︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠦᠷ᠎ᠡ ᠪᠦᠲᠦᠮᠵᠢ ᠤᠯᠪᠠ᠃ ᠠᠵᠤ ᠠᠬᠤᠢ ᠶᠢᠨ ᠪᠠᠶᠢᠭᠤᠯᠤᠯ᠂ ᠠᠮᠢ ᠠᠬᠤᠢ ᠶᠢᠨ ᠪᠣᠯᠪᠠᠰᠤᠨ᠂ | ᠠᠷᠠᠳ ᠤᠨ ᠠᠮᠢᠳᠤᠷᠠᠯ ᠤᠨ ᠴᠢᠬᠤᠯᠠ ᠶᠡᠭᠡ ᠬᠦᠷᠢᠶᠡᠨ ᠳᠠᠬᠢ 26 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠣᠭᠲᠠᠭᠤᠨ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠤᠶᠢᠯᠡᠳᠤᠯ ᠢ ᠦᠨᠡᠨᠬᠦ ᠪᠠᠳᠠᠷᠠᠭᠤᠯᠵᠤ᠂ ︽ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠣᠨ︾ ᠢ ᠯᠠᠪᠳᠠᠭᠤᠨ ᠪᠠᠲᠤᠲᠠᠢ ᠦᠷᠨᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ | ᠨᠣᠷᠮ᠎ᠠ 78% ᠳᠤ ᠬᠦᠷᠴᠦ᠂ 3.68 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ 6178 ᠵᠤᠶᠢᠯᠡᠰ ᠢ ᠢᠯᠡ ᠪᠠᠷ ᠨᠡᠶᠢᠲᠡᠯᠡᠪᠡ᠃ ︽ᠬᠤᠶᠠᠷ ᠲᠠᠰᠢᠷᠠᠮ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 3995 ᠵᠦᠢᠯ ᠢ ᠰᠤᠭᠤᠴᠢᠨ ᠪᠠᠶᠢᠴᠠᠭᠠᠪᠠ᠃ ᠵᠠᠰᠠᠭ ᠤᠨ | ᠣᠷᠳᠣᠨ ᠤ ᠬᠤᠳᠠᠯᠳᠤᠨ ᠠᠪᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠯᠥᠨ ᠪᠤᠶᠢᠷ ᠬᠤᠲᠠ ᠳᠤ ︽ᠰᠦᠯᠵᠢᠶᠡᠨ ᠳᠡᠭᠡᠷᠡᠬᠢ | ᠬᠤᠳᠠᠯᠳᠤᠭᠠᠨ ᠤ ᠬᠤᠲᠠ︾ ᠶᠢ ᠤᠷᠢᠳᠠᠪᠠᠷ ᠨᠡᠪᠳᠡᠷᠡᠭᠦᠯᠵᠡᠢ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠥᠭᠡᠷᠡᠴᠢᠯᠡᠯᠲᠡ ᠶᠢ | ᠠᠬᠢᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠤᠴᠢᠷ ᠰᠢᠢᠳᠪᠤᠷᠢᠯᠡᠬᠦ ᠨᠣᠷᠮ᠎ᠠ | 97% ᠳᠤ ᠬᠦᠷᠭᠡᠵᠡᠢ᠃ ᠰᠢᠶᠠᠩ ᠪᠠᠯᠭᠠᠰᠤᠨ ᠤ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠦᠷᠦᠩᠭᠡ ᠶᠢᠨ ᠬᠢᠨᠠᠨ ᠪᠤᠳᠤᠯᠲᠠ ᠶᠢ ᠠᠩᠬ᠎ᠠ ᠤᠳᠠᠭ᠎ᠠ ᠥᠷᠨᠢᠭᠦᠯᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠳᠠᠩᠰᠠᠯᠠᠯᠲᠠ ᠶᠢ ᠳᠡᠭᠡᠭᠰᠢ ᠮᠡᠳᠡᠭᠦᠯᠬᠦ ᠠᠵᠢᠯ ᠢ ᠪᠡᠶᠡᠯᠡᠬᠦᠯᠵᠠᠢ᠃ ᠣᠷᠣᠨ ᠨᠤᠲᠤᠭ ᠤᠨ ᠤᠯᠤᠰ ᠤᠨ ᠥᠮᠴᠢᠯᠡᠯᠲᠡ ᠣᠢ ᠰᠢᠭᠤᠢ ᠶᠢᠨ | ᠲᠠᠯᠠᠪᠠᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ | ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠤᠯᠪᠤᠭᠠᠨ ᠤ ᠣᠨ ᠤ ᠬᠤᠷᠠᠯ ᠢ ᠬᠠᠮᠵᠢᠯᠴᠠᠨ ᠡᠷᠬᠢᠯᠡᠵᠠᠢ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 12.96 | ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 80.6% ᠶᠢ ᠡᠵᠡᠯᠡᠪᠡ᠃ ᠦᠢᠯᠡᠰ ᠪᠣᠰᠬᠠᠨ ᠠᠵᠢᠯ | ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ 760 ᠲᠦᠮᠡᠨ ᠲᠥᠭᠦᠷᠢᠭ ᠤᠨ ᠦᠢᠯᠡᠰ ᠪᠣᠰᠬᠠᠬᠤ | ᠪᠠᠲᠤᠯᠠᠭᠠᠲᠤ ᠵᠢᠭᠡᠯᠡᠯᠭᠡ ᠶᠢ ᠲᠠᠯᠪᠢᠵᠤ᠂ ᠬᠤᠲᠠ ᠪᠠᠯᠭᠠᠰᠤᠨ ᠤ 829 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ 3.94% ᠳᠤ ᠬᠢᠵᠠᠭᠠᠷᠯᠠᠪᠠ᠃ ᠣᠯᠠᠨ ᠲᠦᠮᠡᠨ ᠤ ᠬᠠᠨᠠᠮᠵᠢ ᠶᠢᠨ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ 6839 | ᠬᠥᠮᠦᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠤ ᠳᠠᠩᠰᠠ ᠲᠠᠶᠢᠯᠬᠤ ᠬᠠᠷᠠᠭᠠᠯᠵᠠᠯ ᠢ ᠰᠢᠨ᠎ᠡ ᠪᠠᠷ | ᠬᠦᠷᠲᠡᠪᠡ᠃ 1098 ᠢᠵᠢ ᠨᠡᠶᠢᠲᠡ ᠶᠢᠨ ᠲᠦᠷᠢᠶᠡᠰᠦᠨ ᠭᠡᠷ ᠢ ᠣᠷᠣᠨ ᠰᠠᠭᠤᠴᠠ ᠶᠢᠨ ᠬᠦᠴᠢᠷᠳᠡᠯ ᠲᠠᠢ ᠤᠯᠠᠨ ᠨᠡᠶᠢᠳᠡ ᠲᠤ ᠬᠠᠨᠳᠤᠭᠤᠯᠤᠨ ᠬᠤᠪᠢᠶᠠᠷᠢᠯᠠᠪᠠ᠃ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 50 ᠲᠥᠭᠦᠷᠢᠭ ᠳᠡᠭᠡᠭᠰᠢᠯᠡᠭᠦᠯᠵᠦ᠂ ᠪᠦᠬᠦ ᠵᠢᠯ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠠᠪᠤᠷᠠᠨ | ᠲᠤᠰᠠᠯᠠᠬᠤ ᠮᠥᠩᠭᠦ ᠪᠣᠯᠤᠨ ᠠᠷᠠᠳ ᠲᠤ ᠠᠰᠢᠭ ᠬᠦᠷᠲᠡᠭᠡᠬᠦ ᠨᠥᠬᠦᠪᠥᠷᠢ 9239 ᠲᠦᠮᠡᠨ ᠲᠥᠭᠦᠷᠢᠭ ᠲᠠᠷᠬᠠᠭᠠᠪᠠ᠃ | ︵ᠨᠠᠢᠮᠠ︶ ᠨᠡᠶᠢᠭᠡᠮ ᠤᠨ ᠠᠵᠢᠯ ᠤᠶᠢᠯᠡᠰ ᠪᠥᠬᠦ ᠲᠠᠯ᠎ᠠ ᠪᠠᠷ ᠬᠥᠭᠵᠢᠪᠡ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ 16 ᠳᠤᠮᠳᠠᠳᠤ ᠪᠠᠭ᠎ᠠ ᠰᠤᠷᠭᠠᠭᠤᠯᠢ ᠶᠢ ᠨᠡᠶᠢᠯᠡᠭᠦᠯᠦᠭᠡᠳ 12 ᠰᠠᠭᠤᠷᠢ ᠪᠣᠯᠭᠠᠵᠤ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠭᠡᠷ ᠪᠠᠶᠢᠰᠢᠩ ᠢ ᠰᠡᠯᠪᠢᠨ ᠵᠠᠰᠠᠪᠠ᠃ ᠭᠡᠭᠡᠨ ᠭᠤᠤᠯ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠳᠤ ᠵᠢᠩᠬᠢᠨᠢ ᠠᠩᠭᠢ ᠳᠤ ᠤᠷᠤᠭᠰᠠᠨ ᠨᠣᠷᠮ᠎ᠠ 70% ᠳᠤ ᠬᠦᠷᠴᠡᠶ᠃ ᠮᠠᠨᠬᠦ᠋ᠢ ᠬᠡᠦᠬᠡᠳ ᠤᠨ ᠴᠡᠴᠡᠷᠯᠢᠭ ᠪᠣᠯᠤᠨ ᠶᠢᠨ ᠾᠧ ᠬᠡᠦᠬᠡᠳ ᠤᠨ | ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ ᠢᠶᠠᠷ ᠦᠨᠡᠯᠡᠭᠳᠡᠪᠡ᠃ ᠪᠡᠶ᠎ᠡ ᠶᠢᠨ | ᠲᠠᠮᠢᠷ ᠤᠨ ᠤᠶᠢᠯᠡᠰ ᠢ ᠪᠥᠬᠦ ᠲᠠᠯ᠎ᠠ ᠪᠠᠷ ᠬᠥᠭᠵᠢᠭᠦᠯᠵᠦ᠂ ᠬᠥᠯᠥᠨ ᠪᠤᠶᠢᠷ ᠬᠤᠲᠠ ᠶᠢᠨ ᠲᠠᠰ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠱᠠᠩᠨᠠᠯ ᠢ | 98 ᠤᠳᠠᠭ᠎ᠠ ᠭᠥᠷᠳᠡᠪᠡ᠃ 10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠧᠶ ᠯᠢᠨ᠂ | ᠲᠢᠶᠧ ᠰᠢ᠂ ᠰᠢᠩ ᠠᠨ᠂ ᠬᠤᠩ ᠴᠢ ᠵᠡᠷᠭᠡ ᠳᠥᠷᠪᠡᠨ ᠨᠡᠶᠢᠭᠡᠮ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ | ᠠᠰᠢᠭᠯᠠᠯᠲᠠ ᠳᠤ ᠤᠷᠤᠭᠤᠯᠵᠠᠢ᠃ ᠤᠯᠠᠭᠠᠨᠮᠥ᠋ᠴᠢᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠬᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢ 100 ᠭᠠᠷᠤᠶ ᠤᠳᠠᠭ᠎ᠠ ᠥᠷᠨᠢᠭᠦᠯᠪᠡ᠃ ᠡᠷᠡᠭᠦᠯ ᠬᠠᠮᠠᠭᠠᠯᠠᠯ ᠡᠮ ᠡᠮᠨᠡᠯᠭᠡ ᠶᠢᠨ ᠦᠢᠯᠡᠰ ᠲᠣᠭᠲᠠᠭᠤᠨ ᠢᠶᠠᠷ ᠬᠥᠭᠵᠢᠵᠦ᠂ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠠᠯᠤᠰ ᠡᠵᠡᠮᠰᠢᠯᠲᠦ ᠡᠪᠡᠳᠴᠢᠨ ᠤ ᠵᠦᠶ ᠶᠢᠨ ᠣᠨᠣᠰᠢᠯᠠᠯᠲᠠ ᠶᠢᠨ | ᠤᠶᠢᠯᠡᠴᠢᠯᠡᠭᠡ ᠶᠢ 561 ᠥᠷᠨᠢᠭᠦᠯᠵᠦ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ ᠬᠡᠷᠡᠭᠯᠡᠬᠦ ᠬᠠᠷᠢᠴᠠᠯ 45.2% ᠲᠤ | ᠬᠦᠷᠴᠡᠶ᠃ ᠤᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠵᠢᠯ ᠳᠠᠷᠠᠭᠠᠯᠠᠨ ᠪᠠᠭᠤᠷᠠᠪᠠ᠃ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | ᠤᠯᠤᠰ ᠤᠨ ᠲᠡᠰ ᠤᠨ ︽ᠬᠠᠪᠤᠳᠠᠷ ᠢ ᠳᠠᠩᠰᠠᠯᠠᠬᠤ ᠠᠵᠢᠯ ᠤᠨ ᠳᠠᠪᠰᠢᠯᠲᠠ ᠶᠢᠨ ᠱᠠᠩᠨᠠᠯ︾ ᠢ ᠬᠦᠷᠲᠡᠪᠡ᠃ ᠴᠡᠷᠢᠭ ᠤᠨ ᠠᠯᠪᠠᠨ ᠠᠴᠠ ᠪᠠᠭᠤᠭᠰᠠᠳ ᠢ ᠪᠠᠲᠤᠯᠠᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠡᠷᠢᠭ ᠤᠨ ᠠᠯᠪᠠᠨ ᠠᠴᠠ ᠪᠠᠭᠤᠭᠰᠠᠨ ᠬᠡᠰᠡᠭ ᠪᠠᠶᠢᠯᠳᠤᠭᠴᠢᠳ ᠤᠨ ᠨᠡᠶᠢᠭᠡᠮ ᠤᠨ | ᠳᠠᠭᠠᠳᠬᠠᠯ ᠤᠨ ᠵᠠᠯᠭᠠᠨ ᠦᠷᠬᠦᠯᠵᠢᠯᠡᠬᠦᠯᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠵᠠᠬ᠎ᠠ ᠳᠡᠯᠭᠡᠭᠦᠷ ᠳᠡᠭᠡᠷᠡᠬᠢ ᠮᠣᠩᠭᠤᠯ ᠬᠢᠲᠠᠳ ᠦᠰᠦᠭ ᠪᠢᠴᠢᠭ ᠢ | ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ 275 ᠲᠦᠮᠡᠨ ᠲᠥᠭᠦᠷᠢᠭ | ᠨᠠᠶᠢᠳᠠᠪᠤᠷᠢᠵᠢᠭᠤᠯᠪᠠ᠃ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠤ ᠪᠣᠯᠪᠠᠰᠤᠨ ᠬᠤᠲᠠ ᠪᠠᠷ ᠦᠨᠡᠯᠡᠭᠳᠡᠪᠡ᠃ ᠳᠠᠩᠰᠠ | ᠡᠪᠬᠡᠮᠡᠯ ᠲᠡᠤᠬᠡ ᠣᠶᠢᠯᠠᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ᠂ ᠤᠯᠠᠭᠠᠨ ᠵᠠᠭᠠᠯᠮᠠᠶᠢᠳᠠᠨ᠂ ᠵᠡᠮᠳᠡᠭᠴᠦᠳ ᠤᠨ ᠬᠤᠯᠪᠣᠭ᠎ᠠ᠂ ᠠᠵᠤ ᠤᠶᠢᠯᠡᠳᠪᠤᠷᠢ ᠬᠤᠳᠠᠯᠳᠤᠭ᠎ᠠ ᠶᠢᠨ | ᠬᠤᠯᠪᠤᠭ᠎ᠠ᠂ ᠨᠠᠰᠤ ᠦᠨᠳᠤᠷ ᠬᠦᠮᠤᠰ ᠤᠨ ᠠᠵᠢᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠪᠯᠡᠯ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠬᠢᠴᠠ ᠲᠠᠢ ᠪᠣᠯᠪᠠ᠃ | ︵ᠶᠢᠰᠦ︶ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠦᠴᠦᠨ ᠢ ᠴᠢᠩᠭᠠᠷᠠᠭᠤᠯᠤᠨ᠂ ᠭᠠᠯ ᠤᠨᠲᠠᠷᠠᠭᠠᠬᠤ ᠲᠤᠰᠬᠠᠶ ᠠᠩᠭᠢ ᠶᠢᠨ ᠭᠡᠰᠢᠭᠦᠨ ᠡᠯᠰᠡᠵᠦ᠂ | ᠣᠢ ᠰᠢᠭᠤᠶ ᠶᠢᠨ ᠭᠠᠯ ᠤᠨᠲᠠᠷᠠᠭᠠᠬᠤ ᠬᠠᠮᠲᠤᠷᠠᠨ ᠰᠡᠷᠭᠡᠶᠢᠯᠡᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠢᠤ ᠱᠠᠨ ᠣᠢ ᠰᠢᠭᠤᠶ ᠶᠢᠨ ᠲᠠᠯᠠᠪᠠᠢ | ᠵᠡᠷᠭᠡ ᠠᠶᠤᠩᠭ᠎ᠠ ᠳᠤ ᠨᠢᠷᠭᠡᠭᠳᠡᠭᠰᠡᠨ ᠣᠢ ᠰᠢᠭᠤᠶ ᠶᠢᠨ ᠭᠠᠯ ᠤᠨ ᠠᠶᠤᠯ ᠢ ᠠᠮᠵᠢᠯᠲᠠ ᠲᠠᠢ ᠪᠠᠷ ᠰᠢᠢᠳᠪᠤᠷᠢᠯᠡᠵᠠᠢ᠃ ᠠᠶᠤᠯᠬᠦᠢ ᠤᠶᠢᠯᠡᠳᠪᠤᠷᠢᠯᠡᠯ ᠤᠨ ᠶᠡᠭᠡ | ᠪᠠᠶᠢᠴᠠᠭᠠᠯᠲᠠ ᠶᠢ ᠥᠷᠨᠢᠭᠦᠯᠵᠦ᠂ ᠠᠶᠤᠯᠬᠦᠢ ᠤᠶᠢᠯᠡᠳᠪᠤᠷᠢᠯᠡᠯ ᠤᠨ ᠬᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯᠬᠦᠢ | ᠤᠶᠢᠯᠡᠳᠪᠤᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠬᠢᠵᠢᠭ ᠤᠨ ᠪᠠᠶᠢᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠵᠠᠢ᠃ ᠨᠡᠶᠢᠭᠡᠮ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠵᠡᠷᠭᠡ ᠲᠤᠰᠬᠠᠶ ᠠᠵᠢᠯᠯᠠᠭ᠎ᠠ ᠶᠢ ᠦᠷᠨᠢᠬᠦᠯᠵᠠᠢ᠃ ︽ᠣᠶᠤᠨᠯᠢᠭ | ᠳᠣᠲᠣᠭᠠᠳᠤ ᠶᠢ ᠬᠠᠮᠠᠭᠠᠯᠠᠬᠤ︾ ᠶᠢᠨ ᠪᠠᠶᠢᠭᠤᠯᠤᠯᠲᠠ ᠶᠢ ᠠᠬᠢᠭᠤᠯᠵᠤ᠂ 149 ᠦᠷᠲᠡᠭᠡ ᠶᠢᠨ ᠬᠢᠨᠠᠨ ᠰᠡᠭᠦᠳᠡᠷᠯᠡᠯᠲᠡ ᠶᠢ ᠪᠡᠶᠡᠯᠡᠭᠦᠯᠵᠠᠢ᠂ ᠬᠥᠮᠦᠨ ᠤ ᠵᠢᠰᠦ ᠶᠢ | ᠢᠯᠭᠠᠨ ᠲᠠᠨᠢᠬᠤ ᠬᠢᠨᠠᠨ ᠡᠵᠡᠮᠳᠡᠬᠦ ᠮᠠᠰᠢᠨ 95 ᠶᠢ ᠪᠡᠶᠡᠯᠡᠭᠦᠯᠪᠡ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠬᠠᠷ᠎ᠠ ᠪᠦᠯᠤᠭ᠍ᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ 76 ᠬᠡᠷᠡᠭ ᠤᠨ ᠰᠦᠪᠡᠭᠴᠢ ᠶᠢ ᠣᠶᠢᠯᠭᠠᠨ | ᠵᠢᠭᠰᠠᠭᠠᠵᠤ᠂ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠪᠦᠯᠬᠦᠮ 1 ᠶᠢ ᠴᠣᠬᠢᠨ ᠰᠤᠶᠢᠷᠡᠭᠦᠯᠤᠨ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ | ᠢᠯᠡᠳᠲᠡ ᠴᠢᠩᠭᠠᠷᠠᠪᠠ᠃ | ︵ᠠᠷᠪᠠ︶ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠳᠡᠭᠡᠭᠰᠢᠯᠡᠵᠡᠢ᠃ ᠤᠯᠤᠰ ᠲᠥᠷᠥ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠲᠤᠰ | ᠪᠡᠶ᠎ᠡ ᠶᠢᠨ ᠪᠠᠶᠢᠭᠤᠯᠤᠯᠲᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠪᠠᠷᠢᠮᠳᠡᠯᠠᠨ᠂ ︽ᠳᠥᠷᠪᠡᠨ ᠦᠵᠡᠯ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠤᠨ᠎ᠠ᠃ ᠵᠠᠰᠠᠭ ᠤᠨ ᠣᠷᠳᠣᠨ ᠤ ᠪᠠᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠪᠦᠬᠦ ᠬᠤᠲᠠ ᠶᠢᠨ ᠪᠠᠶᠢᠭᠤᠯᠤᠮᠵᠢ᠂ ᠡᠭᠦᠷᠭᠡ ᠴᠢᠳᠠᠪᠬᠢ᠂ ᠣᠷᠣᠨ ᠲᠤᠭ᠎ᠠ ᠪᠠ ᠠᠵᠢᠯᠯᠠᠭᠠᠨ ᠤ ᠪᠠᠲᠤᠯᠠᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠰᠢᠶᠠᠩ | ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ᠂ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠪᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠴᠢᠳᠠᠪᠤᠷᠢ ᠶᠢ ᠳᠡᠭᠡᠭᠰᠢᠯᠡᠭᠦᠯᠪᠡ᠃ ᠦᠵᠡᠯ ᠤᠬᠠᠮᠰᠠᠷ ᠤᠨ | ᠬᠡᠯᠪᠡᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠦᠢ ᠬᠠᠢ ᠵᠢᠶᠦ᠋ᠨ᠂ ᠯᠢᠶᠣᠤ ᡁᠢ ᠬᠤᠢ ᠵᠡᠷᠭᠡ ᠲᠡᠷᠢᠭᠦᠨ ᠤ ᠦᠢᠯᠡ ᠠᠵᠢᠯᠯᠠᠭ᠎ᠠ ᠠᠴᠠ ᠰᠤᠷᠤᠯᠴᠠᠬᠤ | ᠠᠵᠢᠯᠯᠠᠭ᠎ᠠ ᠶᠢ ᠥᠷᠨᠢᠭᠦᠯᠵᠦ᠂ ᠪᠦᠬᠦ ᠬᠤᠲᠠ ᠶᠢᠨ ᠺᠠᠳ᠋ᠷ ᠠᠵᠢᠯᠲᠠᠨ ᠤ ᠠᠵᠢᠯ ᠬᠢᠵᠦ ᠦᠢᠯᠡᠰ ᠴᠣᠭᠴᠠᠯᠠᠬᠤ᠂ ᠪᠣᠳᠠᠲᠠᠢ ᠶᠢ ᠡᠷᠬᠢᠯᠡᠵᠦ ᠬᠠᠷᠢᠭᠤᠴᠠᠯᠭ᠎ᠠ ᠡᠭᠦᠷᠭᠡᠯᠡᠬᠦ | ᠠᠵᠢᠯ ᠤᠨ ᠠᠭᠤᠷ ᠠᠮᠢᠰᠬᠤᠯ ᠨᠠᠩ ᠭᠦᠨ ᠵᠤᠵᠠᠭᠠᠨ ᠪᠣᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠷᠣᠰᠢᠵᠤ ᠪᠠᠶᠢᠭ᠎ᠠ ᠠᠰᠠᠭᠤᠳᠠᠯ ᠢ ᠡᠷᠡᠰ ᠴᠡᠭᠴᠡᠯᠡᠨ | ᠰᠠᠶᠢᠵᠢᠷᠠᠭᠤᠯᠵᠤ᠂ ᠡᠯ᠎ᠡ ᠵᠤᠶᠢᠯ ᠤᠨ ᠠᠵᠢᠯ ᠢ ᠲᠠᠰᠤᠷᠠᠯᠲᠠ ᠥᠬᠡᠶ ᠳᠡᠭᠦᠯᠳᠡᠷᠵᠢᠭᠦᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 119 ᠬᠤᠪᠢ ᠰᠢᠢᠳᠪᠤᠷᠢᠯᠡᠵᠦ᠂ ᠬᠠᠷᠢᠭᠤᠯᠲᠠ | ᠥᠭᠭᠦᠭᠰᠡᠨ ᠨᠤᠷᠮ᠎ᠠ ᠨᠢ 100% ᠳᠤ ᠬᠦᠷᠴᠡᠶ᠃ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ | ᠲᠥᠷᠥ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠭᠤᠤᠯᠳᠠᠯᠭ᠎ᠠ ᠲᠠᠢ ᠬᠦᠷᠢᠶ᠎ᠡ ᠪᠠ ᠠᠷᠠᠳ ᠤᠨ ᠠᠮᠢᠳᠤᠷᠠᠯ ᠤᠨ | ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠡᠮᠬᠢ ᠵᠢᠷᠤᠮ ᠲᠠᠢ ᠦᠷᠨᠢᠭᠦᠯᠤᠨ᠎ᠠ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠠᠵᠢᠯ ᠬᠤᠶᠠᠷ ᠬᠠᠷᠢᠭᠤᠴᠠᠯᠭ᠎ᠠ︾ ᠶᠢᠨ ᠲᠦᠷᠢᠮ ᠢ ᠬᠢᠨᠠᠮᠠᠭᠠᠶ | ᠭᠦᠢᠴᠡᠳᠬᠡᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠵᠠᠰᠠᠭ ᠤᠨ ᠰᠤᠷᠲᠠᠯ ᠢ ᠦᠷᠭᠦᠯᠵᠢᠯᠡᠨ | ᠰᠠᠶᠢᠵᠢᠷᠠᠭᠤᠯᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠤᠶᠢᠯᠡᠳᠤᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ | ᠭᠠᠷᠭᠠᠵᠤ ᠣᠯᠤᠭᠰᠠᠨ ᠠᠮᠵᠢᠯᠲᠠ ᠪᠦᠲᠦᠮᠵᠢ ᠨᠢ ᠬᠢᠯᠪᠠᠷ ᠪᠤᠰᠤ ᠶᠤᠮ᠃ ᠡᠨᠡ ᠪᠣᠯ ᠬᠤᠲᠠ ᠶᠢᠨ ᠨᠠᠮ ᠤᠨ ᠬᠤᠷᠢᠶᠠᠨ ᠤ ᠵᠥᠪ ᠤᠳᠤᠷᠢᠳᠤᠭᠰᠠᠨ ᠤ ᠦᠷ᠎ᠡ ᠳ᠋ᠦᠩ | ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ | ᠳ᠋ᠦᠩ ᠮᠥᠨ᠂ ᠪᠦᠬᠦ ᠬᠤᠲᠠ ᠶᠢᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠪᠠ ᠡᠯ᠎ᠡ ᠲᠠᠯ᠎ᠠ ᠶᠢᠨ ᠬᠢᠨ ᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠃ | ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠲᠥᠯᠥᠭᠡᠯᠡᠭᠴᠢᠳ᠂ ᠭᠡᠰᠢᠭᠦᠳ ᠪᠣᠯᠤᠨ ᠪᠦᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠵᠢᠴᠢ ᠬᠡᠭᠡᠨ ᠭᠤᠣᠯ ᠤᠨ ᠬᠥᠭᠵᠢᠯᠲᠡ ᠳᠤ ᠤᠷᠤᠯᠴᠠᠨ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠡᠲᠡᠭᠡᠳ ᠤᠨ ᠬᠥᠮᠦᠰ | ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠡ ᠠᠵᠢᠯ ᠤᠨ ᠳᠤᠮᠳᠠ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠪᠠ᠄ ᠭᠤᠣᠯᠳᠠᠭᠤ | ᠠᠵᠤ ᠠᠬᠤᠢ ᠶᠢᠨ ᠲᠣᠭᠲᠠᠭᠤᠨ ᠡᠷᠭᠢᠯᠲᠡ ᠶᠢᠨ ᠰᠠᠭᠤᠷᠢ ᠪᠠᠰᠠ ᠪᠠᠲᠤ ᠪᠠᠬᠢ ᠪᠢᠰᠢ ᠪᠠᠶᠢᠭᠰᠠᠭᠠᠷ᠂ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠡᠭᠦᠷᠭᠡ ᠬᠠᠲᠠᠭᠤ ᠪᠡᠷᠬᠡ ᠪᠠᠶᠢᠵᠤ᠂ ᠣᠲᠣ ᠶᠢᠨ ᠪᠠᠶᠢᠭ᠎ᠠ ᠠᠵᠤ ᠤᠶᠢᠯᠡᠰ ᠤᠨ ᠪᠦᠷᠢᠯᠳᠦᠬᠦ ᠬᠡᠪᠴᠢᠶ᠎ᠡ ᠥᠬᠡᠶ︔ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠶ ᠪᠠᠶᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠲᠠᠬᠤ ᠬᠦᠴᠦᠨ ᠴᠢᠩᠭ᠎ᠠ ᠪᠢᠰᠢ᠂ ᠬᠥᠭᠵᠢᠯᠲᠡ ᠶᠢᠨ | ᠰᠢᠨ᠎ᠡ ᠬᠥᠳᠡᠯᠭᠡᠭᠴᠢ ᠡᠨᠧᠷᠭᠢ ᠮᠥᠨ ᠬᠦᠷᠦᠯᠴᠡᠬᠦ ᠦᠭᠡᠢ ᠪᠠᠶᠢᠵᠤ᠂ ᠲᠥᠷᠥᠯ ᠵᠤᠶᠢᠯ ᠢ ᠲᠥᠰᠦᠪᠯᠡᠨ ᠨᠥᠭᠡᠴᠡᠯᠡᠬᠦ ᠲᠠᠯ᠎ᠠ ᠪᠠᠷ ᠬᠦᠷᠦᠯᠴᠡᠬᠦ ᠥᠬᠡᠶ ᠪᠠᠶᠢᠵᠤ᠂ ᠪᠠᠯᠠ | ᠣᠷᠣᠭᠤᠯᠤᠯᠲᠠ ᠶᠢᠨ ᠳᠠᠶᠢᠴᠢᠯᠠᠬᠤ ᠤᠶᠢᠯᠡᠳᠤᠯ ᠰᠤᠯᠠ ᠪᠠᠶᠢᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠬᠦᠷᠦᠯᠴᠡᠬᠦ ᠦᠭᠡᠢ᠂ ᠣᠷᠣᠯᠭ᠎ᠠ ᠵᠠᠷᠤᠯᠭ᠎ᠠ ᠶᠢᠨ | ᠵᠥᠷᠢᠴᠡᠯ ᠲᠤᠪᠤᠶᠢᠮ᠎ᠠ ᠪᠠᠶᠢᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠ ᠥᠷᠢ ᠥᠭᠴᠡᠭᠡ ᠶᠢ | ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶ᠎ᠡ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠤ ᠪᠠᠰᠠ | ᠲᠤᠳᠠᠭᠤᠳᠠᠯ ᠣᠷᠣᠰᠢᠵᠤ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠶ ᠪᠠᠶᠢᠵᠤ᠂ ᠵᠠᠷᠢᠮ ᠺᠠᠳ᠋ᠷ ᠤᠨ ᠬᠥᠭᠵᠢᠯᠲᠡ ᠶᠢᠨ ᠤᠬᠠᠮᠰᠠᠷ | ᠴᠢᠩᠭ᠎ᠠ ᠪᠢᠰᠢ᠂ ᠠᠵᠢᠯ ᠬᠢᠵᠦ ᠤᠶᠢᠯᠡᠰ ᠪᠦᠲᠦᠭᠡᠬᠦ ᠡᠷᠴᠢ ᠵᠣᠷᠢᠭ ᠨᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠬᠢᠨᠠᠮᠠᠭᠠᠶ | ᠰᠢᠢᠳᠪᠤᠷᠢᠯᠡᠬᠦ ᠴᠢᠬᠤᠯᠠᠲᠠᠶ ᠪᠠᠶᠢᠨ᠎ᠠ᠃ | ᠁ |