ᠡᠮ ᠡᠮᠨᠡᠯᠭᠡ ᠶᠢᠨ ᠳᠠᠭᠠᠳᠬᠠᠯ ᠪᠣᠯ ᠨᠢᠭᠡ ᠵᠤᠶᠢᠯ ᠤᠨ ᠠᠷᠠᠳ ᠤᠨ ᠠᠮᠢᠳᠤᠷᠠᠯ ᠤᠨ ᠤᠶᠢᠯᠡᠰ ᠮᠥᠨ᠂ ᠮᠠᠨ ᠤ ︽ | ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠶᠠᠷᠢᠶᠠᠨ ᠤ ᠲᠠᠩᠬᠢᠮ︾ ᠭᠡᠬᠦ ᠳᠡᠯᠭᠡᠴᠡ᠂ | ᠥᠨᠥᠳᠦᠷ ᠣᠯᠠᠨ ᠲᠠᠢ ᠬᠠᠮᠲᠤ ᠪᠠᠷ ᠶᠠᠭᠤ ᠶᠢ ᠰᠠᠭᠤᠭᠠᠯᠢ ᠠᠷᠠᠳ ᠤᠨ ︽ᠬᠤᠶᠠᠷ ᠡᠪᠡᠳᠴᠢᠨ︾ ᠭᠡᠬᠦ᠂ ᠶᠠᠭᠤ ᠶᠢ | ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠭᠡᠬᠦ᠂ ᠰᠠᠶ᠋ᠢ ᠲᠦᠷᠤᠭ᠍ᠰᠡᠨ ᠬᠡᠤᠬᠡᠳ ᠬᠡᠷᠬᠢᠨ | ᠳᠠᠭᠠᠳᠬᠠᠯ ᠳᠤ ᠣᠷᠣᠬᠤ᠂ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠬᠡᠷᠬᠢᠨ ᠨᠦᠬᠦᠪᠤᠷᠢᠯᠡᠨ ᠬᠢᠬᠦ᠂ ᠤᠳᠠᠭᠠᠨ | ᠴᠢᠨᠠᠷᠲᠠᠶ ᠡᠪᠡᠳᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠯᠤᠰ ᠤᠨ ᠨᠥᠬᠦᠪᠥᠷᠢ ᠠᠰᠠᠷᠠᠮᠵᠢ ᠶᠢᠨ | ᠲᠥᠷᠥ ᠶᠢᠨ ᠪᠣᠳᠣᠯᠭ᠎ᠠ ᠶᠢ ᠬᠡᠷᠬᠢᠨ ᠮᠡᠳᠡᠭᠦᠯᠬᠦ ᠲᠤᠬᠠᠶ ᠤᠶᠢᠯᠭᠠᠨ᠎ᠠ᠃ | ᠰᠤᠷᠪᠤᠯᠵᠢᠯᠠᠭᠴᠢ᠄ ᠶᠠᠭᠤ ᠶᠢ ᠰᠠᠭᠤᠭᠠᠯᠢ ᠠᠷᠠᠳ ᠤᠨ ᠬᠤᠶᠠᠷ ᠡᠪᠡᠳᠴᠢᠨ ᠭᠡᠳᠡᠭ ᠪᠤᠢ︖ | ᠭᠡᠭᠡᠨ ᠭᠤᠤᠯ ᠬᠤᠲᠡ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠲᠤᠪᠴᠢᠶ᠎ᠡ ᠶᠢᠨ ᠲᠤᠪᠴᠢᠶᠡᠨ ᠳᠠᠷᠤᠭ᠎ᠠ ᠶᠠᠨ | ᠢᠤᠢ ᠶᠢᠩ᠄ ᠰᠠᠭᠤᠭᠠᠯᠢ ᠠᠷᠠᠳ ᠤᠨ ᠬᠤᠶᠠᠷ ᠡᠪᠡᠳᠴᠢᠨ ᠭᠡᠳᠡᠭ ᠨᠢ ᠭᠤᠤᠯᠳᠠᠭᠤ ᠡᠬᠦᠳᠡᠨ ᠡᠮᠨᠡᠯᠭᠡ ᠶᠢᠨ ᠬᠤᠶᠠᠷ | ᠡᠪᠡᠳᠴᠢᠨ ᠢ ᠵᠢᠭᠠᠵᠤ ᠪᠤᠢ᠂ ᠳᠠᠷᠤᠢ ᠴᠢᠰᠤᠨ ᠳᠠᠷᠤᠯᠲᠠ ᠦᠨᠳᠤᠷ ᠪᠠ ᠰᠢᠬᠢᠷ ᠰᠢᠵᠢᠩ ᠡᠪᠡᠳᠴᠢᠨ ᠢ ᠵᠢᠭᠠᠵᠤ | ᠪᠤᠢ᠃ | ᠰᠤᠷᠪᠤᠯᠵᠢᠯᠠᠭᠴᠢ ᠄ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠭᠡᠵᠦ ᠶᠠᠭᠤ ᠪᠣᠶ︖ ᠰᠠᠭᠤᠭᠠᠯᠢ | ᠠᠷᠠᠳ ᠤᠨ ᠡᠮᠨᠡᠯᠭᠡ ᠳᠤ ᠰᠠᠭᠤᠬᠤ ᠵᠠᠷᠤᠳᠠᠯ ᠨᠢ ᠬᠡᠳᠦᠶ ᠪᠣᠯᠪᠠᠯ ᠬᠦᠨᠳᠦ ᠡᠪᠡᠳᠴᠢᠨ ᠤ ᠳᠠᠭᠠᠳᠬᠠᠯ ᠢ ᠡᠳ᠋ᠯᠡᠵᠦ | ᠪᠣᠯᠬᠤ ᠪᠣᠶ︖ | ᠭᠡᠭᠡᠨ ᠭᠤᠤᠯ ᠬᠤᠲᠡ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠲᠤᠪᠴᠢᠶ᠎ᠡ ᠶᠢᠨ ᠲᠤᠪᠴᠢᠶᠡᠨ ᠳᠠᠷᠤᠭ᠎ᠠ ᠶᠠᠨ | ᠢᠤᠢ ᠶᠢᠩ᠄ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠪᠣᠯ ᠬᠦᠨᠳᠦ ᠡᠪᠡᠳᠴᠢᠲᠡᠨ ᠤ ᠡᠮᠨᠡᠭᠦᠯᠬᠦ | ᠳᠠᠷᠤᠭᠠᠰᠤ ᠶᠢ ᠬᠦᠩᠭᠡᠷᠡᠭᠦᠯᠵᠤ᠂ ᠬᠦᠨᠳᠦ ᠡᠪᠡᠳᠴᠢᠲᠡᠨ ᠢ ᠴᠠᠭ ᠲᠤᠬᠠᠶ ᠳᠤᠨᠢ ᠪᠦᠲᠦᠮᠵᠢᠲᠡᠶ ᠠᠪᠤᠷᠠᠨ ᠵᠠᠰᠠᠬᠤ ᠶᠢ | ᠦᠨᠡᠨᠬᠦ ᠪᠠᠳᠤᠯᠠᠬᠤ ᠶᠢᠨ ᠲᠦᠯᠤᠭᠡ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠵᠢᠯ ᠪᠦᠷᠢ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠨᠢᠭᠡ ᠬᠡᠰᠡᠭ ᠪᠡᠯᠡ ᠮᠥᠩᠭᠦ ᠭᠠᠷᠭᠠᠵᠤ᠂ ᠳᠤᠮᠳᠠᠳᠤ | ᠤᠯᠤᠰ ᠤᠨ ᠠᠷᠠᠳ ᠤᠨ ᠳᠠᠭᠠᠳᠬᠠᠯ ᠤᠨ ᠺᠤᠮᠫᠠᠨᠢ ᠳᠤ ᠦᠭᠴᠦ᠂ ᠬᠦᠨᠳᠦ ᠡᠪᠡᠳᠴᠢᠲᠡᠨ ᠳᠤ ᠬᠤᠳᠠᠯᠳᠤᠭᠠᠨ ᠤ | ᠨᠦᠬᠦᠪᠤᠷᠢ ᠡᠮᠨᠡᠯᠭᠡ ᠶᠢᠨ ᠳᠠᠭᠠᠳᠬᠠᠯ ᠢ ᠬᠡᠷᠡᠭᠵᠢᠭᠦᠯᠬᠦ ᠶᠢ ᠵᠢᠭᠠᠵᠤ ᠪᠠᠶᠢᠨ᠎ᠠ᠃ ᠬᠦᠨᠳᠦ ᠡᠪᠡᠳᠴᠢᠨ ᠳᠤ | ᠨᠡᠷᠪᠡᠭᠳᠡᠭᠰᠡᠳ ᠤᠨ ᠵᠢᠯ ᠳᠤ ᠡᠮᠨᠡᠯᠭᠡ ᠳᠤ ᠰᠠᠭᠤᠭᠰᠠᠨ ᠬᠤᠪᠢ ᠬᠥᠮᠦᠨ ᠤ ᠥᠪᠡᠰᠦᠪᠡᠨ ᠲᠤᠰᠢᠶᠠᠭᠰᠠᠨ ᠬᠢᠨᠠᠨ | ᠬᠠᠷᠭᠤᠭᠤᠯᠤᠭᠰᠠᠨ ᠵᠠᠷᠤᠳᠠᠯ ᠨᠢ ᠨᠢᠭᠡ ᠲᠦᠮᠡ ᠲᠦᠷᠪᠡᠨ ᠮᠢᠩᠭ᠎ᠠ ᠠᠴᠠ ᠳᠡᠭᠡᠭᠰᠢ ᠪᠤᠯᠤᠭᠰᠠᠨ ᠪᠤᠯ᠂ ᠬᠦᠨᠳᠦ | ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠢ ᠬᠦᠷᠲᠡᠵᠦ ᠪᠣᠯᠤᠨ᠎ᠠ᠃ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠤᠨ ᠵᠢᠯ ᠤᠨ ᠬᠢᠵᠠᠭᠠᠷ ᠲᠤᠭ᠎ᠠ ᠨᠢ ᠲᠠᠪᠢᠨ ᠲᠦᠮᠡᠨ ᠲᠥᠭᠦᠷᠢᠭ | ᠪᠣᠯᠤᠨ᠎ᠠ᠃ | ᠰᠤᠷᠪᠤᠯᠵᠢᠯᠠᠭᠴᠢ ᠄ ᠰᠠᠶ᠋ᠢ ᠲᠥᠷᠥᠭᠰᠡᠨ ᠬᠡᠦᠬᠡᠳ ᠬᠡᠷᠬᠢᠨ ᠳᠠᠭᠠᠳᠬᠠᠯ ᠳᠤ ᠣᠷᠣᠬᠤ ᠪᠣᠢ︖ | ᠭᠡᠭᠡᠨ ᠭᠤᠤᠯ ᠬᠤᠲᠡ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠲᠤᠪᠴᠢᠶ᠎ᠡ ᠶᠢᠨ ᠲᠤᠪᠴᠢᠶᠡᠨ ᠳᠠᠷᠤᠭ᠎ᠠ ᠶᠠᠨ | ᠢᠤᠢ ᠶᠢᠩ᠄ ᠰᠠᠶ᠋ᠢ ᠲᠥᠷᠥᠭᠰᠡᠨ ᠬᠡᠦᠬᠡᠳ ᠪᠣᠯ ᠳᠠᠷᠤᠢ ᠲᠤᠬᠠᠢ ᠶᠢᠨ ᠵᠢᠯ ᠤᠨ ᠳᠠᠭᠠᠳᠬᠠᠯ ᠤᠨ ᠰᠦᠢᠳᠬᠡᠯ | ᠬᠤᠷᠢᠶᠠᠬᠤ ᠦᠭᠡᠢ᠂ ᠪᠦᠬᠦᠨ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠳᠠᠷᠠᠭ᠎ᠠ ᠵᠢᠯ ᠨᠢ | ᠰᠠᠭᠤᠭᠠᠯᠢ ᠠᠷᠠᠳ ᠲᠠᠢ ᠠᠳᠠᠯᠢ ᠪᠠᠷ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠳᠠᠭ | ᠪᠣᠯᠪᠠᠴᠤ ᠨᠠᠰᠤᠨ ᠳᠤ ᠬᠦᠷᠦᠭᠡᠳᠦᠶ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠤᠳᠤᠯᠭ᠎ᠠ ᠶᠢ ᠡᠳ᠋ᠯᠡᠬᠦ | ᠪᠣᠯᠤᠨ᠎ᠠ᠃ | ᠰᠤᠷᠪᠤᠯᠵᠢᠯᠠᠭᠴᠢ ᠄ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠭᠡᠭᠡᠭᠰᠡᠨ ᠪᠠᠶᠢᠪᠠᠯ ᠬᠡᠷᠬᠢᠨ ᠭᠡᠭᠡᠭᠰᠡᠨ ᠢᠶᠠᠨ | ᠮᠡᠳᠡᠭᠦᠯᠬᠦ ᠪᠠ ᠨᠦᠬᠦᠪᠤᠷᠢᠯᠡᠨ ᠬᠢᠬᠦ ᠪᠣᠶ︖ | ᠭᠡᠭᠡᠨ ᠭᠤᠤᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠲᠤᠪᠴᠢᠶᠡᠨ ᠳᠠᠷᠤᠭ᠎ᠠ ᠶᠠᠨ | ᠢᠦᠶ ᠶᠢᠩ᠄ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠭᠡᠭᠡᠪᠡᠯ᠂ ᠳᠠᠷᠤᠶ ᠨᠡᠶᠢᠭᠡᠮ ᠤᠨ ᠳᠠᠭᠠᠳᠬᠠᠯ ᠤᠨ ᠺᠠᠷᠲ | ᠬᠦᠢᠴᠡᠳᠬᠡᠵᠤ ᠪᠠᠶᠢᠭ᠎ᠠ ᠪᠠᠩᠬᠢ ᠶᠢᠨ ᠪᠠᠶᠢᠭᠤᠯᠤᠮᠵᠢ ᠳᠤ ᠣᠴᠢᠵᠤ ᠭᠡᠭᠡᠭᠰᠡᠨ ᠢᠶᠠᠨ ᠮᠡᠳᠡᠭᠦᠯᠵᠦ ᠨᠦᠬᠦᠪᠤᠷᠢᠯᠡᠨ | ᠬᠢᠪᠡᠯ ᠪᠣᠯᠴᠢᠬᠠᠨ᠎ᠠ᠃ | ᠰᠤᠷᠪᠤᠯᠵᠢᠯᠠᠭᠴᠢ ᠄ ᠤᠳᠠᠭᠠᠨ ᠴᠢᠨᠠᠷᠲᠠᠢ ᠡᠪᠡᠳᠴᠢᠨ ᠢ ᠬᠡᠷᠬᠢᠨ ᠮᠡᠳᠡᠭᠦᠯᠬᠦ ᠪᠣᠢ︖ | ᠭᠡᠭᠡᠨ ᠭᠤᠤᠯ ᠬᠤᠲᠡ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠲᠤᠪᠴᠢᠶ᠎ᠡ ᠶᠢᠨ ᠲᠤᠪᠴᠢᠶᠡᠨ ᠳᠠᠷᠤᠭ᠎ᠠ ᠶᠠᠨ | ᠢᠤᠢ ᠶᠢᠩ ᠄ ᠠᠳᠡᠬᠢ ᠤᠳᠠᠭᠠᠨ ᠴᠢᠨᠠᠷᠲᠠᠶ ᠡᠪᠡᠳᠴᠢᠨ ᠨᠢ ᠭᠤᠤᠯᠳᠠᠭᠤ ᠭᠤᠷᠪᠠᠨ ᠵᠤᠶᠢᠯ ᠤᠨ ᠪᠠᠶᠢᠳᠠᠯ | ᠬᠤᠪᠢᠶᠠᠳᠠᠭ᠃ ᠨᠢᠭᠡ ᠵᠦᠢᠯ ᠨᠢ ᠣᠨᠴᠠᠭᠠᠢ ᠤᠳᠠᠭᠠᠨ ᠴᠢᠨᠠᠷᠳᠠᠢ ᠡᠪᠡᠳᠴᠢᠨ᠂ ᠵᠢᠱᠢᠶᠡᠯᠡᠪᠡᠯ ᠬᠠᠪᠤᠳᠠᠷ᠂ | ᠴᠢᠰᠤᠰᠠᠭ ᠡᠪᠡᠳᠴᠢᠨ᠂ ᠪᠢᠳᠡ ᠴᠠᠭ ᠲᠤᠬᠠᠶ ᠳᠤᠨᠢ ᠮᠡᠳᠡᠭᠦᠯᠵᠦ᠂ ᠴᠠᠭ ᠲᠤᠬᠠᠶ ᠳᠤᠨᠢ ᠡᠮᠨᠡᠯᠭᠡ ᠶᠢᠨ | ᠳᠠᠭᠠᠳᠬᠠᠯ ᠤᠨ ᠶᠡᠭᠡ ᠲᠢᠩᠬᠢᠮ ᠳᠤ ᠣᠴᠢᠵᠤ ᠭᠤᠶᠤᠴᠢᠯᠠᠪᠠᠯ ᠪᠣᠯᠴᠢᠬᠠᠨ᠎ᠠ᠃ ᠬᠤᠶᠠᠳᠤᠭᠠᠷ ᠨᠢ ᠡᠩ ᠤᠨ | ᠤᠳᠠᠭᠠᠨ ᠴᠢᠨᠠᠷᠲᠠᠶ ᠡᠪᠡᠳᠴᠢᠨ᠂ ᠵᠢᠱᠢᠶᠡᠯᠡᠪᠡᠯ ᠳᠠᠪᠬᠤᠴᠠᠭᠰᠠᠨ ᠡᠪᠡᠳᠴᠢᠨ ᠤ ᠰᠢᠬᠢᠷ ᠰᠢᠵᠢᠩ ᠡᠪᠡᠳᠴᠢᠨ᠂ | ᠤᠭ ᠤᠨ ᠠᠩᠬᠠᠳᠠᠭᠴᠢ ᠴᠢᠨᠠᠷᠲᠠᠢ ᠴᠢᠰᠤᠨ ᠳᠠᠷᠤᠯᠲᠠ ᠥᠨᠳᠥᠷᠵᠢᠬᠦ ᠭᠤᠷᠪᠠᠳᠤᠭᠠᠷ ᠬᠤᠭᠤᠴᠠᠭ᠎ᠠ ᠪᠣᠯ ᠵᠢᠯ ᠪᠦᠷᠢ | ᠵᠢᠯ ᠤᠨ ᠮᠡᠳᠡᠭᠦᠯᠦᠯᠲᠡ ᠬᠢᠨ᠎ᠡ᠃ ᠭᠤᠷᠪᠠᠳᠤᠭᠠᠷ ᠵᠦᠢᠯ ᠤᠨ ᠤᠳᠠᠭᠠᠨ ᠴᠢᠨᠠᠷᠲᠠᠢ ᠡᠪᠡᠳᠴᠢᠨ ᠪᠣᠯ ᠳᠠᠷᠤᠢ | ᠰᠠᠶ᠋ᠢ ᠶᠢᠨ ᠳᠤᠷᠠᠳᠤᠭᠰᠠᠨ ᠡᠭᠦᠳᠡᠨ ᠡᠮᠨᠡᠯᠭᠡ ᠶᠢᠨ ᠬᠤᠶᠠᠷ ᠵᠦᠢᠯ ᠤᠨ ᠡᠪᠡᠳᠴᠢᠨ ᠪᠣᠯᠤᠨ᠎ᠠ᠃ ᠪᠢᠳᠡ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠷᠢᠯᠴᠠᠨ ᠮᠡᠳᠡᠷᠡᠬᠦ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠲᠣᠭᠲᠠᠭᠠᠭᠰᠠᠨ ᠬᠤᠶᠠᠷ ᠡᠪᠡᠳᠴᠢᠨ᠂ ᠳᠠᠷᠤᠶ ᠬᠤᠶᠠᠷ ᠡᠪᠡᠳᠴᠢᠨ ᠤ | ᠬᠠᠷᠠᠭᠠᠯᠵᠠᠯ ᠢ ᠬᠦᠷᠲᠡᠵᠦ ᠪᠣᠯᠤᠨ᠎ᠠ᠃ | ᠰᠤᠷᠪᠤᠯᠵᠢᠯᠠᠭᠴᠢ ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠯᠤᠰ ᠤᠨ ᠨᠥᠬᠦᠪᠥᠷᠢ ᠠᠰᠠᠷᠠᠮᠵᠢ ᠨᠢ ᠶᠠᠭᠤ | ᠪᠣᠶ︖ | ᠭᠡᠭᠡᠨ ᠭᠤᠤᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠲᠤᠪᠴᠢᠶᠡᠨ ᠳᠠᠷᠤᠭ᠎ᠠ ᠶᠠᠨ | ᠢᠦᠶ ᠶᠢᠩ᠄ ᠵᠢᠯ ᠪᠦᠷᠢ ᠶᠢᠨ ᠤᠯᠤᠰ ᠤᠨ ᠨᠥᠬᠦᠪᠥᠷᠢ ᠶᠢᠨ ᠪᠠᠷᠢᠮᠵᠢᠶ᠎ᠠ ᠨᠢ ᠠᠳᠠᠯᠢ ᠦᠭᠡᠢ ᠪᠠᠶᠢᠳᠠᠭ᠂ 2020 | ᠣᠨ ᠢᠶᠠᠷ ᠵᠢᠱᠢᠶᠡᠯᠡᠪᠡᠯ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠤᠨ ᠭᠡᠭᠡᠨ | ᠭᠤᠤᠯ ᠬᠤᠲᠠ ᠳᠤ ᠳᠥᠷᠪᠡᠨ ᠱᠠᠲᠤᠨ ᠤ ᠨᠥᠬᠦᠪᠥᠷᠢ ᠥᠭᠬᠦ ᠶᠢ ᠬᠡᠷᠡᠭᠵᠢᠭᠦᠯᠵᠦ᠂ ᠤᠯᠤᠰ ᠤᠨ ᠨᠥᠬᠦᠪᠥᠷᠢ ᠨᠢ | 80%᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠨᠢ 10%᠂ ᠬᠥᠯᠥᠨ ᠪᠤᠶᠢᠷ ᠬᠤᠲᠠ ᠶᠢᠨ ᠨᠥᠬᠦᠪᠥᠷᠢ ᠨᠢ | 7% ᠪᠠᠶᠢᠵᠤ᠂ ᠭᠡᠭᠡᠨ ᠭᠤᠣᠯ ᠬᠤᠲᠠ ᠶᠢᠨ ᠨᠥᠬᠦᠪᠥᠷᠢ ᠨᠢ 3%᠂ ᠨᠢᠳᠤᠨᠤᠨ ᠪᠦᠬᠦᠶᠢᠯᠡ ᠰᠠᠭᠤᠭᠠᠯᠢ | ᠠᠷᠠᠳ ᠲᠤ ᠨᠡᠨ ᠬᠡᠰᠡᠭ ᠤᠯᠤᠰ ᠤᠨ ᠨᠦᠬᠦᠪᠤᠷᠢ ᠨᠢ 520 ᠲᠥᠭᠦᠷᠢᠭ ᠪᠠᠶᠢᠵᠤ᠂ ᠬᠤᠪᠢ ᠬᠥᠮᠦᠨ ᠤ | ᠨᠠᠰᠤᠨ ᠳᠤ ᠬᠦᠷᠦᠭᠰᠡᠳ ᠵᠥᠪᠬᠡᠨ 290 ᠲᠥᠭᠦᠷᠢᠭ ᠲᠤᠰᠢᠶᠠᠵᠤ᠂ ᠪᠦᠬᠦ ᠵᠢᠯ ᠤᠨ ᠵᠠᠷᠤᠳᠠᠯ ᠨᠢ 810 | ᠲᠥᠭᠦᠷᠢᠭ᠃ |