ᠤᠢᠢᠷ᠎ᠠ ᠶᠢᠨ ᠡᠳᠦᠷ ᠲᠤ᠂ ᠮᠠᠨᠬᠦ᠋ᠢ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠮᠠᠨᠬᠦ᠋ᠢ ᠶᠢᠨ ᠤᠢ ᠰᠢᠭᠤᠢ ᠶᠢᠨ ᠲᠤᠪᠴᠢᠶ᠎ᠡ ᠶᠢᠨ ᠤᠢ | ᠰᠢᠭᠤᠢ ᠶᠢᠨ ᠲᠠᠯᠠᠪᠠᠢ ᠶᠢᠨ ᠠᠷᠠᠴᠢᠯᠠᠨ ᠪᠤᠶᠢᠵᠢᠭᠤᠯᠵᠤ ᠦᠢᠯᠡᠳᠪᠦᠷᠢᠯᠡᠬᠦ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ | ᠪᠠ ᠤᠬᠠᠭᠤᠯᠬᠤ ᠠᠵᠢᠯᠯᠠᠭ᠎ᠠ ᠥᠷᠨᠢᠭᠦᠯᠪᠡ᠃ | ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠮᠠᠨᠬᠦ᠋ᠢ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠮᠢᠯᠠᠭᠰᠠᠨ ᠰᠠᠯᠪᠤᠷᠢ᠂ | ᠣᠶ ᠰᠢᠭᠤᠶ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠤᠰᠬᠠᠶ ᠠᠵᠢᠯᠯᠠᠭ᠎ᠠ ᠶᠢᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠠᠭᠤ ᠭᠠᠷᠤᠶ | ᠺᠢᠯᠣᠮᠧᠲᠷ ᠠᠶᠠᠯᠠᠨ᠂ ᠬᠤᠶᠢᠲᠤ ᠡᠷᠭᠢ᠂ ᠾᠧ ᠰᠢ᠂ ᠪᠠᠶ ᠮᠠ ᠵᠡᠷᠭᠡ ᠵᠢᠷᠭᠤᠭᠠᠨ ᠶᠡᠭᠡ ᠣᠢ ᠰᠢᠭᠤᠶ ᠶᠢᠨ ᠲᠠᠯᠠᠪᠠᠶ ᠶᠢᠨ ᠠᠮᠢ ᠠᠬᠤᠶ ᠶᠢᠨ ᠴᠢᠳᠠᠮᠵᠢ ᠶᠢᠨ | ᠣᠷᠣᠨ ᠤ ᠡᠯ᠎ᠡ ᠠᠰᠠᠷᠠᠨ ᠬᠥᠮᠦᠵᠢᠭᠦᠯᠬᠦ ᠠᠵᠢᠯᠯᠠᠬᠤ ᠠᠩᠭᠢ ᠳᠤ ᠬᠦᠷᠴᠦ᠂ ᠲᠡᠳᠡᠨ ᠤ ᠬᠢᠨᠠᠨ ᠵᠥᠪᠰᠢᠶᠡᠷᠡᠬᠦ ᠲᠠᠯᠠᠪᠠᠢ᠂ ᠠᠵᠢᠯᠯᠠᠬᠤ ᠠᠷᠭ᠎ᠠ ᠮᠠᠶ᠋ᠢᠭ ᠵᠡᠷᠭᠡ | ᠠᠭᠤᠯᠭ᠎ᠠ ᠶᠢ ᠪᠠᠶᠢᠴᠠᠭᠠᠵᠤ᠂ ᠦᠨᠡᠮᠯᠡᠯ ᠦᠭᠡᠢ ᠪᠠ ᠬᠢᠯᠢ ᠳᠠᠪᠠᠵᠤ ᠤᠶᠢᠯᠡᠳᠪᠤᠷᠢᠯᠡᠬᠦ ᠪᠠᠶᠢᠳᠠᠯ ᠭᠠᠷᠬᠤ ᠶᠢ ᠰᠡᠷᠭᠡᠶᠢᠯᠡᠵᠡᠢ᠃ ᠡᠭᠦᠨ ᠤ ᠬᠠᠮᠲᠤ᠂ ᠲᠡᠳᠡ ᠪᠠᠰᠠ ᠡᠯ᠎ᠡ | ᠠᠵᠢᠯᠯᠠᠬᠤ ᠠᠩᠭᠢ᠂ ᠪᠠᠶᠢᠴᠠᠭᠠᠬᠤ ᠥᠷᠲᠡᠭᠡ᠂ ᠬᠠᠮᠢᠶᠠᠷᠤᠨ ᠬᠠᠮᠠᠭᠠᠯᠠᠬᠤ ᠥᠷᠲᠡᠭᠡᠨ ᠳᠤ ᠠᠵᠢᠯᠴᠢᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠵᠤ᠂ ᠣᠳᠣᠬᠠᠨ ᠤ | ᠰᠢᠭᠤᠶᠢᠲᠤ ᠣᠷᠣᠨ ᠢ ᠤᠯᠤᠰ ᠤᠨ ᠲᠡᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠥᠷᠥᠯ ᠵᠦᠢᠯ ᠪᠠ ᠳᠡᠰ ᠪᠣᠯᠭᠠᠨ ᠵᠢᠭᠰᠠᠭᠠᠵᠤ᠂ ᠠᠭᠤᠯᠠᠨ ᠲᠠᠯᠠᠪᠠᠢ ᠶᠢᠨ | ᠨᠢᠭᠡᠳᠦᠭᠡᠷ ᠹᠷᠣᠨᠲ ᠤᠨ ᠲᠤᠰᠢᠶᠠᠯ ᠡᠭᠦᠷᠭᠡᠯᠡᠭᠴᠢ ᠶᠢᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠦᠵᠡᠯ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ | ᠪᠤᠯᠭᠠᠵᠠᠢ᠃ | ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡ | ᠵᠤᠬᠢᠶᠠᠭᠴᠢ᠄ ᠭᠥᠸᠧ ᠴᠢ ᠮᠢᠩ ᠸᠠᠩ ᡁᠢ ᠰᠢᠨ |