ᠬᠡᠬᠡᠷ᠎ᠠ ᠶᠢᠨ ᠠᠮᠢᠳᠠᠨ ᠦᠢ ᠤᠯᠡᠨ ᠪᠣᠯ ᠥᠪᠥᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠦᠨᠡᠨ ᠪᠣᠳᠠᠲᠠᠢ | ᠵᠢᠷᠤᠭᠯᠠᠯ ᠶᠤᠮ᠃ ᠪᠠᠶᠢᠭᠠᠯᠢ ᠶᠢᠨ ᠤᠢ ᠶᠢ ᠬᠤᠳᠠᠯᠳᠤᠭᠠᠨ ᠤ ᠴᠢᠨᠠᠷᠲᠠᠶ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠬᠤ ᠶᠢ ᠳᠠᠭᠠᠯᠳᠤᠨ᠂ ᠭᠡᠭᠡᠨ ᠭᠤᠣᠯ ᠬᠤᠲᠠ | ᠠᠮᠢ ᠠᠬᠤᠢ ᠶᠢᠨ ᠬᠠᠮᠠᠭᠠᠯᠠᠯᠲᠠ ᠶᠢ ᠶᠡᠬᠡᠪᠡᠷ ᠠᠬᠢᠭᠤᠯᠵᠤ᠂ ᠠᠮᠢ ᠠᠬᠤᠢ ᠣᠷᠴᠢᠨ ᠲᠤᠭᠤᠷᠢᠨ ᠲᠠᠰᠤᠷᠠᠯᠲᠠ ᠦᠭᠡᠢ ᠰᠠᠶᠢᠵᠢᠷᠠᠵᠤ᠂ ᠥᠩᠭᠡᠷᠡᠭᠰᠡᠨ ᠤ ᠬᠥᠮᠦᠰ ᠤᠨ | ᠠᠮᠢᠳᠤᠷᠠᠯ ᠤᠨ ᠪᠠᠶᠢᠳᠠᠯ ᠳᠠᠬᠢᠨ ᠢᠯᠡᠷᠡᠪᠡ᠃ | ᠲᠦᠷᠦᠭᠦᠬᠡᠨ᠂ ᠭᠡᠭᠡᠨ ᠭᠤᠤᠯ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠠᠷᠠᠳ ᠴᠧᠨ ᠢᠦᠶ ᠶᠢᠨ ᠬᠦᠷᠭᠡᠵᠦ ᠢᠷᠡᠭᠰᠡᠨ | ᠣᠷᠳᠣ ᠰᠡᠭᠦᠯᠲᠦ ︽ᠲᠣᠮᠣ ᠰᠢᠪᠠᠭᠤ︾ ᠶᠢ ᠭᠥᠯᠢᠶᠡᠨ ᠠᠪᠤᠪᠠ᠃ ᠲᠡᠭᠦᠨ ᠤ ᠲᠠᠨᠢᠯᠴᠠᠭᠤᠯᠤᠭᠰᠠᠨ ᠢᠶᠠᠷ᠂ ᠥᠷᠯᠥᠭᠡ ᠠᠵᠢᠯᠯᠠᠬᠤ ᠦᠶᠡᠰ ᠪᠠᠶᠢᠭᠤᠯᠭ᠎ᠠ | ᠨᠢᠭᠡᠴᠢ ᠶᠢᠨ ᠠᠰᠠᠷ ᠤᠨ ᠡᠮᠤᠨ᠎ᠡ ᠣᠯᠵᠤ ᠮᠡᠳᠡᠭᠰᠡᠨ ᠶᠤᠮ᠂ ᠶᠠᠭ ᠰᠢᠷᠬᠠᠲᠤᠭᠰᠠᠨ ᠰᠢᠭ᠋ ᠪᠠᠶᠢᠨ᠎ᠠ᠃ | ᠠᠷᠠᠳ ᠤᠨ ᠴᠠᠭᠳᠠᠭ᠎ᠠ ᠡᠨᠡᠬᠦ ︽ᠲᠣᠮᠣ ᠰᠢᠪᠠᠭᠤ︾ ᠳᠤ ᠬᠡᠭᠡᠷ᠎ᠡ ᠶᠢᠨ ᠠᠮᠢᠲᠠᠨ ᠤ ᠵᠢᠷᠤᠭ ᠤᠨ ᠵᠢᠭᠰᠠᠭᠠᠯ ᠢ ᠪᠠᠶᠢᠴᠠᠭᠠᠨ ᠠᠳᠠᠯᠢᠳᠬᠠᠵᠤ᠂ ᠪᠠᠰᠠ ᠤᠯᠭᠤᠶᠠ | ᠦᠨᠳᠦᠰᠦᠲᠡᠨ ᠤ ᠰᠢᠶᠠᠩ ᠤᠨ ᠮᠠᠯ ᠡᠮᠨᠡᠯᠭᠡ ᠶᠢᠨ ᠥᠷᠲᠡᠭᠡᠨ ᠤ ᠠᠵᠢᠯᠲᠠᠨ ᠢ ᠡᠷᠢᠵᠦ᠂ ᠰᠢᠯᠭᠠᠨ ᠲᠣᠭᠲᠠᠭᠠᠯᠲᠠ ᠪᠠᠷ ᠨᠡᠨ ᠪᠤᠯ ᠨᠢᠭᠡᠨ ᠴᠠᠭᠠᠷᠢᠭ ᠬᠦᠵᠦᠭᠦᠲᠦ | ᠭᠤᠷᠭᠤᠤᠯ ᠪᠤᠯᠬᠤ ᠶᠢ ᠬᠢᠨᠠᠨ ᠲᠤᠭᠲᠠᠭᠠᠪᠠ᠂ ᠦᠭᠡᠷ᠎ᠠ ᠨᠠᠷᠡᠶᠢᠳᠤᠯ ᠨᠢ ᠬᠡᠭᠡᠷ᠎ᠡ ᠶᠢᠨ ᠳᠠᠬᠢᠶ᠎ᠠ ᠭᠡᠳᠡᠭ᠃ ᠭᠤᠤᠯᠳᠠᠭᠤ ᠠᠭᠤᠯᠠᠷᠬᠠᠭ ᠭᠠᠵᠠᠷ ᠪᠠ ᠳᠣᠪᠣᠷᠬᠠᠭ | ᠭᠠᠵᠠᠷ ᠤᠨ ᠪᠣᠳᠠ ᠮᠤᠳᠤ᠂ ᠡᠪᠡᠰᠦᠨ ᠪᠤᠲᠠ ᠳᠣᠲᠣᠷ᠎ᠠ ᠠᠮᠢᠳᠤᠷᠠᠵᠤ᠂ ᠭᠦᠶᠦᠬᠦ ᠳᠡᠭᠡᠨ ᠴᠢᠳᠠᠮᠠᠭᠠᠶ᠂ ᠨᠢᠰᠬᠦ ᠬᠤᠷᠳᠤᠴᠠ ᠨᠢ ᠨᠡᠯᠢᠶᠡᠳ ᠲᠦᠷᠭᠡᠨ ᠪᠠᠶᠢᠳᠠᠭ᠂ | ᠭᠡᠪᠡᠴᠦ ᠡᠩ ᠤᠨ ᠪᠠᠶᠢᠳᠠᠯ ᠳᠣᠣᠷ᠎ᠠ ᠨᠢᠰᠬᠦ ᠴᠠᠭ ᠨᠢ ᠤᠬᠤᠷ᠂ ᠨᠢᠰᠬᠦ ᠵᠠᠶ ᠨᠢ ᠣᠶᠢᠷ᠎ᠠ ᠪᠠᠶᠢᠵᠤ᠂ ᠤᠯᠤᠰ ᠤᠨ ᠭᠤᠷᠪᠠᠨ ᠬᠠᠮᠠᠭᠠᠯᠠᠯᠲᠠ ᠲᠠᠢ ᠠᠮᠢᠳᠠᠨ ᠳᠤ | ᠬᠠᠷᠢᠶᠠᠯᠠᠭᠳᠠᠨ᠎ᠠ᠃ ᠴᠠᠭᠠᠷᠢᠭ ᠬᠦᠵᠦᠭᠦᠲᠦ ᠭᠤᠷᠭᠤᠤᠯ ᠤᠨ ᠪᠡᠶ᠎ᠡ ᠶᠢᠨ ᠭᠠᠳᠠᠷᠭᠤ ᠳᠤ ᠪᠠᠶᠢᠴᠠᠭᠠᠯᠲᠠ ᠬᠢᠵᠤ᠂ ᠭᠠᠳᠠᠷ ᠰᠢᠷᠬ᠎ᠠ ᠦᠭᠡᠢ ᠮᠥᠷᠲᠡᠭᠡᠨ ᠠᠮᠢ ᠨᠠᠰᠤᠨ ᠤ | ᠰᠢᠨᠵᠢ ᠲᠡᠮᠳᠡᠭ ᠨᠢ ᠨᠡᠯᠢᠶᠡᠳ ᠰᠠᠶᠢᠨ ᠪᠠᠶᠢᠵᠤ᠂ ᠨᠢᠰᠬᠡᠬᠦ ᠨᠥᠬᠦᠴᠡᠯ ᠳᠤ ᠨᠡᠶᠢᠴᠡᠭᠰᠡᠨ ᠢ ᠨᠤᠲᠠᠯᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠪᠠ ᠤᠯᠭᠤᠶᠠ | ᠡᠸᠠᠩᠬᠢ ᠦᠨᠳᠤᠰᠤᠳᠠᠨ ᠤ ᠰᠢᠶᠠᠩ ᠤᠨ ᠮᠠᠯ ᠡᠮᠨᠡᠯᠭᠡ ᠶᠢᠨ ᠥᠷᠲᠡᠭᠡᠨ ᠤ ᠠᠵᠢᠯᠲᠠᠳ ᠲᠠᠢ ᠬᠠᠮᠲᠤ ᠪᠠᠷ ᠴᠠᠭᠠᠷᠢᠭ ᠬᠦᠵᠦᠭᠦᠲᠦ ᠭᠤᠷᠭᠤᠤᠯ ᠢ ᠬᠡᠭᠡᠷ᠎ᠡ ᠠᠪᠠᠴᠢᠵᠤ | ᠲᠠᠯᠪᠢᠭᠰᠠᠨ ᠪᠠᠶᠢᠨ᠎ᠠ᠃ | ᠣᠶᠢᠷ᠎ᠠ ᠶᠢᠨ ᠵᠢᠯ ᠳᠤ ᠭᠡᠭᠡᠨ ᠭᠤᠤᠯ ᠬᠤᠲᠠ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ | ᠲᠠᠰᠤᠷᠠᠯᠲᠠ ᠤᠢᠭᠡᠢ ᠰᠠᠶᠢᠵᠢᠷᠠᠨ᠂ ᠬᠡᠭᠡᠷ᠎ᠡ ᠶᠢᠨ ᠠᠮᠢᠲᠠᠨ ᠤ ᠲᠥᠷᠥᠯ ᠵᠤᠶᠢᠯ ᠡᠳᠦᠷ ᠢᠷᠡᠬᠦᠶ᠎ᠡ ᠣᠯᠠᠰᠢᠷᠠᠵᠤ᠂ ᠭᠥᠷᠥᠭᠡᠰᠦ᠂ ᠤᠢ ᠶᠢᠨ ᠤᠭᠤᠯᠢ᠂ ᠬᠠᠷ᠎ᠠ | ᠬᠠᠷᠢᠶᠠᠴᠠᠶ ᠵᠡᠷᠭᠡ ᠬᠡᠭᠡᠷ᠎ᠡ ᠶᠢᠨ ᠠᠮᠢᠲᠠᠨ ᠤ ᠬᠤᠲᠠ ᠶᠢᠨ ᠲᠣᠭᠤᠷᠢᠭ ᠲᠤ ᠠᠳᠡᠭᠦᠷᠡᠨ ᠣᠷᠣᠵᠤ ᠢᠷᠡᠬᠦ ᠪᠠᠶᠢᠳᠠᠯ ᠪᠠᠶᠢᠨ ᠪᠠᠶᠢᠨ ᠢᠯᠡᠷᠡᠭᠰᠡᠨ ᠪᠠᠶᠢᠨ᠎ᠠ᠃ ᠭᠡᠲᠡᠯ᠎ᠡ | ᠬᠤᠲᠠ ᠶᠢᠨ ᠠᠷᠠᠳ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠨᠢ ᠴᠦ ᠲᠠᠰᠤᠷᠠᠯᠲᠠ ᠦᠭᠡᠢ ᠴᠢᠩᠭᠠᠷᠠᠵᠤ᠂ ᠤᠳᠠᠭ᠎ᠠ ᠪᠦᠷᠢ ᠬᠤᠲᠠ ᠶᠢᠨ | ᠲᠣᠭᠤᠷᠢᠭ ᠲᠤ ᠣᠷᠣᠵᠤ ᠢᠷᠡᠭᠰᠡᠨ ᠠᠮᠢᠲᠠᠨ ᠪᠦᠷ ᠲᠤᠩ ᠰᠠᠶᠢᠨ ᠠᠪᠤᠷᠠᠭᠳᠠᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠠᠪᠤᠳᠠᠯ ᠢ ᠥᠪᠡᠷ ᠤᠨ ᠪᠡᠶ᠎ᠡ ᠠᠴᠠ ᠪᠠᠨ | ᠡᠬᠢᠯᠡᠨ ᠬᠠᠮᠠᠭᠠᠯᠠᠬᠤ ᠦᠵᠡᠯᠲᠡ ᠨᠢᠭᠡᠨᠲᠡ ᠬᠥᠮᠦᠰ ᠤᠨ ᠰᠡᠳᠬᠢᠯ ᠳᠤ ᠬᠠᠳᠠᠩᠰᠢᠵᠠᠶ᠃ | ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡ | ᠵᠤᠬᠢᠶᠠᠭᠴᠢ᠄ ᠳ᠋ᠦᠩ ᠮᠢᠩ ᠸᠧᠢ ᠶᠥᠩ ᠴᠦᠨ |