᠦᠯᠵᠢ ᠨᠡᠪᠲᠡᠷᠡᠭᠦᠯᠬᠦ ᠶᠢ ᠪᠠᠷᠢᠮᠲᠠᠯᠠᠵᠤ᠂ ᠨᠢᠭᠡ ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠪᠠᠨ ᠵᠦᠶ ᠵᠣᠬᠢᠰᠲᠠᠶ ᠲᠣᠬᠢᠷᠠᠭᠤᠯᠵᠤ᠂  ᠴᠢᠬᠤᠯᠠ ᠤᠴᠢᠷ ᠦᠭᠡᠢ ᠪᠤᠯ ᠳᠤᠮᠳᠠ ᠦᠨᠳᠤᠷ ᠠᠶᠤᠯ ᠲᠦᠭᠰᠢᠭᠦᠷᠢ ᠲᠠᠢ ᠭᠠᠵᠠᠷ ᠤᠷᠤᠨ ᠳᠤ ᠡᠷᠡᠰ ᠤᠴᠢᠬᠤ ᠦᠭᠡᠶ ᠪᠠᠶᠢᠬᠤ ᠬᠡᠷᠡᠭᠲᠡᠶ᠃  ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠪᠦᠭᠡᠮ ᠬᠦᠴᠢᠯ ᠢ ᠪᠠᠶᠢᠴᠠᠭᠠᠨ ᠰᠢᠯᠭᠠᠵᠤ ᠦᠯᠢᠭᠡᠷ ᠠᠪᠬᠤ ᠴᠡᠭ ᠭᠠᠷᠭᠠᠵᠤ᠂ ᠦᠯᠢᠭᠡᠷ ᠠᠪᠬᠤ ᠴᠠᠭ᠄ 9᠄ 00 — 12᠄ 00᠂ 14᠄ 30 — 17᠄ 00᠂ ᠬᠠᠷᠢᠯᠴᠠᠬᠤ ᠠᠷᠭ᠎ᠠ᠄ 5233049᠂ 5233153᠃
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号