ᠭᠤᠷᠭᠤᠤᠯ ᠨᠠᠷᠭᠢᠶᠠᠨᠲᠤ ᠬᠤᠲᠠ ᠤᠨ ᠲᠣᠭᠤᠷᠢᠭ ᠲᠤ ᠨᠢᠰᠦᠨ ᠣᠷᠣᠪᠠ
ᠨᠡᠶᠢᠲᠡᠯᠡᠭᠰᠡᠨ ᠴᠠᠭ᠄
2020/11/27
 ᠬᠡᠬᠡᠷ᠎ᠠ ᠶᠢᠨ ᠠᠮᠢᠳᠠᠨ ᠦᠢ ᠤᠯᠡᠨ ᠪᠣᠯ ᠥᠪᠥᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠦᠨᠡᠨ ᠪᠣᠳᠠᠲᠠᠢ ᠵᠢᠷᠤᠭᠯᠠᠯ ᠶᠤᠮ᠃ ᠪᠠᠶᠢᠭᠠᠯᠢ ᠶᠢᠨ ᠤᠢ ᠶᠢ ᠬᠤᠳᠠᠯᠳᠤᠭᠠᠨ ᠤ ᠴᠢᠨᠠᠷᠲᠠᠶ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠬᠤ ᠶᠢ ᠳᠠᠭᠠᠯᠳᠤᠨ᠂ ᠭᠡᠭᠡᠨ ᠭᠤᠣᠯ ᠬᠤᠲᠠ ᠠᠮᠢ ᠠᠬᠤᠢ ᠶᠢᠨ ᠬᠠᠮᠠᠭᠠᠯᠠᠯᠲᠠ ᠶᠢ ᠶᠡᠬᠡᠪᠡᠷ ᠠᠬᠢᠭᠤᠯᠵᠤ᠂ ᠠᠮᠢ ᠠᠬᠤᠢ ᠣᠷᠴᠢᠨ ᠲᠤᠭᠤᠷᠢᠨ ᠲᠠᠰᠤᠷᠠᠯᠲᠠ ᠦᠭᠡᠢ ᠰᠠᠶᠢᠵᠢᠷᠠᠵᠤ᠂ ᠥᠩᠭᠡᠷᠡᠭᠰᠡᠨ ᠤ ᠬᠥᠮᠦᠰ ᠤᠨ ᠠᠮᠢᠳᠤᠷᠠᠯ ᠤᠨ ᠪᠠᠶᠢᠳᠠᠯ ᠳᠠᠬᠢᠨ ᠢᠯᠡᠷᠡᠪᠡ᠃   ᠲᠦᠷᠦᠭᠦᠬᠡᠨ᠂ ᠭᠡᠭᠡᠨ ᠭᠤᠤᠯ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠠᠷᠠᠳ ᠴᠧᠨ ᠢᠦᠶ ᠶᠢᠨ ᠬᠦᠷᠭᠡᠵᠦ ᠢᠷᠡᠭᠰᠡᠨ ᠣᠷᠳᠣ ᠰᠡᠭᠦᠯᠲᠦ ︽ᠲᠣᠮᠣ ᠰᠢᠪᠠᠭᠤ︾ ᠶᠢ ᠭᠥᠯᠢᠶᠡᠨ ᠠᠪᠤᠪᠠ᠃ ᠲᠡᠭᠦᠨ ᠤ ᠲᠠᠨᠢᠯᠴᠠᠭᠤᠯᠤᠭᠰᠠᠨ ᠢᠶᠠᠷ᠂ ᠥᠷᠯᠥᠭᠡ ᠠᠵᠢᠯᠯᠠᠬᠤ ᠦᠶᠡᠰ ᠪᠠᠶᠢᠭᠤᠯᠭ᠎ᠠ ᠨᠢᠭᠡᠴᠢ ᠶᠢᠨ ᠠᠰᠠᠷ ᠤᠨ ᠡᠮᠤᠨ᠎ᠡ ᠣᠯᠵᠤ ᠮᠡᠳᠡᠭᠰᠡᠨ ᠶᠤᠮ᠂ ᠶᠠᠭ ᠰᠢᠷᠬᠠᠲᠤᠭᠰᠠᠨ ᠰᠢᠭ᠋ ᠪᠠᠶᠢᠨ᠎ᠠ᠃  ᠠᠷᠠᠳ ᠤᠨ ᠴᠠᠭᠳᠠᠭ᠎ᠠ ᠡᠨᠡᠬᠦ ︽ᠲᠣᠮᠣ ᠰᠢᠪᠠᠭᠤ︾ ᠳᠤ ᠬᠡᠭᠡᠷ᠎ᠡ ᠶᠢᠨ ᠠᠮᠢᠲᠠᠨ ᠤ ᠵᠢᠷᠤᠭ ᠤᠨ ᠵᠢᠭᠰᠠᠭᠠᠯ ᠢ ᠪᠠᠶᠢᠴᠠᠭᠠᠨ ᠠᠳᠠᠯᠢᠳᠬᠠᠵᠤ᠂ ᠪᠠᠰᠠ ᠤᠯᠭᠤᠶᠠ ᠦᠨᠳᠦᠰᠦᠲᠡᠨ ᠤ ᠰᠢᠶᠠᠩ ᠤᠨ ᠮᠠᠯ ᠡᠮᠨᠡᠯᠭᠡ ᠶᠢᠨ ᠥᠷᠲᠡᠭᠡᠨ ᠤ ᠠᠵᠢᠯᠲᠠᠨ ᠢ ᠡᠷᠢᠵᠦ᠂ ᠰᠢᠯᠭᠠᠨ ᠲᠣᠭᠲᠠᠭᠠᠯᠲᠠ ᠪᠠᠷ ᠨᠡᠨ ᠪᠤᠯ ᠨᠢᠭᠡᠨ ᠴᠠᠭᠠᠷᠢᠭ ᠬᠦᠵᠦᠭᠦᠲᠦ ᠭᠤᠷᠭᠤᠤᠯ ᠪᠤᠯᠬᠤ ᠶᠢ ᠬᠢᠨᠠᠨ ᠲᠤᠭᠲᠠᠭᠠᠪᠠ᠂ ᠦᠭᠡᠷ᠎ᠠ ᠨᠠᠷᠡᠶᠢᠳᠤᠯ ᠨᠢ ᠬᠡᠭᠡᠷ᠎ᠡ ᠶᠢᠨ ᠳᠠᠬᠢᠶ᠎ᠠ ᠭᠡᠳᠡᠭ᠃ ᠭᠤᠤᠯᠳᠠᠭᠤ ᠠᠭᠤᠯᠠᠷᠬᠠᠭ ᠭᠠᠵᠠᠷ ᠪᠠ ᠳᠣᠪᠣᠷᠬᠠᠭ ᠭᠠᠵᠠᠷ ᠤᠨ ᠪᠣᠳᠠ ᠮᠤᠳᠤ᠂ ᠡᠪᠡᠰᠦᠨ ᠪᠤᠲᠠ ᠳᠣᠲᠣᠷ᠎ᠠ ᠠᠮᠢᠳᠤᠷᠠᠵᠤ᠂ ᠭᠦᠶᠦᠬᠦ ᠳᠡᠭᠡᠨ ᠴᠢᠳᠠᠮᠠᠭᠠᠶ᠂ ᠨᠢᠰᠬᠦ ᠬᠤᠷᠳᠤᠴᠠ ᠨᠢ ᠨᠡᠯᠢᠶᠡᠳ ᠲᠦᠷᠭᠡᠨ ᠪᠠᠶᠢᠳᠠᠭ᠂ ᠭᠡᠪᠡᠴᠦ ᠡᠩ ᠤᠨ ᠪᠠᠶᠢᠳᠠᠯ ᠳᠣᠣᠷ᠎ᠠ ᠨᠢᠰᠬᠦ ᠴᠠᠭ ᠨᠢ ᠤᠬᠤᠷ᠂ ᠨᠢᠰᠬᠦ ᠵᠠᠶ ᠨᠢ ᠣᠶᠢᠷ᠎ᠠ ᠪᠠᠶᠢᠵᠤ᠂ ᠤᠯᠤᠰ ᠤᠨ ᠭᠤᠷᠪᠠᠨ ᠬᠠᠮᠠᠭᠠᠯᠠᠯᠲᠠ ᠲᠠᠢ ᠠᠮᠢᠳᠠᠨ ᠳᠤ ᠬᠠᠷᠢᠶᠠᠯᠠᠭᠳᠠᠨ᠎ᠠ᠃ ᠴᠠᠭᠠᠷᠢᠭ ᠬᠦᠵᠦᠭᠦᠲᠦ ᠭᠤᠷᠭᠤᠤᠯ ᠤᠨ ᠪᠡᠶ᠎ᠡ ᠶᠢᠨ ᠭᠠᠳᠠᠷᠭᠤ ᠳᠤ ᠪᠠᠶᠢᠴᠠᠭᠠᠯᠲᠠ ᠬᠢᠵᠤ᠂ ᠭᠠᠳᠠᠷ ᠰᠢᠷᠬ᠎ᠠ ᠦᠭᠡᠢ ᠮᠥᠷᠲᠡᠭᠡᠨ ᠠᠮᠢ ᠨᠠᠰᠤᠨ ᠤ ᠰᠢᠨᠵᠢ ᠲᠡᠮᠳᠡᠭ ᠨᠢ ᠨᠡᠯᠢᠶᠡᠳ ᠰᠠᠶᠢᠨ ᠪᠠᠶᠢᠵᠤ᠂ ᠨᠢᠰᠬᠡᠬᠦ ᠨᠥᠬᠦᠴᠡᠯ ᠳᠤ ᠨᠡᠶᠢᠴᠡᠭᠰᠡᠨ ᠢ ᠨᠤᠲᠠᠯᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ  ᠪᠠ ᠤᠯᠭᠤᠶᠠ ᠡᠸᠠᠩᠬᠢ ᠦᠨᠳᠤᠰᠤᠳᠠᠨ ᠤ ᠰᠢᠶᠠᠩ ᠤᠨ ᠮᠠᠯ ᠡᠮᠨᠡᠯᠭᠡ ᠶᠢᠨ ᠥᠷᠲᠡᠭᠡᠨ ᠤ ᠠᠵᠢᠯᠲᠠᠳ ᠲᠠᠢ ᠬᠠᠮᠲᠤ ᠪᠠᠷ ᠴᠠᠭᠠᠷᠢᠭ ᠬᠦᠵᠦᠭᠦᠲᠦ ᠭᠤᠷᠭᠤᠤᠯ ᠢ ᠬᠡᠭᠡᠷ᠎ᠡ ᠠᠪᠠᠴᠢᠵᠤ ᠲᠠᠯᠪᠢᠭᠰᠠᠨ ᠪᠠᠶᠢᠨ᠎ᠠ᠃        ᠣᠶᠢᠷ᠎ᠠ ᠶᠢᠨ ᠵᠢᠯ ᠳᠤ ᠭᠡᠭᠡᠨ ᠭᠤᠤᠯ ᠬᠤᠲᠠ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠲᠠᠰᠤᠷᠠᠯᠲᠠ ᠤᠢᠭᠡᠢ ᠰᠠᠶᠢᠵᠢᠷᠠᠨ᠂ ᠬᠡᠭᠡᠷ᠎ᠡ ᠶᠢᠨ ᠠᠮᠢᠲᠠᠨ ᠤ ᠲᠥᠷᠥᠯ ᠵᠤᠶᠢᠯ ᠡᠳᠦᠷ ᠢᠷᠡᠬᠦᠶ᠎ᠡ ᠣᠯᠠᠰᠢᠷᠠᠵᠤ᠂ ᠭᠥᠷᠥᠭᠡᠰᠦ᠂ ᠤᠢ ᠶᠢᠨ ᠤᠭᠤᠯᠢ᠂ ᠬᠠᠷ᠎ᠠ ᠬᠠᠷᠢᠶᠠᠴᠠᠶ ᠵᠡᠷᠭᠡ ᠬᠡᠭᠡᠷ᠎ᠡ ᠶᠢᠨ ᠠᠮᠢᠲᠠᠨ ᠤ ᠬᠤᠲᠠ ᠶᠢᠨ ᠲᠣᠭᠤᠷᠢᠭ ᠲᠤ ᠠᠳᠡᠭᠦᠷᠡᠨ ᠣᠷᠣᠵᠤ ᠢᠷᠡᠬᠦ ᠪᠠᠶᠢᠳᠠᠯ ᠪᠠᠶᠢᠨ ᠪᠠᠶᠢᠨ ᠢᠯᠡᠷᠡᠭᠰᠡᠨ ᠪᠠᠶᠢᠨ᠎ᠠ ᠃ ᠭᠡᠲᠡᠯ᠎ᠡ ᠬᠤᠲᠠ ᠶᠢᠨ ᠠᠷᠠᠳ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠨᠢ ᠴᠦ ᠲᠠᠰᠤᠷᠠᠯᠲᠠ ᠦᠭᠡᠢ ᠴᠢᠩᠭᠠᠷᠠᠵᠤ᠂ ᠤᠳᠠᠭ᠎ᠠ ᠪᠦᠷᠢ ᠬᠤᠲᠠ ᠶᠢᠨ ᠲᠣᠭᠤᠷᠢᠭ ᠲᠤ ᠣᠷᠣᠵᠤ ᠢᠷᠡᠭᠰᠡᠨ ᠠᠮᠢᠲᠠᠨ ᠪᠦᠷ ᠲᠤᠩ ᠰᠠᠶᠢᠨ ᠠᠪᠤᠷᠠᠭᠳᠠᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠠᠪᠤᠳᠠᠯ ᠢ ᠥᠪᠡᠷ ᠤᠨ ᠪᠡᠶ᠎ᠡ ᠠᠴᠠ ᠪᠠᠨ ᠡᠬᠢᠯᠡᠨ ᠬᠠᠮᠠᠭᠠᠯᠠᠬᠤ ᠦᠵᠡᠯᠲᠡ ᠨᠢᠭᠡᠨᠲᠡ ᠬᠥᠮᠦᠰ ᠤᠨ ᠰᠡᠳᠬᠢᠯ ᠳᠤ ᠬᠠᠳᠠᠩᠰᠢᠵᠠᠶ᠃ ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄  ᠳ᠋ᠦᠩ ᠮᠢᠩ   ᠸᠧᠢ ᠶᠥᠩ ᠴᠦᠨ  
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号