ᠴᠢᠨ᠋ᠸ᠎ᠠ ᠶᠢᠨ ᠰᠦᠷᠦᠭ ᠢᠯᠡᠷᠡᠵᠦ ᠪᠤᠢ︕ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠮᠠᠷᠠᠲᠤ ᠬᠡᠰᠡᠭ ᠤᠨ ᠪᠠᠯᠠᠷ ᠡᠷᠲᠡᠨ ᠤ ᠰᠢᠭᠤᠶᠢᠲᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2020/12/19
 ᠣᠶᠢᠷ᠎ᠠ ᠳᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠬᠤᠶᠢᠲᠤ ᠬᠡᠰᠡᠭ ᠤᠨ ᠪᠠᠯᠠᠷ ᠰᠢᠭᠤᠶᠢᠲᠤ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠬᠠᠮᠢᠶᠠᠷᠴᠤ ᠬᠠᠮᠠᠭᠠᠯᠠᠬᠤ ᠲᠣᠪᠴᠢᠶ᠎ᠠ ᠶᠢᠨ ᠠᠵᠢᠯᠲᠠᠳ ᠤᠯᠠᠭᠠᠨ ᠤ ᠭᠠᠳᠠᠨᠠᠬᠢ ᠬᠡᠷᠡᠯ ᠵᠢᠷᠤᠭ ᠢ ᠡᠮᠬᠢᠯᠡᠬᠦ ᠦᠶ᠎ᠡ ᠳᠤ᠂ 5 ᠴᠢᠨ᠋ᠸ᠎ᠠ ᠪᠠᠷ ᠪᠦᠷᠢᠯᠳᠤᠭ᠍ᠰᠡᠨ ᠴᠢᠨ᠋ᠸ᠎ᠠ ᠶᠢᠨ ᠰᠦᠷᠦᠭ ᠤᠨ ᠣᠶ ᠰᠢᠭᠤᠶ ᠳᠤ ᠠᠵᠢᠯᠯᠠᠭ᠎ᠠ ᠬᠢᠵᠦ ᠪᠠᠶᠢᠭ᠎ᠠ ᠬᠤᠪᠣᠷ ᠨᠠᠨᠳᠢᠨ ᠬᠡᠷᠡᠯ ᠵᠢᠷᠤᠭ ᠢ ᠣᠯᠵᠤ ᠮᠡᠳᠡᠵᠡᠶ᠃ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠲᠥᠪ ᠤᠨ ᠵᠠᠳᠠᠯᠤᠭᠰᠠᠨ ᠢᠶᠠᠷ᠂ ᠡᠨᠡ 5 ᠴᠢᠨ᠋ᠸ᠎ᠠ ᠪᠣᠯ ︽ᠤᠯᠤᠰ ᠤᠨ ᠬᠠᠮᠠᠭᠠᠯᠠᠯᠲᠠ ᠳᠤ ᠠᠰᠢᠭᠲᠠᠶ ᠪᠤᠶᠤ ᠠᠵᠤ ᠠᠬᠤᠶ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠬᠤᠯᠠ ᠦᠨ᠎ᠡ ᠥᠷᠲᠡᠭ ᠲᠠᠢ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠨᠡᠷᠡᠰ ᠤᠨ ᠵᠢᠭᠰᠠᠭᠠᠯᠲᠠ︾ ᠳᠣᠲᠣᠷᠠᠬᠢ ᠬᠡᠭᠡᠷ᠎ᠡ ᠶᠢᠨ ᠠᠮᠢᠲᠠᠨ ᠪᠣᠯᠤᠨ᠎ᠠ᠃ ᠲᠤᠰ ᠤᠳᠠᠭᠠᠨ ᠤ ᠰᠡᠭᠦᠳᠡᠷᠯᠡᠭᠰᠡᠨ ᠭᠠᠵᠠᠷ ᠨᠢ 2019 