ᠮᠠᠨᠬᠦ᠋ᠢ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠪᠠ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/2
  ᠤᠢᠢᠷ᠎ᠠ ᠶᠢᠨ ᠡᠳᠦᠷ ᠲᠤ᠂ ᠮᠠᠨᠬᠦ᠋ᠢ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠮᠠᠨᠬᠦ᠋ᠢ ᠶᠢᠨ ᠤᠢ ᠰᠢᠭᠤᠢ ᠶᠢᠨ ᠲᠤᠪᠴᠢᠶ᠎ᠡ ᠶᠢᠨ ᠤᠢ ᠰᠢᠭᠤᠢ ᠶᠢᠨ ᠲᠠᠯᠠᠪᠠᠢ ᠶᠢᠨ ᠠᠷᠠᠴᠢᠯᠠᠨ ᠪᠤᠶᠢᠵᠢᠭᠤᠯᠵᠤ ᠦᠢᠯᠡᠳᠪᠦᠷᠢᠯᠡᠬᠦ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠪᠠ ᠤᠬᠠᠭᠤᠯᠬᠤ ᠠᠵᠢᠯᠯᠠᠭ᠎ᠠ ᠥᠷᠨᠢᠭᠦᠯᠪᠡ᠃  ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠮᠠᠨᠬᠦ᠋ᠢ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠮᠢᠯᠠᠭᠰᠠᠨ ᠰᠠᠯᠪᠤᠷᠢ᠂ ᠣᠶ ᠰᠢᠭᠤᠶ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠤᠰᠬᠠᠶ ᠠᠵᠢᠯᠯᠠᠭ᠎ᠠ ᠶᠢᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠠᠭᠤ ᠭᠠᠷᠤᠶ ᠺᠢᠯᠣᠮᠧᠲᠷ ᠠᠶᠠᠯᠠᠨ᠂ ᠬᠤᠶᠢᠲᠤ ᠡᠷᠭᠢ᠂ ᠾᠧ ᠰᠢ᠂ ᠪᠠᠶ ᠮᠠ ᠵᠡᠷᠭᠡ ᠵᠢᠷᠭᠤᠭᠠᠨ ᠶᠡᠭᠡ ᠣᠢ ᠰᠢᠭᠤᠶ ᠶᠢᠨ ᠲᠠᠯᠠᠪᠠᠶ ᠶᠢᠨ ᠠᠮᠢ ᠠᠬᠤᠶ ᠶᠢᠨ ᠴᠢᠳᠠᠮᠵᠢ ᠶᠢᠨ ᠣᠷᠣᠨ ᠤ ᠡᠯ᠎ᠡ ᠠᠰᠠᠷᠠᠨ ᠬᠥᠮᠦᠵᠢᠭᠦᠯᠬᠦ ᠠᠵᠢᠯᠯᠠᠬᠤ ᠠᠩᠭᠢ ᠳᠤ ᠬᠦᠷᠴᠦ᠂ ᠲᠡᠳᠡᠨ ᠤ ᠬᠢᠨᠠᠨ ᠵᠥᠪᠰᠢᠶᠡᠷᠡᠬᠦ ᠲᠠᠯᠠᠪᠠᠢ᠂ ᠠᠵᠢᠯᠯᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠪᠠᠶᠢᠴᠠᠭᠠᠵᠤ ᠂ ᠦᠨᠡᠮᠯᠡᠯ ᠦᠭᠡᠢ ᠪᠠ ᠬᠢᠯᠢ ᠳᠠᠪᠠᠵᠤ ᠤᠶᠢᠯᠡᠳᠪᠤᠷᠢᠯᠡᠬᠦ ᠪᠠᠶᠢᠳᠠᠯ ᠭᠠᠷᠬᠤ ᠶᠢ ᠰᠡᠷᠭᠡᠶᠢᠯᠡᠵᠡᠢ᠃ ᠡᠭᠦᠨ ᠤ ᠬᠠᠮᠲᠤ᠂ ᠲᠡᠳᠡ ᠪᠠᠰᠠ ᠡᠯ᠎ᠡ ᠠᠵᠢᠯᠯᠠᠬᠤ ᠠᠩᠭᠢ᠂ ᠪᠠᠶᠢᠴᠠᠭᠠᠬᠤ ᠥᠷᠲᠡᠭᠡ᠂ ᠬᠠᠮᠢᠶᠠᠷᠤᠨ ᠬᠠᠮᠠᠭᠠᠯᠠᠬᠤ ᠥᠷᠲᠡᠭᠡᠨ ᠳᠤ ᠠᠵᠢᠯᠴᠢᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠵᠤ᠂ ᠣᠳᠣᠬᠠᠨ ᠤ ᠰᠢᠭᠤᠶᠢᠲᠤ ᠣᠷᠣᠨ ᠢ ᠤᠯᠤᠰ ᠤᠨ ᠲᠡᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠥᠷᠥᠯ ᠵᠦᠢᠯ ᠪᠠ ᠳᠡᠰ ᠪᠣᠯᠭᠠᠨ ᠵᠢᠭᠰᠠᠭᠠᠵᠤ᠂ ᠠᠭᠤᠯᠠᠨ ᠲᠠᠯᠠᠪᠠᠢ ᠶᠢᠨ ᠨᠢᠭᠡᠳᠦᠭᠡᠷ ᠹᠷᠣᠨᠲ ᠤᠨ ᠲᠤᠰᠢᠶᠠᠯ ᠡᠭᠦᠷᠭᠡᠯᠡᠭᠴᠢ ᠶᠢᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠦᠵᠡᠯ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ  ᠠᠮᠢᠰᠬᠤᠯ ᠢ ᠪᠤᠢ ᠪᠤᠯᠭᠠᠵᠠᠢ᠃ ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠭᠥᠸᠧ ᠴᠢ ᠮᠢᠩ  ᠸᠠᠩ ᡁᠢ ᠰᠢᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号