ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ ︵44  ᠳ᠋ᠤᠭᠠᠷ ︶
ᠨᠡᠶᠢᠲᠡᠯᠡᠭᠰᠡᠨ ᠴᠠᠭ᠄
2020/11/27
  ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠᠬᠢ ᠪᠠᠶᠢᠴᠠᠭᠠᠨ ᠬᠡᠮᠵᠢᠬᠦ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠦᠯᠤᠭᠡ᠂ ᠭᠡᠭᠡᠨ ᠭᠤᠣᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ‌ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ  ᠬᠢᠨ ᠲᠦᠯᠤᠪᠯᠡᠯᠭᠡ ᠶᠤᠰᠤᠭᠠᠷ᠂ 11 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠭᠡᠭᠡᠨ ᠭᠤᠤᠯ ᠬᠤᠲᠠ ᠶᠢᠨ ᠪᠦᠬᠦ ᠠᠵᠢᠯᠲᠠᠨ ᠤ ᠰᠢᠨ᠎ᠡ ᠲᠢᠳᠢᠮᠯᠢᠭ ᠸᠢᠷᠦ᠋ᠰ ᠤᠨ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠰᠣᠷᠢᠯᠲᠠ‌ᠦᠷᠨᠢᠬᠦᠯᠬᠦ ᠪᠠᠷ ᠲᠤᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠰᠣᠷᠢᠯᠲᠠ ᠶᠢᠨ ᠴᠠᠭ᠄ 2020 ᠣᠨ ᠤ 11 ᠰᠠᠷ᠎ᠠ ᠶᠢᠨ 27 ᠤ ᠡᠳᠦᠷ ᠤᠨ 14᠄ 30   ᠬᠤᠶᠠᠷ᠂ ᠰᠣᠷᠢᠯᠲᠠ ᠳᠤ ᠣᠷᠣᠯᠴᠠᠭᠰᠠᠳ ᠵᠢᠴᠢ ᠭᠠᠵᠠᠷ᠄ ᠰᠣᠷᠢᠯᠲᠠ ᠳᠤ ᠣᠷᠣᠯᠴᠠᠭᠰᠠᠳ ᠪᠣᠯ ᠰᠧᠨ ᠬᠦᠩ ᠬᠡᠷᠡᠭ ᠡᠷᠬᠢᠯᠡᠬᠦ ᠭᠠᠵᠠᠷ ᠤᠨ  ᠬᠤᠩ ᠴᠢ ᠨᠡᠶᠢᠭᠡᠮ ᠲᠣᠭᠤᠷᠢᠭ ᠤᠨ ᠬᠡᠰᠡᠭ ᠰᠠᠭᠤᠭᠠᠯᠢ ᠠᠷᠠᠳ ᠪᠣᠯᠤᠨ᠎ᠠ ︵ᠰᠣᠷᠢᠯᠲᠠ ᠳᠤ ᠪᠣᠳᠠᠲᠠᠶ ᠣᠷᠣᠯᠴᠠᠭᠰᠠᠳ ᠢ  ᠬᠤᠩ ᠴᠢ ᠨᠡᠶᠢᠭᠡᠮ ᠲᠣᠭᠤᠷᠢᠭ ᠠᠴᠠ ᠮᠡᠳᠡᠭᠳᠡᠨ᠎ᠡ︶᠃ ᠪᠠᠶᠢᠴᠠᠭᠠᠨ ᠰᠢᠯᠭᠠᠬᠤ ᠭᠠᠵᠠᠷ ᠪᠤᠯ ᠰᠧᠨ ᠬᠦᠩ ᠬᠡᠷᠡᠭ ᠡᠷᠬᠢᠯᠡᠬᠦ ᠭᠠᠵᠠᠷ ᠤᠨ ᠬᠤᠩ ᠴᠢ ᠨᠡᠶᠢᠭᠡᠮ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠪᠣᠯᠤᠨ᠎ᠠ᠃  ᠭᠤᠷᠪᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠤᠷᠤᠯᠴᠠᠭᠰᠠᠳ ᠨᠡᠶᠢᠭᠡᠮ ᠲᠣᠭᠤᠷᠢᠭ ᠤᠨ ᠲᠣᠬᠢᠷᠠᠭᠤᠯᠤᠯᠲᠠ ᠶᠢ ᠳᠠᠭᠠᠵᠤ᠂ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠶᠢ ᠰᠣᠨᠣᠰᠴᠤ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠠᠵᠢᠯ ᠢ ᠬᠠᠮᠵᠢᠯᠴᠠᠨ ᠰᠠᠶᠢᠲᠤᠷ ᠬᠢᠬᠦ ᠶᠢᠨ ᠬᠠᠮᠲᠤ ︽ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠠᠨᠠᠭᠤᠯᠤᠭᠰᠠᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠳᠤ ᠠᠩᠬᠠᠷᠬᠤ  ᠵᠤᠶᠢᠯᠡᠰ︾  ᠤᠨ ᠶᠤᠰᠤᠭᠠᠷ ᠵᠢᠷᠤᠮᠯᠠᠨ ᠡᠯ᠎ᠡ ᠵᠤᠶᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ︵ᠰᠢᠨᠵᠢᠯᠡᠬᠦ ᠤᠬᠠᠭᠠᠨᠴᠢ ᠪᠠᠷ ᠠᠮᠠᠪᠴᠢ ᠵᠠᠬᠦᠵᠤ᠂ ᠡᠮᠬᠢ ᠵᠢᠷᠤᠮ ᠲᠠᠢ ᠪᠠᠷ ᠮᠥᠷᠯᠡᠵᠦ᠂ ᠶᠠᠷᠢᠯᠴᠠᠬᠤ ᠠᠴᠠ ᠵᠠᠶᠢᠯᠠᠰᠬᠢᠬᠦ ᠶᠢᠨ ᠬᠠᠮᠲᠤ 1 ᠮᠧᠲᠷ ᠠᠴᠠ ᠳᠡᠭᠡᠭᠰᠢ ᠵᠠᠶ ᠶᠢ ᠪᠠᠲᠤᠯᠠᠵᠤ᠂ ᠬᠠᠨᠢᠶᠠᠬᠤ ᠪᠠ ᠨᠠᠶᠢᠲᠠᠭᠠᠬᠤ ᠦᠶ᠎ᠡ ᠳᠤ ᠠᠮᠠ ᠬᠠᠮᠠᠷ ᠢᠶᠠᠨ ᠬᠠᠯᠬᠠᠯᠠᠵᠤ᠂ ᠭᠠᠵᠠᠷ ᠰᠠᠢ ᠦᠭᠡᠢ ᠨᠤᠯᠮᠤᠵᠤ ᠪᠣᠯᠬᠤ ᠦᠭᠡᠢ᠃ ᠶᠠᠩᠵᠤ ᠠᠪᠬᠤ ᠦᠶ᠎ᠡ ᠳᠤ ᠠᠮᠠᠪᠴᠢ ᠪᠠᠨ ᠠᠪᠴᠤ ᠂ ᠦᠯᠢᠭᠡᠷ ᠠᠪᠴᠤ ᠪᠠᠷᠠᠭᠰᠠᠨ ᠤ ᠳᠠᠷᠠᠭ᠎ᠠ ᠳᠠᠷᠦ᠋ᠢᠬᠠᠨ ᠵᠡᠭᠦᠬᠦ ᠪᠤᠶᠤ ᠪᠡᠯᠡᠳᠬᠡᠯ ᠠᠮᠠᠪᠴᠢ ᠪᠡᠯᠡᠳᠬᠡᠭᠡᠷᠡᠢ᠃︶ ᠪᠠᠶᠢᠴᠠᠭᠠᠨ ᠰᠢᠯᠭᠠᠭᠴᠢ ᠬᠤᠪᠢ ᠬᠥᠮᠦᠨ ᠤ ᠪᠡᠶ᠎ᠡ ᠶᠢᠨ ᠦᠨᠡᠮᠯᠡᠯ ᠵᠡᠷᠭᠡ ᠬᠠᠩᠭᠠᠬᠤ ᠴᠢᠬᠤᠯᠠᠲᠠᠶ ᠦᠨᠡᠮᠯᠡᠯ ᠢ ᠤᠷᠢᠳᠴᠢᠯᠠᠨ ᠪᠡᠯᠡᠳᠬᠡᠵᠦ᠂ ᠴᠠᠭ ᠢ ᠠᠷᠪᠢᠯᠠᠵᠤ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠤᠪᠢ ᠬᠥᠮᠦᠨ ᠤ ᠬᠠᠮᠠᠭᠠᠯᠠᠯᠲᠠ ᠶᠢ ᠰᠠᠶᠢᠨ ᠬᠢᠵᠦ᠂ ᠳᠤᠯᠠᠭᠠᠯᠠᠭ᠎ᠠ ᠶᠢ ᠰᠠᠶᠢᠨ ᠬᠢᠬᠦ  ᠂ ᠪᠥᠭᠡᠮ ᠬᠦᠴᠢᠯ ᠢ ᠪᠠᠶᠢᠴᠠᠭᠠᠨ ᠬᠡᠮᠵᠢᠵᠦ ᠦᠯᠢᠭᠡᠷ ᠠᠪᠬᠤ ᠶᠢ ᠪᠡᠶᠡᠯᠡᠭᠦᠯᠦᠭᠰᠡᠨ ᠤ ᠳᠠᠷᠠᠭ᠎ᠠ ᠳᠠᠷᠦ᠋ᠢᠬᠠᠨ ᠭᠡᠷ ᠲᠡᠭᠡᠨ ᠬᠠᠷᠢᠵᠤ᠂ ᠴᠢᠬᠤᠯᠠ ᠪᠤᠰᠤ ᠭᠠᠳᠠᠭᠰᠢ ᠭᠠᠷᠬᠤ ᠶᠢ ᠪᠠᠭᠠᠰᠬᠠᠬᠤ ᠬᠡᠷᠡᠭᠲᠡᠶ᠃    ᠳᠥᠷᠪᠡ᠂ ᠲᠤᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯ ᠬᠢᠵᠢᠭ ᠢ ᠡᠰᠡᠷᠬᠦᠴᠡᠬᠦ ᠡᠮᠦᠨᠡᠬᠢ ᠪᠠᠶᠢᠳᠠᠯ ᠢ ᠦᠨᠳᠤᠰᠤᠯᠡᠨ᠂ ᠥᠷᠨᠢᠭᠦᠯᠦᠭᠰᠡᠨ ᠪᠣᠯᠪᠠᠰᠤᠷᠠᠯ ᠪᠣᠯᠤᠨ᠎ᠠ᠃ ᠬᠤᠯᠪᠣᠭᠳᠠᠬᠤ ᠬᠡᠪᠴᠢᠶ᠎ᠡ ᠨᠢ ᠨᠡᠯᠢᠶᠡᠳ ᠥᠷᠭᠡᠨ᠂ ᠬᠥᠮᠦᠨ ᠣᠯᠠᠨ ᠪᠣᠯᠬᠤᠷ ᠥᠷᠭᠡᠨ ᠣᠯᠠᠨ ᠠᠷᠠᠳ ᠲᠦᠮᠡᠨ ᠨᠢᠭᠲᠠ ᠬᠠᠮᠵᠢᠯᠴᠠᠬᠤ ᠬᠡᠷᠡᠭᠲᠡᠶ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠢ ᠢᠳᠡᠭᠡᠬᠦ ᠦᠭᠡᠢ᠂ ᠰᠣᠷᠢᠯᠲᠠ ᠶᠢᠨ ᠦᠷ᠎ᠡ ᠳ᠋ᠦᠩ ᠢ ᠠᠯᠪᠠᠨ ᠲᠠᠯ᠎ᠠ ᠶᠢᠨ ᠠᠷᠭ᠎ᠠ ᠵᠠᠮ ᠢᠶᠠᠷ ᠴᠠᠭ ᠲᠤᠬᠠᠶ ᠳᠤᠨᠢ ᠨᠡᠶᠢᠲᠡᠯᠡᠨ᠎ᠡ᠃    2020 ᠣᠨ ᠤ 11 ᠰᠠᠷ᠎ᠠ ᠶᠢᠨ 26 ᠤ ᠡᠳᠦᠷ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号