︽ᠢᠳᠡᠭᠡᠨ ᠤ ᠵᠤᠶᠢᠯ ᠤᠨ ᠪᠣᠷᠣᠯᠠᠭᠤᠯᠤᠭᠴᠢ ᠶᠢᠨ ᠢᠳᠡᠭᠡᠨ ᠤ ᠵᠤᠶᠢᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠴᠠᠭᠤᠯᠭ᠎ᠠ ᠶᠢᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/12/14
 ︽ᠢᠳᠡᠭᠡᠨ ᠤ ᠠᠮᠤᠷ ᠲᠦᠪᠰᠢᠨ ᠤ ᠬᠠᠤᠯᠢ︾ ︽ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠢᠳᠡᠭᠡᠨ ᠤ ᠵᠦᠢᠯ ᠤᠨ ᠪᠣᠷᠣᠯᠠᠭᠤᠯᠤᠭᠴᠢᠳ ᠢ ᠱᠠᠭᠠᠷᠳᠠᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠲᠦᠷᠦᠭᠦᠬᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠢᠳᠡᠭᠡᠨ ᠤ ᠵᠤᠶᠢᠯ ᠤᠨ ᠪᠤᠷᠤᠯᠠᠭᠤᠯᠤᠭᠴᠢ ᠶᠢᠨ ᠢᠳᠡᠭᠡᠨ ᠤ ᠵᠤᠶᠢᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠳᠡᠭᠡᠨ ᠤ ᠡᠵᠡᠩᠨᠡᠯᠲᠡ ︹ 2020 ︺ 99 ᠳ᠋ᠤᠭᠠᠷ᠂ ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ︽ᠵᠦᠭᠯᠡᠭᠦᠷ ︾ ᠤᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠪᠤᠷᠢᠯᠠᠶ᠎ᠠ᠄ ᠨᠢᠭᠡ᠂ ︽ᠵᠦᠭᠯᠡᠭᠦᠷ︾ ᠢ ᠳᠠᠷᠤᠮᠠᠯᠯᠠᠨ ᠲᠠᠷᠬᠠᠭᠠᠭᠰᠠᠨ ᠠᠬᠤᠶ ᠪᠠᠶᠢᠳᠠᠯ       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠢᠳᠡᠭᠡᠨ ᠤ ᠠᠮᠤᠷ ᠲᠦᠪᠰᠢᠨ ᠤ ᠠᠵᠢᠯ ᠢ ᠢᠮᠠᠭᠲᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠥᠭᠴᠦ᠂ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠪᠠᠰᠠ ᠢᠳᠡᠭᠡᠨ ᠤ ᠠᠮᠤᠷ ᠲᠦᠪᠰᠢᠨ ᠤ ᠠᠵᠢᠯ ᠳᠤ ᠤᠯᠠᠨ ᠤᠳᠠᠭ᠎ᠠ ᠲᠣᠳᠣᠷᠬᠠᠢ ᠱᠠᠭᠠᠷᠳᠠᠯᠭ᠎ᠠ ᠳᠤᠷᠠᠳᠴᠠᠢ᠃ 2019 ᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠨ᠂ ︽ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠢ ᠨᠠᠶᠢᠳᠡᠯᠡᠵᠤ᠂ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠠᠷᠭ᠎ᠠ ᠮᠠᠶ᠋ᠢᠭ ᠢ ᠦᠭᠡᠷᠡᠴᠢᠯᠡᠨ ᠰᠢᠨ᠎ᠡ ᠶᠢ ᠡᠭᠦᠳᠬᠦ ᠳᠤ ᠰᠢᠨ᠎ᠡ ᠱᠠᠭᠠᠷᠳᠠᠯᠭ᠎ᠠ ᠳᠤᠷᠠᠳᠪᠠ᠃ ᠢᠳᠡᠭᠡᠨ ᠤ ᠵᠦᠢᠯ ᠤᠨ ᠪᠣᠷᠣᠯᠠᠭᠤᠯᠬᠤ ᠴᠡᠭ ᠤᠯᠡᠨ ᠪᠣᠷᠣᠯᠠᠭᠤᠯᠬᠤ᠂ ᠲᠠᠯ᠎ᠠ ᠦᠷᠭᠡᠨ᠂ ᠪᠣᠷᠣᠯᠠᠭᠤᠯᠬᠤ ᠱᠤᠭᠤᠮ ᠤᠷᠲᠦ᠂ ᠢᠳᠡᠭᠡᠨ ᠤ ᠵᠤᠶᠢᠯ ᠤᠨ ᠪᠣᠷᠣᠯᠠᠭᠤᠯᠤᠭᠴᠢ ᠶᠢᠨ ᠪᠦᠬᠦᠯᠢ ᠴᠣᠭᠴᠠ ᠶᠢᠨ ᠬᠡᠪ ᠴᠢᠨᠠᠷ ᠥᠨᠳᠥᠷ ᠪᠤᠰᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠴᠢᠩᠭ᠎ᠠ ᠪᠤᠰᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡ ᠶᠢ ᠣᠶᠢᠯᠠᠭᠠᠬᠤ ᠥᠬᠡᠶ᠂ ᠮᠡᠳᠡᠬᠦ ᠥᠬᠡᠶ ᠪᠠᠶᠢᠬᠤ ᠪᠠᠶᠢᠳᠠᠯ ᠮᠥᠨ ᠬᠦ ᠪᠠᠶᠢᠨ ᠪᠠᠶᠢᠨ ᠭᠠᠷᠴᠤ ᠪᠠᠶᠢᠨ᠎ᠠ᠃ ᠡᠭᠦᠨ ᠳᠤ᠂ ᠠᠵᠢᠯ ᠲᠥᠷᠥᠯ ᠤᠨ ᠬᠢᠨ ᠬᠤᠯᠪᠣᠭᠳᠠᠯ ᠪᠥᠬᠦᠶ ᠵᠢᠷᠤᠮᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠬᠤ ᠪᠠ ᠨᠠᠷᠢᠯᠢᠭᠵᠢᠭᠤᠯᠬᠤ ᠶᠢᠨ ᠬᠠᠮᠲᠤ ᠡᠮᠬᠢᠳᠬᠡᠨ ᠳᠡᠪᠲᠡᠷᠯᠡᠵᠦ᠂ ᠢᠳᠡᠭᠡᠨ ᠤ ᠵᠤᠶᠢᠯ ᠤᠨ ᠪᠣᠷᠣᠯᠠᠭᠤᠯᠤᠭᠴᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠣᠶᠢᠯᠠᠭᠠᠬᠤ ᠪᠠ ᠨᠠᠶᠢᠳᠠᠪᠤᠷᠢᠵᠢᠭᠤᠯᠬᠤ ᠳᠤ ᠲᠥᠬᠦᠮ ᠦᠵᠡᠭᠦᠯᠬᠦ ᠶᠢ ᠨᠡᠶᠢᠳᠡᠮ ᠳᠡᠭᠡᠨ ᠬᠦᠰᠡᠵᠦ ᠪᠠᠶᠢᠨ᠎ᠠ᠃  ᠢᠳᠡᠭᠡᠨ ᠤ ᠪᠣᠷᠣᠯᠠᠭᠤᠯᠤᠭᠴᠢ ᠶᠢᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠱᠠᠭᠠᠷᠳᠠᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠪᠠ ᠳᠦᠷᠢᠮ ᠲᠣᠭᠲᠠᠭᠠᠯ ᠲᠥᠷᠥ ᠶᠢᠨ ᠪᠤᠳᠤᠯᠭ᠎ᠠ ᠶᠢ ᠪᠦᠬᠦ ᠲᠠᠯ᠎ᠠ ᠪᠠᠷ ᠡᠮᠬᠢᠯᠡᠭᠰᠡᠨ ᠰᠠᠭᠤᠷᠢᠨ ᠳᠡᠭᠡᠷ᠎ᠡ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ  ᠠᠵᠢᠯᠳᠠᠨ᠂ ᠬᠠᠮᠢᠶ᠎ᠠ ᠪᠦᠬᠦᠢ ᠨᠡᠶᠢᠭᠡᠮᠯᠢᠭ ᠪᠠ ᠢᠳᠡᠭᠡᠨ ᠤ ᠵᠤᠶᠢᠯ ᠤᠨ ᠪᠣᠷᠣᠯᠠᠭᠤᠯᠤᠭᠴᠢ ᠶᠢᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ︽ᠢᠳᠡᠭᠡᠨ ᠪᠣᠷᠣᠯᠠᠭᠤᠯᠤᠭᠴᠢ ᠶᠢᠨ ᠢᠳᠡᠭᠡᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠲᠤᠭᠤᠷᠪᠢᠵᠤ ᠳᠠᠷᠤᠮᠠᠯᠯᠠᠨ ᠲᠠᠷᠬᠠᠭᠠᠵᠤ᠂ ᠢᠳᠡᠭᠡᠨ ᠤ ᠪᠣᠷᠣᠯᠠᠭᠤᠯᠤᠭᠴᠢ ᠶᠢᠨ ᠬᠠᠤᠯᠢ ᠮᠡᠳᠡᠬᠦ ᠶᠢ ᠵᠢᠯᠣᠭᠤᠳᠤᠨ ᠰᠢᠮᠳᠠᠭᠤᠯᠵᠤ᠂ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ ᠬᠤᠶᠠᠷ᠂ ︽ᠵᠦᠭᠯᠡᠭᠦᠷ︾ ᠤᠨ ᠭᠤᠤᠯ ᠠᠭᠤᠯᠭ᠎ᠠ    ᠬᠡᠷᠡᠭᠯᠡᠬᠦ ᠪᠠ ᠪᠠᠶᠢᠴᠠᠭᠠᠨ ᠯᠠᠪᠯᠠᠬᠤ ᠳᠤ ᠲᠥᠬᠦᠮ ᠪᠣᠯᠭᠠᠬᠤ ᠶᠢᠨ ᠲᠥᠯᠥᠭᠡ᠂ ︽ᠵᠦᠭᠯᠡᠭᠦᠷ︾ ᠨᠢ ᠬᠦᠰᠦᠨᠦᠭ ᠤᠨ ᠬᠡᠯᠪᠡᠷᠢ ᠪᠠᠷ ᠡᠯ᠎ᠡ ᠵᠤᠶᠢᠯ ᠤᠨ ᠱᠠᠭᠠᠷᠳᠠᠯᠭ᠎ᠠ ᠶᠢ ᠢᠯᠡᠳᠬᠡᠪᠡ᠃ ︽ᠵᠦᠭᠯᠡᠭᠦᠷ︾ ᠢ 5 ᠪᠤᠯᠤᠩ ᠬᠤᠪᠢᠶᠠᠨ᠎ᠠ᠂ ᠨᠢᠭᠡ ᠨᠢ ︽ᠲᠥᠷᠥᠯ ᠵᠦᠢᠯ︾ ᠤᠨ ᠪᠤᠯᠤᠩ ᠪᠣᠯᠤᠨ᠎ᠠ᠃ ᠭᠤᠤᠯ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠥᠷᠥᠯ ᠬᠤᠪᠢᠶᠠᠨ ᠲᠣᠳᠣᠷᠬᠠᠶᠢᠯᠠᠵᠤ᠂ ᠨᠡᠶᠢᠲᠡ 47 ᠵᠤᠶᠢᠯ ᠤᠨ ᠬᠠᠷᠢᠭᠤᠴᠠᠯᠭ᠎ᠠ ᠶᠢ ᠡᠮᠬᠢᠯᠡᠨ ᠭᠠᠷᠭᠠᠪᠠ︔ ᠬᠤᠶᠠᠷ ᠲᠤ ︽ᠭᠤᠣᠯᠳᠠᠯᠭ᠎ᠠ︾ ᠶᠢᠨ ᠪᠤᠯᠤᠩ᠃ ᠭᠤᠤᠯᠳᠠᠭᠤ ᠭᠤᠤᠯ ᠴᠣᠭᠴᠠ ᠨᠢᠭᠡᠪᠦᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠲᠤᠳᠤᠷᠬᠠᠶᠢᠯᠠᠵᠤ᠂ ᠨᠡᠶᠢᠲᠡ 105 ᠱᠠᠭᠠᠷᠳᠠᠯᠭ᠎ᠠ ᠶᠢ ᠡᠮᠬᠢᠯᠡᠨ ᠭᠠᠷᠭᠠᠪᠠ᠃ ᠭᠤᠷᠪᠠ ᠳᠤ ︽ᠠᠭᠤᠯᠭ᠎ᠠ︾ ᠶᠢᠨ ᠪᠤᠯᠤᠩ᠂ ᠭᠤᠤᠯᠳᠠᠭᠤ ᠭᠤᠤᠯᠳᠠᠯᠭ᠎ᠠ ᠨᠢᠭᠡᠪᠦᠷᠢ ᠶᠢᠨ ᠨᠠᠶᠢᠳᠠᠪᠤᠷᠢᠵᠢᠭᠤᠯᠬᠤ ᠠᠭᠤᠯᠭ᠎ᠠ ᠪᠠ ᠱᠠᠭᠠᠷᠳᠠᠯᠭ᠎ᠠ ᠶᠢ ᠨᠠᠷᠢᠰᠬᠠᠵᠤ᠂ ᠨᠡᠶᠢᠲᠡ 195 ᠵᠤᠷᠪᠤᠰ ᠠᠭᠤᠯᠭ᠎ᠠ ᠪᠣᠶ᠃ ᠳᠥᠷᠪᠡ ᠳᠤ ︽ᠬᠡᠷᠡᠭᠯᠡᠬᠦ ᠡᠲᠡᠭᠡᠳ︾ ᠤᠨ ᠪᠤᠯᠤᠩ᠂ ᠭᠤᠤᠯᠳᠠᠭᠤ ᠵᠤᠶᠢᠯ ᠪᠦᠷᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠤᠤᠯ ᠴᠣᠭᠴᠠ ᠶᠢ ᠲᠣᠳᠣᠷᠬᠠᠶᠢᠯᠠᠨ᠎ᠠ᠃ ᠲᠠᠪᠤ ᠳᠤ᠂ ︽ᠦᠨᠳᠦᠰᠦᠯᠡᠯ︾ ᠤᠨ ᠪᠤᠯᠤᠩ᠂ ᠭᠤᠣᠯᠳᠠᠭᠤ ᠵᠦᠢᠯ ᠪᠦᠷᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠶᠢ ᠲᠣᠳᠣᠷᠬᠠᠶᠢᠯᠠᠨ᠎ᠠ᠃  ︵ᠨᠢᠭᠡ︶ ︽ᠵᠦᠭᠯᠡᠭᠦᠷ︾ ᠤᠨ ᠠᠭᠤᠯᠭ᠎ᠠ ᠶᠢᠨ ᠲᠤᠬᠠᠶ᠃ ︽ᠵᠦᠭᠯᠡᠭᠦᠷ︾ ᠳᠤ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ︽ᠭᠤᠣᠯᠳᠠᠯᠭ᠎ᠠ ᠲᠠᠢ ᠬᠠᠷᠢᠭᠤᠴᠠᠯᠭ᠎ᠠ︾᠂ ︽ᠢᠳᠡᠭᠡᠨ ᠪᠣᠷᠣᠯᠠᠭᠤᠯᠤᠭᠴᠢ ᠶᠢᠨ ᠦᠨᠳᠦᠰᠦᠨ ᠬᠠᠷᠢᠭᠤᠴᠠᠯᠭ᠎ᠠ︾᠂ ︽ᠪᠤᠰᠤᠳ ᠭᠤᠣᠯ ᠴᠣᠭᠴᠠ ᠶᠢᠨ ᠬᠠᠷᠢᠭᠤᠴᠠᠯᠭ᠎ᠠ︾ ᠵᠡᠷᠭᠡ ᠭᠤᠷᠪᠠᠨ ᠶᠡᠭᠡ ᠬᠡᠰᠡᠭ ᠢᠶᠠᠷ ᠬᠤᠪᠢᠶᠠᠷᠢᠯᠠᠪᠠ᠃ ︽ᠭᠤᠣᠯᠳᠠᠯᠭ᠎ᠠ ᠲᠠᠢ ᠬᠠᠷᠢᠭᠤᠴᠠᠯᠭ᠎ᠠ︾ ᠶᠢᠨ ᠳᠤᠮᠳᠠ᠂ ︽ᠵᠦᠭᠯᠡᠭᠦᠷ︾ ᠳᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠳᠠᠯ ᠳᠠᠬᠢ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ᠂ ᠮᠥᠷᠳᠡᠨ ᠤᠬᠤᠴᠢᠯᠠᠬᠤ ᠰᠢᠰᠲ᠋ᠧᠮ ᠤᠨ ᠪᠠᠶᠢᠭᠤᠯᠤᠯᠲᠠ ᠵᠡᠷᠭᠡ ᠶᠢ ᠭᠤᠣᠯᠳᠠᠯᠭ᠎ᠠ ᠲᠠᠢ ᠬᠠᠷᠢᠭᠤᠴᠠᠯᠭ᠎ᠠ ᠪᠣᠯᠭᠠᠨ ᠴᠢᠬᠤᠯᠠᠴᠢᠯᠠᠵᠠᠢ᠃ ᠢᠳᠡᠭᠡᠨ ᠤ ᠵᠤᠶᠢᠯ ᠤᠨ ᠪᠣᠷᠣᠯᠠᠭᠤᠯᠤᠭᠴᠢ ᠶᠢᠨ ᠡᠨᠡ ᠬᠤᠶᠠᠷ ᠵᠤᠶᠢᠯ ᠤᠨ ᠬᠠᠷᠢᠭᠤᠴᠠᠯᠭ᠎ᠠ ᠪᠠᠷ ᠭᠠᠷᠳᠠᠨ᠂ ᠢᠳᠡᠭᠡᠨ ᠤ ᠵᠤᠶᠢᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠶᠢ ᠰᠠᠨᠠᠭᠤᠯᠵᠤ ᠪᠠᠶᠢᠨ᠎ᠠ᠃ ︽ᠢᠳᠡᠭᠡᠨ ᠤ ᠪᠣᠷᠣᠯᠠᠭᠤᠯᠭ᠎ᠠ ᠶᠢᠨ ᠦᠨᠳᠦᠰᠦᠨ ᠬᠠᠷᠢᠭᠤᠴᠠᠯᠭ᠎ᠠ︾ ᠶᠢᠨ ᠳᠤᠮᠳᠠ᠂ ᠭᠤᠤᠯᠳᠠᠭᠤ ᠢᠳᠡᠭᠡᠨ ᠤ ᠵᠤᠶᠢᠯ ᠤᠨ ᠪᠣᠷᠣᠯᠠᠭᠤᠯᠤᠭᠴᠢ ᠶᠢᠨ ︽ᠶᠠᠪᠤᠴᠠ ᠶᠢᠨ ᠡᠵᠡᠮᠳᠡᠯ︾ ᠤᠨ ᠱᠠᠭᠠᠷᠳᠠᠯᠭ᠎ᠠ ᠶᠢ ᠴᠢᠩᠭᠠᠷᠠᠭᠤᠯᠬᠤ ᠶᠢᠨ ᠬᠠᠮᠲᠤ ︽ᠵᠥᠪᠰᠢᠶᠡᠷᠡᠯ︾ ︽ᠲᠦᠷᠢᠮ︾ ︽ᠠᠵᠢᠯᠲᠠᠨ︾ ︽ᠲᠡᠮᠳᠡᠭ ᠤᠨ ᠲᠤᠳᠤᠷᠬᠠᠶᠢᠯᠠᠯᠲᠠ ᠶᠢᠨ ᠪᠢᠴᠢᠭ︾ ︽ᠳᠤᠯᠠᠭᠠᠨ ᠤ ᠬᠡᠮᠵᠢᠶ᠎ᠡ︾ ᠵᠡᠷᠭᠡ ᠡᠯᠧᠮᠧᠨ᠋ᠲ ᠢ ᠡᠵᠡᠮᠳᠡᠬᠦ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠨ᠎ᠠ᠃ ︽ᠪᠤᠰᠤᠳ ᠬᠤᠯᠪᠣᠭᠳᠠᠯ ᠪᠦᠬᠦᠢ ᠭᠤᠣᠯ ᠴᠣᠭᠴᠠ ᠶᠢᠨ ᠬᠠᠷᠢᠭᠤᠴᠠᠯᠭ᠎ᠠ︾ ᠶᠢᠨ ᠳᠤᠮᠳᠠ᠂ ᠭᠤᠤᠯᠳᠠᠭᠤ ᠢᠳᠡᠭᠡᠨ ᠢ ᠬᠠᠳᠠᠭᠠᠯᠠᠵᠤ ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠢᠳᠡᠭᠡᠨ ᠤ ᠪᠤᠰᠤ ᠤᠶᠢᠯᠡᠳᠪᠤᠷᠢᠯᠡᠭᠴᠢ ᠡᠵᠡᠩᠨᠡᠭᠴᠢ᠂ ᠢᠳᠡᠭᠡᠨ ᠢ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ᠢ ᠡᠷᠬᠢᠯᠡᠭᠴᠢ᠂ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠬᠢᠯᠡᠭᠴᠢ᠂ ᠯᠠᠩᠭᠦᠶ ᠲᠦᠷᠢᠶᠡᠰᠦᠯᠡᠭᠦᠯᠦᠭᠴᠢ᠂ ᠰᠦᠯᠵᠢᠶᠡᠨ ᠤ ᠢᠳᠡᠭᠡᠨ ᠤ ᠠᠷᠠᠯᠵᠢᠶᠠᠨ ᠤ ᠭᠤᠷᠪᠠᠳᠠᠬᠢ ᠡᠲᠡᠭᠡᠳ ᠤᠨ ᠲᠠᠪᠴᠠᠩ ᠬᠠᠩᠭᠠᠭᠴᠢ ᠵᠡᠷᠭᠡ ᠭᠤᠤᠯ ᠴᠣᠭᠴᠠ ᠶᠢᠨ   ᠨᠠᠶᠢᠳᠠᠪᠤᠷᠢᠵᠢᠭᠤᠯᠬᠤ ᠬᠡᠷᠡᠭᠲᠡᠶ ᠭᠤᠤᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠳᠠᠩᠰᠠᠯᠠᠬᠤ︾᠂ ︽ᠴᠢᠳᠠᠪᠤᠷᠢ ᠶᠢᠨ ᠱᠠᠭᠠᠷᠳᠠᠯᠭ᠎ᠠ︾᠂ ︽ᠶᠠᠪᠤᠴᠠ ᠶᠢᠨ ᠬᠠᠮᠢᠶᠠᠷᠤᠯᠲᠠ︾᠂ ︽ᠲᠠᠯᠠᠪᠤᠷ ᠵᠢᠴᠢ ᠪᠡᠯᠡᠳᠬᠡᠮᠵᠢ ᠲᠥᠬᠦᠭᠡᠷᠦᠮᠵᠢ︾ ︽ᠬᠠᠮᠵᠢᠯᠴᠠᠬᠤ ᠡᠭᠦᠷᠭᠡ︾᠂ ︽ᠮᠡᠳᠡᠭᠦᠯᠬᠦ︾᠂ ︽ᠴᠠᠭᠠᠵᠠᠯᠠᠬᠤ ᠦᠢᠯᠡ ᠠᠵᠢᠯᠯᠠᠭ᠎ᠠ︾ ᠵᠡᠷᠭᠡ ᠬᠦᠴᠦᠨ ᠵᠤᠶᠢᠯ ᠢ ᠡᠵᠡᠮᠳᠡᠬᠦ ᠱᠠᠭᠠᠷᠳᠠᠯᠭ᠎ᠠ ᠶᠢ ᠴᠢᠩᠭᠠᠷᠠᠭᠤᠯᠬᠤ ᠬᠡᠷᠡᠭᠲᠡᠶ᠃ ︵ᠬᠤᠶᠠᠷ︶ ︽ᠰᠠᠨᠠᠭ᠎ᠠ ᠠᠮᠤᠷ ᠢᠳᠡᠭᠡᠨ ᠤ ᠬᠡᠲᠦ ᠳᠡᠯᠭᠡᠭᠦᠷ ᠤᠨ ᠥᠪᠡᠷ ᠤᠨ ᠠᠮᠠᠯᠠᠯᠲᠠ︾ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠶ᠃ ᠢᠳᠡᠭᠡᠨ ᠤ ᠪᠣᠷᠣᠯᠠᠭᠤᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ ᠪᠠ ᠰᠠᠨᠠᠭᠠᠴᠢᠯᠠᠭᠠᠲᠤ  ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠵᠢᠯ ᠲᠥᠷᠥᠯ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠢᠲᠡᠭᠡᠮᠵᠢ ᠶᠢᠨ ᠬᠢᠷᠢ ᠲᠦᠪᠰᠢᠨ ᠪᠠ ᠢᠳᠠᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ︽ᠵᠦᠭᠯᠡᠭᠦᠷ︾ ᠳᠤ ᠢᠳᠡᠭᠡᠨ ᠤ ᠪᠣᠷᠣᠯᠠᠭᠤᠯᠤᠭᠴᠢ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠥᠷᠨᠢᠭᠦᠯᠦᠭᠰᠡᠨ ᠰᠠᠭᠤᠷᠢᠨ ᠳᠡᠭᠡᠷ᠎ᠡ᠂ ᠨᠡᠶᠢᠭᠡᠮ ᠨᠡᠶᠢᠲᠡ ᠳᠤ ︽ᠰᠠᠨᠠᠭ᠎ᠠ ᠠᠮᠤᠷ ᠢᠳᠡᠭᠡᠨ ᠤ ᠥᠪᠡᠷ ᠤᠨ ᠠᠮᠠᠯᠠᠯᠲᠠ︾  ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠡᠵᠡᠩᠨᠡᠯᠲᠡ ᠶᠢᠨ ᠲᠠᠯᠠᠪᠤᠷ ᠤᠨ ᠢᠯᠡ ᠪᠠᠶᠢᠷᠢᠨ ᠳᠤ ᠠᠮᠠᠯᠠᠯᠲᠠ ᠶᠢᠨ ᠠᠭᠤᠯᠭ᠎ᠠ ᠶᠢ ᠨᠠᠭᠠᠨ᠎ᠠ᠃   ᠳᠠᠷᠠᠭ᠎ᠠ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠰᠢᠪᠠᠳᠠᠵᠤ ᠪᠠᠶᠢᠭᠠᠳ ᠡᠯ᠎ᠡ ᠵᠤᠶᠢᠯ ᠤᠨ ᠤᠬᠠᠭᠤᠯᠭ᠎ᠠ ᠶᠢᠨ ᠵᠠᠭᠤᠴᠢ ᠶᠢ ᠠᠰᠢᠭᠯᠠᠨ᠂ ᠣᠯᠠᠨ ᠵᠤᠶᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ︽ᠵᠦᠭᠯᠡᠭᠦᠷ︾ ᠢ ᠶᠡᠭᠡ ᠪᠠᠷ ᠤᠬᠠᠭᠤᠯᠤᠨ᠎ᠠ᠃ ᠡᠭᠦᠨ ᠤ ᠬᠠᠮᠲᠤ ᠡᠯ᠎ᠡ ᠮᠤᠵᠢ ᠶᠢᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠣᠷᠣᠨ ᠨᠤᠲᠤᠭ ᠤᠨ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠥᠬᠦᠪᠥᠷᠢᠯᠡᠨ ᠨᠠᠷᠢᠯᠢᠭᠵᠢᠭᠤᠯᠬᠤ ᠶᠢ ᠱᠠᠭᠠᠷᠳᠠᠵᠠᠶ᠃ ᠲᠣᠰ ᠭᠠᠵᠠᠷ ᠣᠷᠣᠨ ᠤ ᠢᠳᠡᠭᠡᠨ ᠤ ᠵᠤᠶᠢᠯ ᠤᠨ ᠪᠣᠷᠣᠯᠠᠭᠤᠯᠤᠭᠴᠢ ᠶᠢᠨ ᠢᠳᠡᠭᠡᠨ ᠤ  ᠵᠤᠶᠢᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠵᠦᠭᠯᠡᠭᠦᠷ ᠢ ᠪᠣᠶ ᠪᠣᠯᠭᠠᠨ᠎ᠠ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠥᠬᠡᠶ ᠶᠢ ᠨᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠰᠠᠨᠠᠭ᠎ᠠ ᠠᠮᠤᠷ ᠢᠳᠡᠭᠡᠨ ᠤ ᠥᠪᠡᠰᠦᠪᠡᠨ ᠠᠮᠠᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠡᠮᠬᠢ ᠵᠢᠷᠤᠮ ᠲᠠᠢ ᠪᠠᠷ ᠠᠬᠢᠭᠤᠯᠵᠤ᠂ ᠢᠳᠡᠭᠡᠨ ᠪᠣᠷᠣᠯᠠᠭᠤᠯᠤᠭᠴᠢ ᠶᠢᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢ ᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠵᠤ᠂ ᠢᠳᠡᠭᠡᠨ ᠪᠣᠷᠣᠯᠠᠭᠤᠯᠬᠤ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠥᠪᠡᠷ ᠢ ᠪᠠᠨ ᠱᠠᠭᠠᠷᠳᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠡᠬᠡ ᠪᠢᠴᠢᠭ ᠤᠨ ᠢᠷᠡᠯᠲᠡ᠄ ᠭᠡᠭᠡᠨ ᠭᠤᠤᠯ  ᠬᠤᠲᠡ ᠶᠢᠨ ᠠᠷᠠᠳ ᠤᠨ ᠵᠠᠰᠠᠭ ᠤᠨ ᠤᠷᠳᠤᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号