ᠤᠨ ᠤ 12 ᠰᠠᠷ᠎ᠠ ᠶᠢᠨ 22 ᠤᠨ ᠡᠳᠦᠷ ᠤᠨ ᠴᠢᠨ᠋ᠸ᠎ᠠ ᠶᠢᠨ ᠰᠦᠷᠦᠭ ᠤᠨ ᠬᠠᠷᠠᠭᠠᠨ ᠳᠠᠪᠲᠠᠮᠵᠢ ᠶᠢᠨ ᠰᠡᠭᠦᠳᠡᠷᠯᠡᠭᠰᠡᠨ ᠴᠡᠭ ᠠᠴᠠ 900 ᠮᠧᠲᠷ ᠣᠷᠴᠢᠮ᠂ ᠨᠢᠭᠡᠨᠲᠡ ᠢᠯᠡᠷᠡᠭᠦᠯᠦᠭᠰᠡᠨ ᠲᠤᠭ᠎ᠠ ᠬᠡᠮᠵᠢᠶᠡᠨ ᠤ ᠴᠢᠨ᠋ᠸ᠎ᠠ ᠶᠢᠨ ᠰᠦᠷᠦᠭ ᠤᠨ ᠬᠠᠷᠢᠶᠠᠲᠤ ᠭᠠᠵᠠᠷ ᠤᠨ ᠬᠡᠪᠴᠢᠶ᠎ᠡ ᠶᠢ ᠦᠨᠳᠦᠰᠦᠯᠡᠪᠡᠯ᠂ ᠬᠤᠶᠠᠷ ᠬᠠᠷᠠᠭᠠᠨ ᠳᠠᠪᠲᠠᠮᠵᠢ ᠶᠢᠨ ᠵᠢᠷᠤᠭ ᠲᠠᠬᠢ ᠴᠢᠨ᠋ᠸ᠎ᠠ ᠶᠢᠨ ᠦᠰᠦᠨ ᠤ ᠥᠩᠭᠡ᠂ ᠨᠢᠯᠪᠤᠰᠤᠨ ᠪᠤᠯᠴᠢᠷᠬᠠᠶ ᠶᠢᠨ ᠤᠨᠴᠠᠯᠢᠭ᠂ ᠬᠤᠰᠢᠭᠤ ᠶᠢᠨ ᠣᠨᠴᠠᠯᠢᠭ ᠢ ᠬᠠᠷᠢᠴᠠᠭᠤᠯᠤᠨ᠂ ᠬᠤᠶᠠᠷ ᠤᠳᠠᠭ᠎ᠠ ᠰᠡᠭᠦᠳᠡᠷᠯᠡᠭᠰᠡᠨ ᠵᠢᠷᠤᠭ ᠲᠤ ᠠᠳᠠᠯᠢ ᠨᠢᠭᠡ ᠴᠢᠨ᠋ᠸ᠎ᠠ ᠶᠢᠨ ᠰᠦᠷᠦᠭ ᠪᠣᠯᠤᠨ᠎ᠠ᠃ ᠳᠡᠭᠡᠷ᠎ᠡ ᠤᠳᠠᠭ᠎ᠠ ᠲᠠᠢ ᠠᠳᠠᠯᠢ ᠦᠭᠡᠢ ᠨᠢ ᠭᠡᠪᠡᠯ᠂ ᠡᠨᠡ ᠤᠳᠠᠭᠠᠨ ᠤ ᠴᠢᠨ᠋ᠸ᠎ᠠ ᠶᠢᠨ ᠰᠦᠷᠦᠭ ᠤᠨ ᠲᠤᠭ᠎ᠠ ᠨᠢ ᠨᠢᠳᠤᠨᠤᠨ ᠤ ᠵᠢᠷᠭᠤᠭᠠᠨ ᠲᠤᠯᠤᠭᠠᠢ ᠪᠠᠶᠢᠭᠰᠠᠨ ᠨᠢ ᠲᠠᠪᠤ ᠪᠣᠯᠲᠠᠯ᠎ᠠ ᠪᠠᠭᠠᠰᠴᠤ᠂ ᠬᠤᠶᠠᠳᠤᠭᠠᠷ ᠨᠢ ᠵᠢᠷᠤᠭ ᠲᠤ ᠢᠯᠡᠷᠡᠭᠰᠡᠨ ᠴᠢᠨ᠋ᠸ᠎ᠠ ᠶᠢᠨ ᠪᠠᠷᠠᠭᠤᠨ ᠬᠤᠶᠢᠲᠤ ᠶᠠᠰᠤᠨ ᠤ ᠬᠡᠰᠡᠭ ᠨᠢ ᠰᠢᠷᠬᠠᠲᠤᠪᠠ᠃    ᠳᠡᠭᠡᠷ᠎ᠡ ᠤᠳᠠᠭ᠎ᠠ ᠰᠡᠭᠦᠳᠡᠷᠯᠡᠭᠡᠳ ᠨᠢᠭᠡ ᠵᠢᠯ ᠪᠣᠯᠵᠤ᠂ ᠵᠢᠷᠤᠭ ᠲᠠᠬᠢ ᠰᠦᠷᠦᠭ ᠴᠢᠨ᠋ᠸ᠎ᠠ ᠮᠥᠨ ᠯᠡ ᠢᠳᠡᠷᠡᠭᠦᠨ ᠴᠢᠭᠢᠷᠠᠭ᠂ ᠬᠠᠷᠢᠶᠠᠲᠤ ᠭᠠᠵᠠᠷ ᠤᠨ ᠬᠡᠪᠴᠢᠶ᠎ᠡ ᠨᠢ ᠦᠷᠭᠦᠯᠵᠢ ᠲᠡᠭᠦᠨ ᠤ ᠬᠥᠳᠡᠯᠭᠡᠭᠡᠨ ᠤ ᠪᠠᠶᠢᠳᠠᠯ ᠢ ᠢᠯᠡᠷᠡᠭᠦᠯᠳᠡᠭ᠃ ᠲᠤᠰ ᠣᠷᠣᠨ ᠤ ᠬᠡᠲᠦ ᠤᠯᠠᠭᠠᠨ ᠰᠠᠴᠤᠷᠠᠭ ᠤᠨ ᠭᠡᠷᠡᠯ ᠵᠢᠷᠤᠭ ᠤᠨ ᠮᠠᠰᠢᠨ ᠪᠠᠰᠠ ᠪᠣᠷᠣ ᠭᠥᠷᠥᠭᠡᠰᠦ᠂ ᠬᠡᠭᠡᠷ᠎ᠡ ᠶᠢᠨ ᠲᠠᠤᠯᠠᠶ ᠵᠡᠷᠭᠡ ᠳᠤᠮᠳᠠ ᠵᠢᠵᠢᠭ ᠬᠡᠯᠪᠡᠷᠢ ᠶᠢᠨ ᠡᠪᠡᠰᠦᠨ ᠲᠡᠵᠢᠭᠡᠯᠲᠦ ᠠᠮᠢᠳᠠᠨ ᠢ ᠰᠡᠭᠦᠳᠡᠷᠯᠡᠵᠡᠶ᠃ ᠡᠨᠡ ᠨᠢ ᠢᠳᠡᠰᠢᠨ ᠭᠢᠨᠵᠢ ᠪᠦᠷᠢᠨ ᠪᠦᠳᠤᠨ ᠢ ᠬᠠᠷᠠᠭᠤᠯᠤᠨ᠂ ᠴᠢᠨ᠋ᠸ᠎ᠠ ᠶᠢᠨ ᠰᠦᠷᠦᠭ ᠤᠨ ᠣᠷᠣᠰᠢᠨ ᠲᠣᠭᠲᠠᠨᠢᠬᠤ ᠪᠠ ᠦᠷᠡᠵᠢᠬᠦ ᠨᠢ ᠬᠦᠢᠴᠡᠳ ᠪᠠᠲᠤᠯᠠᠭ᠎ᠠ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃    ᠤᠶᠢᠷ᠎ᠠ ᠶᠢᠨ ᠬᠡᠳᠦᠨ ᠵᠢᠯ ᠳᠤ᠂ ᠤᠮᠠᠷᠠᠲᠤ ᠬᠡᠰᠡᠭ ᠤᠨ ᠪᠠᠯᠠᠷ ᠣᠶ ᠰᠢᠭᠤᠶ ᠶᠢᠨ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠪᠣᠯᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠠᠮᠢ ᠠᠬᠤᠶ ᠶᠢ ᠬᠠᠮᠠᠭᠠᠯᠠᠬᠤ ᠡᠷᠴᠢᠮ ᠢᠶᠠᠨ ᠴᠢᠩᠭᠠᠳᠬᠠᠬᠤ ᠳᠠᠭᠠᠯᠳᠤᠨ ᠬᠠᠤᠯᠢ ᠪᠤᠰᠤ ᠪᠠᠷ ᠬᠤᠯᠠᠭᠠᠶᠢᠯᠠᠨ ᠠᠩᠨᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠨ᠎ᠡ᠃ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠡᠳᠦᠷ ᠢᠷᠡᠬᠦᠶ᠎ᠡ ᠨᠡᠮᠡᠭᠳᠡᠵᠦ᠂ ᠠᠵᠢᠯᠯᠠᠭ᠎ᠠ ᠶᠢᠨ ᠤᠯᠠ ᠮᠥᠷ ᠪᠠᠶᠢᠨ ᠳᠠᠬᠢᠨ ᠰᠡᠭᠦᠳᠡᠷᠯᠡᠭᠳᠡᠵᠦ ᠪᠠᠶᠢᠬᠤ ᠨᠢ ᠤᠮᠠᠷᠠᠲᠤ ᠬᠡᠰᠡᠭ ᠤᠨ ᠪᠠᠯᠠᠷ ᠡᠷᠲᠡᠨ ᠤ ᠰᠢᠭᠤᠶᠢᠲᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢᠨ ᠬᠦᠴᠦᠲᠡᠶ ᠭᠡᠷᠡᠴᠢ ᠪᠤᠯᠤᠭᠰᠠᠨ ᠪᠠᠶᠢᠨ᠎ᠠ᠃ ᠡᠬᠡ ᠪᠢᠴᠢᠭ ᠤᠨ ᠢᠷᠡᠯᠲᠡ᠄ ᠲᠦᠪ ᠤᠨ ᠲᠧᠯᠸᠢᠰ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号