ᠭᠡᠭᠡᠨ ᠭᠤᠣᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠬᠤᠲᠠ ᠶᠢᠨ ᠵᠠᠰᠠᠭ ᠤᠨ ᠶᠠᠪᠤᠳᠠᠯ ᠤᠨ ᠲᠣᠪᠴᠢᠶ᠎ᠠ ᠭᠡᠵᠦ | ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠳᠡᠰ ᠪᠣᠯᠤᠨ᠎ᠠ᠃ | ᠡᠭᠦᠷᠭᠡ ᠬᠠᠷᠢᠭᠤᠴᠠᠯᠭ᠎ᠠ᠄ | ᠬᠤᠲᠠ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠨᠠᠮ ᠤᠨ ᠲᠥᠪ ᠬᠤᠷᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ | ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ | ᠬᠤᠲᠠ ᠶᠢᠨ ᠨᠠᠮ ᠤᠨ ᠬᠤᠷᠢᠶ᠎ᠠ ᠵᠢᠴᠢ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠳᠡᠯᠡᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠬᠠᠤᠯᠢ ᠴᠠᠭᠠᠵᠠ | ᠳᠦᠷᠢᠮ ᠲᠤᠭᠲᠠᠭᠠᠯ ᠵᠢᠴᠢ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃ ᠪᠦᠬᠦ ᠬᠤᠲᠠ ᠶᠢᠨ ᠵᠠᠰᠠᠭ ᠤᠨ ᠤᠷᠳᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ ᠂ ᠲᠠᠷᠢᠶᠠᠯᠠᠬᠤ ᠮᠠᠯᠵᠢᠬᠤ ᠣᠷᠣᠨ ᠤ ᠥᠮᠴᠢᠯᠡᠬᠦ | ᠡᠷᠬᠡ ᠶᠢᠨ ᠠᠷᠠᠯᠵᠢᠶ᠎ᠠ ᠵᠡᠷᠭᠡ ᠠᠵᠢᠯ ᠵᠡᠷᠭᠡ ᠶᠢ ᠬᠠᠷᠢᠭᠤᠴᠠᠨ᠎ᠠ᠃ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠠᠷᠭ᠎ᠠ ᠠᠪᠴᠠᠯ᠂ ᠠᠵᠢᠯ ᠤᠨ ᠲᠦᠯᠦᠪᠯᠡᠭᠡ᠂ | ᠪᠦᠷᠢᠨ ᠲᠥᠬᠦᠷ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ | ᠶᠢᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠭᠠᠨ ᠵᠢᠯᠤᠭᠤᠳᠤᠨ᠎ᠠ᠃ | ︵ᠬᠤᠶᠠᠷ︶ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ | ᠲᠤᠷᠠᠳᠴᠤ᠂ ᠡᠯ᠎ᠡ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠵᠢᠯᠣᠭᠤᠳᠤᠨ ᠪᠠᠶᠢᠴᠠᠭᠠᠨ᠎ᠠ᠃ | ︵ᠭᠤᠷᠪᠠ︶ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠡᠷᠬᠡ ᠪᠠ | ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ ᠶᠢ ᠵᠣᠬᠢᠴᠠᠭᠤᠯᠤᠨ ᠠᠬᠢᠭᠤᠯᠵᠤ᠂ ᠵᠠᠰᠠᠭ ᠤᠨ ᠶᠠᠪᠤᠳᠠᠯ ᠤᠨ ᠨᠢᠭᠡᠳᠦᠯᠲᠡᠶ ᠤᠶᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠤᠨ᠎ᠠ᠃ ᠪᠦᠬᠦ ᠬᠤᠲᠠ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢᠨ ᠠᠵᠢᠯ ᠢ ᠬᠡᠷᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ | ᠠᠰᠢᠭ ᠬᠦᠷᠲᠡᠭᠡᠬᠦ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠭ᠎ᠠ ᠮᠠᠶ᠋ᠢᠭ ᠢ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠨ᠎ᠠ᠃ | ︵ᠳᠥᠷᠪᠡᠨ︶ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ | ᠵᠢᠯᠣᠭᠤᠳᠤᠨ᠎ᠠ᠃ ᠪᠦᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠠᠬᠢᠭᠤᠯᠬᠤ᠂ ᠨᠢᠭᠡᠳᠦᠯᠲᠡᠢ ᠲᠥᠯᠥᠪᠯᠡᠨ ᠵᠤᠬᠢᠴᠠᠭᠤᠯᠬᠤ ᠪᠠ ᠬᠢᠨᠠᠯᠲᠠ ᠲᠠᠯᠪᠢᠨ ᠵᠢᠯᠣᠭᠤᠳᠬᠤ ᠠᠵᠢᠯ ᠢ ᠬᠠᠷᠢᠭᠤᠴᠠᠨ᠎ᠠ | ᠃ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠲᠥᠯᠥᠪᠵᠢᠭᠦᠯᠦᠨ ᠬᠢᠨᠠᠨ ᠬᠠᠮᠢᠶᠠᠷᠴᠤ᠂ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶᠂ | ᠡᠯ᠎ᠡ ᠰᠠᠯᠠᠭ᠎ᠠ ᠮᠥᠴᠢᠷ ᠢ ᠵᠤᠬᠢᠴᠠᠭᠤᠯᠤᠨ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠥᠷᠲᠡᠭᠡ ᠶᠢᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠡᠭᠡᠨ ᠭᠤᠤᠯ ᠬᠤᠲᠠ ᠶᠢᠨ ᠵᠠᠰᠠᠭ ᠤᠨ ᠣᠷᠳᠣᠨ ᠤ ᠠᠯᠪᠠᠨ ᠤ ᠲᠣᠤᠷ ᠰᠦᠯᠵᠢᠶ᠎ᠡ ᠶᠢ | ᠪᠦᠲᠦᠭᠡᠨ ᠪᠠᠶᠢᠭᠤᠯᠤᠨ ᠬᠠᠮᠢᠶᠠᠷᠬᠤ ᠵᠢᠴᠢ ᠳᠡᠭᠡᠲᠤ ᠳᠣᠣᠷᠠᠳᠤ ᠱᠠᠲᠤᠨ ᠤ ᠵᠠᠰᠠᠭ ᠤᠨ ᠣᠷᠳᠣᠨ ᠯᠤᠭ᠎ᠠ ᠶᠢᠨ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠲᠦᠯᠬᠢᠨ ᠠᠬᠢᠭᠤᠯᠬᠤ᠂ ᠵᠢᠯᠣᠭᠤᠳᠬᠤ᠂ | ᠵᠤᠬᠢᠴᠠᠭᠤᠯᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠲᠠᠪᠤ︶ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠨ᠎ᠠ᠃ | ︵ᠵᠢᠷᠭᠤᠭ᠎ᠠ︶ ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠠᠵᠢᠯ ᠢ ᠬᠠᠷᠢᠭᠤᠴᠠᠨ᠎ᠠ᠃ ᠬᠥᠯᠥᠨ ᠪᠤᠶᠢᠷ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠤᠪᠴᠢ᠂ ᠬᠠᠮᠢᠶᠠᠷᠤᠯᠲᠠ ᠶᠢᠨ ᠲᠦᠷᠢᠮ ᠪᠠ ᠲᠤᠬᠠᠶᠢᠯᠠᠭᠰᠠᠨ ᠠᠵᠢᠯ ᠤᠨ ᠲᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠡᠯᠧᠺᠲᠷᠣᠨ ᠢᠶᠠᠷ ᠬᠢᠨᠠᠨ ᠪᠠᠶᠢᠴᠠᠭᠠᠬᠤ ᠠᠵᠢᠯ ᠢ | ᠬᠡᠷᠡᠭᠵᠢᠭᠦᠯᠦᠨ᠎ᠡ᠃ ᠬᠠᠮᠢᠶ᠎ᠠ ᠪᠦᠬᠦᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠮᠠᠯᠵᠢᠬᠤ | ᠲᠠᠷᠢᠶᠠᠯᠠᠬᠤ ᠣᠷᠣᠨ ᠤ ᠥᠮᠴᠢᠯᠡᠬᠦ ᠡᠷᠬᠡ ᠠᠷᠠᠯᠵᠢᠶᠠᠯᠠᠬᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠪᠠ ᠢᠲᠡᠭᠡᠮᠵᠢ ᠶᠢᠨ | ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ | ᠠᠷᠠᠯᠵᠢᠶ᠎ᠠ ᠶᠢᠨ ᠬᠦᠷᠢᠶ᠎ᠡ ᠴᠠᠷᠠᠭ᠎ᠠ ᠶᠢᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠬᠠᠮᠳᠤᠷᠠᠨ ᠵᠠᠯᠬᠠᠭᠠᠨ ᠴᠡᠭᠡᠷᠯᠡᠭᠦᠯᠦᠨ᠎ᠡ᠃ | ︵ᠳᠣᠯᠤᠭ᠎ᠠ︶ ᠪᠦᠬᠦ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶᠠᠨ ᠤ ᠠᠵᠢᠯ ᠢ ᠵᠢᠯᠣᠭᠤᠳᠤᠨ᠎ᠠ᠃ ᠵᠠᠰᠠᠭ ᠤᠨ ᠣᠷᠳᠣᠨ ᠤ | ᠬᠤᠳᠠᠯᠳᠤᠨ ᠠᠪᠬᠤ ᠠᠷᠠᠯᠵᠢᠶ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ | ᠬᠡᠷᠡᠭᠲᠡᠶ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶ᠎ᠠ ᠶᠢᠨ ᠡᠯᠧᠺᠲᠷᠣᠨ ᠢᠶᠠᠷ ᠬᠢᠨᠠᠨ ᠪᠠᠶᠢᠴᠠᠭᠠᠬᠤ ᠠᠵᠢᠯ ᠢ ᠬᠡᠷᠡᠭᠵᠢᠭᠦᠯᠤᠨ᠎ᠡ᠃ ᠬᠠᠮᠢᠶ᠎ᠠ ᠪᠦᠬᠦᠢ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ | ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠪᠠ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ | ᠭᠤᠤᠯ ᠴᠣᠭᠴᠠ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃ | ︵ᠨᠠᠢᠮᠠ︶ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠪᠣᠳᠠᠲᠤ ᠴᠣᠭᠴᠠ ᠶᠢᠨ ᠲᠢᠩᠬᠢᠮ ᠤᠨ ᠠᠵᠢᠯᠯᠠᠭᠠᠨ ᠤ ᠠᠵᠢᠯ ᠢ ᠵᠢᠯᠣᠭᠤᠳᠤᠨ | ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ᠰᠢᠢᠳᠪᠤᠷᠢᠯᠡᠬᠦ ᠶᠢ ᠵᠣᠬᠢᠶᠠᠨ ᠪᠠᠶᠢᠭᠤᠯᠤᠨ᠂ ᠬᠢᠨᠠᠯᠲᠠ ᠲᠠᠯᠪᠢᠨ ᠬᠠᠮᠢᠶᠠᠷᠤᠨ᠎ᠠ᠃ | ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ︵ᠶᠢᠰᠦ︶ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠯᠧᠺᠲᠷᠣᠨ ᠵᠠᠰᠠᠭ ᠤᠨ ᠶᠠᠪᠤᠳᠠᠯ᠂ | ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶ᠎ᠠ ᠪᠠ ᠲᠥᠪᠯᠡᠷᠡᠭᠦᠯᠦᠨ ᠬᠤᠳᠠᠯᠳᠤᠨ ᠠᠪᠬᠤ ᠶᠢ ᠣᠷᠣᠯᠠᠨ ᠬᠦᠢᠴᠡᠳᠬᠡᠬᠦ ᠠᠵᠢᠯ ᠤᠨ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠪᠠ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢᠨ ᠬᠤᠯᠪᠣᠭᠳᠠᠯ ᠪᠦᠬᠦᠢ ᠵᠦᠪᠯᠡᠯ ᠥᠭᠬᠦ᠂ ᠵᠠᠭᠠᠯᠳᠤᠬᠤ᠂ ᠰᠠᠨᠠᠭᠤᠯᠭ᠎ᠠ ᠳᠤᠷᠠᠳᠬᠤ ᠠᠵᠢᠯ ᠢ ᠬᠦᠯᠢᠶᠡᠨ ᠠᠪᠴᠤ ᠰᠢᠢᠳᠪᠤᠷᠢᠯᠡᠨ᠎ᠡ᠃ | | ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |