ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠪᠠᠴᠢᠮ ᠰᠠᠨᠠᠭᠤᠯᠤᠮᠵᠢ
ᠨᠡᠶᠢᠲᠡᠯᠡᠭᠰᠡᠨ ᠴᠠᠭ᠄
2020/11/30
  11 ᠰᠠᠷ᠎ᠠ ᠶᠢᠨ 20 ᠤ ᠡᠳᠦᠷ ᠤᠨ ᠦᠷ ᠢᠶᠠᠷ᠂ ᠲᠢᠶᠠᠨᠵᠢᠨ ᠬᠤᠲᠠ ᠶᠢᠨ ᠡᠮᠦᠨᠡᠭᠡᠨ ᠵᠠᠷᠯᠠᠭᠰᠠᠨ ᠲᠢᠶᠠᠨᠵᠢᠨ ᠤ ᠳ᠋ᠦᠩ ᠵᠢᠶᠠᠩ ᠭᠠᠨᠭ᠌ ᠲᠣᠭᠤᠷᠢᠭ ᠤᠨ ᠺᠠᠨ ᠬᠠᠶ ᠰᠢᠤᠸᠠᠨ ᠰᠠᠭᠤᠭᠠᠯᠢ ᠲᠣᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠡᠳ ᠠᠷᠭ᠎ᠠ ᠴᠢᠨᠠᠷ ᠢᠯᠡᠷᠡᠭᠰᠡᠨ 4 ᠬᠦᠮᠦᠨ ᠢ ᠴᠥᠮ ᠲᠤᠬᠠᠶ ᠶᠢᠨ ᠭᠠᠵᠠᠷ ᠤᠨ ᠲᠤᠳᠤᠯᠠᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠡᠪᠡᠳᠴᠢᠳᠡᠨ ᠢᠶᠠᠷ ᠣᠨᠣᠰᠢᠯᠠᠵᠤ᠂ ᠡᠭᠦᠨ ᠤ ᠬᠠᠮᠲᠤ ᠳ᠋ᠦᠩ ᠵᠢᠶᠠᠩ ᠭᠠᠨᠭ᠌ ᠲᠣᠭᠤᠷᠢᠭ ᠤᠨ ᠺᠠᠨ ᠬᠠᠶ ᠰᠢᠤᠸᠠᠨ ᠰᠠᠭᠤᠭᠠᠯᠢ ᠲᠣᠭᠤᠷᠢᠭ ᠢ ᠳᠤᠮᠳᠠ ᠲᠡᠰ ᠤᠨ ᠲᠦᠭᠰᠢᠬᠦᠷᠢ ᠪᠦᠬᠦᠢ ᠭᠠᠵᠠᠷ ᠣᠷᠣᠨ ᠠᠴᠠ ᠦᠨᠳᠦᠷ ᠲᠡᠰ ᠤᠨ ᠲᠦᠭᠰᠢᠬᠦᠷᠢ ᠪᠦᠬᠦᠢ ᠪᠣᠯᠭᠠᠨ ᠳᠣᠭᠢᠷᠠᠭᠤᠯᠪᠠ᠃ ᠣᠳᠣᠬᠠᠨ ᠤ ᠣᠯᠠᠨ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠵᠤ ᠪᠠᠶᠢᠭ᠎ᠠ ᠪᠠ ᠨᠠᠮᠤᠷ ᠡᠪᠦᠯ ᠤᠨ ᠬᠢᠵᠢᠭ ᠤᠨ ᠪᠠᠶᠢᠳᠠᠯ ᠳᠠᠬᠢᠨ ᠬᠡᠴᠡᠬᠦᠳᠡᠬᠦ ᠪᠣᠳᠠᠲᠤ ᠪᠠᠶᠢᠳᠠᠯ ᠢ ᠦᠨᠳᠦᠰᠦᠯᠡᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠤ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠤᠰᠠᠳᠠ ᠡᠳᠦᠭᠡ ᠥᠷᠭᠡᠨ ᠣᠯᠠᠨ ᠲᠦᠮᠡᠨ ᠳᠤ ᠳᠣᠤᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠤᠮᠵᠢ ᠳᠤᠷᠠᠳᠴᠦ ᠪᠤᠢ᠄   ᠨᠢᠭᠡ᠂ 11 ᠰᠠᠷ᠎ᠠ ᠶᠢᠨ 6 ᠤ ᠡᠳᠦᠷ ᠠᠴᠠ ᠨᠠᠭᠠᠰᠢ ᠳᠡᠭᠡᠷ᠎ᠡ ᠳᠤᠷᠠᠳᠤᠭᠰᠠᠨ ᠦᠨᠳᠦᠷ ᠲᠡᠰ ᠤᠨ ᠲᠦᠭᠰᠢᠬᠦᠷᠢ ᠪᠦᠬᠦᠢ ᠭᠠᠵᠠᠷ ᠣᠷᠣᠨ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠲᠣᠮᠢᠯᠠᠭᠰᠠᠨ ᠰᠠᠯᠪᠤᠷᠢ ᠳᠤ ᠲᠡᠮᠳᠡᠭᠯᠡᠭᠦᠯᠦᠨ ᠳᠠᠩᠰᠠᠯᠠᠭᠤᠯᠬᠤ ᠬᠡᠷᠡᠭᠲᠡᠶ᠃ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠲᠠᠢ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠡ ᠶᠢᠨ ᠪᠢᠯᠢᠭ ᠴᠢᠨᠠᠷ ᠤᠨ ᠰᠤᠷᠠᠭ ᠵᠠᠩᠭᠢ ᠪᠦ᠋ᠬᠦᠢ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠪᠠᠶᠢᠪᠠᠯ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠤᠷᠤᠵᠤ ᠭᠠᠷᠴᠦ ᠪᠣᠯᠤᠨ᠎ᠠ᠃ ᠬᠡᠷᠪᠡ ᠪᠥᠭᠡᠮ ᠬᠦᠴᠢᠯ ᠤᠨ ᠪᠠᠶᠢᠴᠠᠭᠠᠯᠲᠡ ᠶᠢᠨ ᠪᠢᠯᠢᠭ ᠴᠢᠨᠠᠷ ᠤᠨ ᠭᠡᠷᠡᠴᠢ ᠬᠠᠩᠭᠠᠵᠤ ᠳᠡᠶᠢᠯᠬᠦ ᠥᠬᠡᠶ ᠪᠣᠯ ᠲᠡᠷᠡ ᠳᠠᠷᠤᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ᠂ ᠪᠥᠭᠡᠮ ᠬᠦᠴᠢᠯ ᠤᠨ ᠪᠠᠶᠢᠴᠠᠭᠠᠯᠲᠡ ᠬᠢᠭᠡᠳ 24 ᠴᠠᠭ ᠤᠨ ᠳᠣᠲᠣᠷ᠎ᠠ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠪᠢᠯᠢᠭ ᠴᠢᠨᠠᠷ ᠲᠠᠢ ᠪᠤᠯᠪᠠᠯ ᠰᠠᠶ᠋ᠢ ᠡᠮᠬᠢ ᠵᠢᠷᠤᠮ ᠲᠠᠢ ᠤᠷᠤᠵᠤ ᠭᠠᠷᠴᠦ ᠪᠤᠯᠤᠨ᠎ᠠ᠂ ᠬᠠᠮᠢᠶ᠎ᠠ ᠪᠥᠬᠦᠶ ᠵᠠᠷᠤᠳᠠᠯ ᠢ ᠥᠪᠡᠰᠦᠪᠡᠨ ᠬᠠᠷᠢᠭᠤᠴᠠᠨ᠎ᠠ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠠᠷᠭ᠎ᠠ ᠴᠢᠨᠠᠷ ᠢᠯᠡᠷᠡᠪᠠᠯ᠂ ᠲᠡᠷᠡ ᠳᠠᠷᠤᠶ ᠳᠤᠨᠢ ᠱᠠᠭᠠᠷᠳᠠᠯᠭ᠎ᠠ ᠶᠣᠰᠣᠭᠠᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠵᠦ᠂ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠨ᠎ᠡ᠃    ᠬᠤᠶᠠᠷ᠂ 11 ᠰᠠᠷ᠎ᠠ ᠶᠢᠨ 6 ᠤ ᠡᠳᠦᠷ ᠠᠴᠠ ᠬᠤᠶᠢᠰᠢ ᠳᠡᠭᠡᠷ᠎ᠡ ᠳᠤᠷᠠᠳᠤᠭᠰᠠᠨ ᠦᠨᠳᠦᠷ ᠲᠡᠰ ᠤᠨ ᠲᠦᠭᠰᠢᠬᠦᠷᠢ ᠪᠦᠬᠦᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠣᠶᠢᠷᠠᠲᠤᠵᠤ ᠥᠩᠭᠡᠷᠡᠭᠰᠡᠨ ᠬᠥᠯᠥᠨ ᠪᠤᠶᠢᠷ ᠬᠤᠲᠠ ᠳᠤ ᠪᠠᠶᠢᠭ᠎ᠠ ᠬᠥᠮᠦᠰ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠣᠮᠢᠯᠠᠭᠰᠠᠨ ᠰᠠᠯᠪᠤᠷᠢ ᠳᠤ ᠳᠠᠷᠦ᠋ᠢᠬᠠᠨ ᠪᠦᠷᠢᠳᠬᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠭ᠎ᠠ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠤᠭᠰᠠᠨ ᠪᠠᠶᠢᠪᠠᠯ ᠡᠮᠴᠢᠯᠡᠭᠡᠨ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠦᠨᠳᠦᠷ ᠲᠠᠰ ᠤᠨ ᠠᠮᠠᠪᠴᠢ ᠵᠡᠭᠦᠵᠦ ᠴᠠᠭ ᠲᠤᠬᠠᠶ ᠳᠤᠨᠢ ᠣᠶᠢᠷ᠎ᠠ ᠬᠠᠪᠢ ᠶᠢᠨ ᠢᠶᠠᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠪᠠᠶᠢᠴᠠᠭᠠᠯᠭᠠᠬᠤ ᠪᠠ ᠣᠨᠣᠰᠢᠯᠠᠨ ᠡᠮᠨᠡᠬᠦᠯᠬᠦ ᠬᠡᠷᠡᠭᠲᠡᠶ᠃ ᠡᠮᠨᠡᠭᠦᠯᠬᠦ ᠳᠡᠭᠡᠨ ᠠᠯᠢ ᠴᠢᠳᠠᠬᠤ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠬᠦᠨᠳᠦ ᠨᠣᠴᠢᠲᠠᠶ ᠡᠪᠡᠳᠴᠢᠨ ᠤ ᠪᠠᠶᠢᠳᠠᠯ ᠢᠯᠡᠷᠡᠭᠰᠡᠨ ᠪᠠᠶᠢᠪᠠᠯ ᠳᠠᠷᠦ᠋ᠢᠬᠠᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃      ᠭᠤᠷᠪᠠ᠂ ᠥᠷᠭᠡᠨ ᠣᠯᠠᠨ ᠲᠦᠮᠡᠨ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠵᠦ᠂ ︵ᠢᠯᠠᠩᠭᠤᠶ᠎ᠠ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠤᠴᠢᠬᠤ ᠳᠠᠭᠠᠨ︶ ᠬᠥᠮᠦᠨ ᠬᠠᠷ᠎ᠠ ᠬᠤᠷᠠᠨ ᠴᠤᠭᠯᠠᠷᠠᠬᠤ ᠠᠴᠠ ᠴᠡᠭᠡᠷᠯᠡᠵᠤ᠂ ᠭᠠᠷ ᠢᠶᠠᠨ ᠦᠷᠭᠦᠯᠵᠢ ᠤᠬᠢᠶᠠᠨ᠂ ᠰᠠᠯᠬᠢ ᠦᠷᠭᠦᠯᠵᠢ ᠨᠡᠪᠲᠡᠷᠡᠭᠦᠯᠦᠨ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠴᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠤᠷᠤᠯᠴᠠᠬᠤ ᠠᠴᠠ ᠴᠡᠭᠡᠷᠯᠡᠬᠦ ᠬᠡᠷᠡᠭᠳᠡᠢ᠃ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠪᠠᠨ ᠵᠣᠬᠢᠰᠲᠠᠶ ᠲᠣᠬᠢᠷᠠᠭᠤᠯᠵᠤ᠂ ᠳᠤᠮᠳᠠ᠂ ᠥᠨᠳᠥᠷ ᠲᠡᠰ ᠤᠨ ᠲᠦᠭᠰᠢᠭᠦᠷᠢ ᠪᠦᠬᠦᠢ ᠭᠠᠵᠠᠷ ᠣᠷᠣᠨ ᠳᠤ ᠭᠡᠳᠦ ᠴᠢᠳᠠᠬᠤ ᠳᠠᠭᠠᠨ ᠤᠴᠢᠬᠤ ᠦᠭᠡᠢ ᠪᠠᠶᠢᠬᠤ ᠬᠡᠷᠡᠭᠳᠡᠢ᠃     ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ    2020 ᠣᠨ ᠤ 11 ᠰᠠᠷ᠎ᠠ ᠶᠢᠨ 20 ᠤ ᠡᠳᠦᠷ
 
ᠢᠷᠡᠯᠲᠡ᠄ ᠬᠦᠯᠤᠨ ᠪᠤᠶᠢᠷ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号