ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ ( 46 ᠳ᠋ᠤᠭᠠᠷ )
ᠨᠡᠶᠢᠲᠡᠯᠡᠭᠰᠡᠨ ᠴᠠᠭ᠄
2020/12/23
2020 ᠣᠨ ᠤ 12 ᠰᠠᠷ᠎ᠠ ᠶᠢᠨ 19   ᠤ ᠡᠳᠦᠷ᠂ ᠪᠡᠭᠡᠵᠢᠩ ᠬᠤᠲᠠ ᠳᠤ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠭᠰᠠᠨ ᠳᠣᠲᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ᠂ ᠴᠤᠤᠶᠠᠩ ᠲᠣᠭᠤᠷᠢᠭ ᠤᠨ ᠬᠠᠨ ᠲᠢᠩ ᠪᠠᠭᠤᠳᠠᠯ ᠤᠨ ᠳ᠋ᠠ ᠱᠠᠨ ᠽᠢ ᠳᠡᠯᠭᠡᠭᠦᠷ ( ᠰᠠᠭᠤᠷᠢ ᠬᠤᠳᠠᠯᠳᠤᠭᠠᠴᠢᠨ ᠪᠠᠭᠲᠠᠨ᠎ᠠ ) ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠢᠶᠠᠷ ᠲᠣᠭᠳᠠᠭᠠᠭᠳᠠᠪᠠ᠃ ᠣᠳᠣᠬᠠᠨ ᠤ ᠳᠡᠯᠡᠬᠡᠶ ᠶᠢᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ ᠪᠠᠶᠢᠬᠤ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠬᠡᠰᠡᠭ ᠭᠠᠵᠠᠷ ᠲᠤ ᠳᠠᠬᠢᠨ ᠬᠡᠴᠡᠭᠦᠳᠡᠵᠦ ᠪᠠᠶᠢᠬᠤ ᠲᠦᠭᠰᠢᠭᠦᠷᠢ ᠶᠢ ᠦᠨᠳᠦᠰᠦᠯᠡᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠶ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ 12 ᠰᠠᠷ᠎ᠠ ᠶᠢᠨ 5 ᠤ ᠡᠳᠦᠷ ᠠᠴᠠ ᠨᠠᠰᠢ᠂ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠵᠥᠪᠯᠡᠯ ᠳᠤ ᠲᠡᠮᠳᠡᠭᠯᠡᠭᠦᠯᠦᠨ ᠳᠠᠩᠰᠠᠯᠠᠭᠤᠯᠬᠤ ᠬᠡᠷᠡᠭᠲᠡᠶ᠃ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ᠂ ᠪᠡᠶ᠎ᠡ ᠶᠢᠨ ᠳᠤᠯᠠᠭᠠᠨ  ᠨᠢ ᠬᠡᠪ ᠤᠨ ᠪᠠᠶᠢᠬᠤ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠂ ᠬᠡᠷᠪᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠬᠠᠩᠭᠠᠵᠤ ᠳᠡᠶᠢᠯᠬᠦ ᠥᠬᠡᠶ ᠪᠣᠯ᠂ ᠬᠠᠮᠤᠭ ᠤᠨ ᠲᠡᠷᠢᠭᠦᠨ ᠳᠤ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ 24 ᠴᠠᠭ ᠤᠨ ᠳᠣᠲᠣᠷ᠎ᠠ ᠪᠠᠶᠢᠴᠠᠭᠠᠨ ᠬᠡᠮᠵᠢᠭᠰᠡᠨ ᠦᠷ᠎ᠡ ᠳ᠋ᠦᠩ ᠭᠠᠷᠭᠠᠵᠤ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠪᠢᠯᠢᠭ ᠴᠢᠨᠠᠷ ᠢᠯᠡᠷᠡᠭᠰᠡᠨ ᠤ ᠳᠠᠷᠠᠭ᠎ᠠ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠠᠷᠭ᠎ᠠ ᠴᠢᠨᠠᠷ ᠭᠠᠷᠤᠭᠰᠠᠨ ᠪᠠᠶᠢᠪᠠᠯ᠂ ᠲᠡᠷᠡ ᠳᠠᠷᠤᠶ ᠳᠤᠨᠢ ᠱᠠᠭᠠᠷᠳᠠᠯᠭ᠎ᠠ ᠶᠣᠰᠣᠭᠠᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠳᠠᠷᠤᠶᠢᠬᠠᠨ ᠥᠷᠨᠢᠭᠦᠯᠬᠦ ᠬᠡᠷᠡᠭᠲᠡᠶ᠃    ᠬᠤᠶᠠᠷ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠳᠠᠷᠤᠶᠢᠬᠠᠨ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ 12 ᠰᠠᠷ᠎ᠠ ᠶᠢᠨ 5 ᠤ ᠡᠳᠦᠷ ᠠᠴᠠ ᠨᠠᠰᠢ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠢ ᠪᠦᠬᠦ ᠲᠠᠯ᠎ᠠ ᠪᠠᠷ ᠡᠮᠬᠢᠯᠡᠬᠦ ᠬᠡᠷᠡᠭᠲᠡᠶ᠃ 12 ᠰᠠᠷ᠎ᠠ ᠶᠢᠨ 5   ᠤ ᠡᠳᠦᠷ ᠠᠴᠠ ᠬᠤᠶᠢᠰᠢ ᠳᠡᠭᠡᠷ᠎ᠡ ᠳᠤᠷᠠᠳᠤᠭᠰᠠᠨ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠣᠶᠢᠷᠠᠳᠴᠤ ᠥᠩᠭᠡᠷᠡᠭᠰᠡᠨ ᠮᠠᠨ ᠤ ᠬᠤᠲᠠ ᠶᠢᠨ ᠬᠥᠮᠦᠰ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ᠂ ᠲᠣᠮᠢᠯᠠᠭᠰᠠᠨ ᠰᠠᠯᠪᠤᠷᠢ ᠳᠤ ᠳᠠᠷᠤᠶᠢᠬᠠᠨ ᠪᠦᠷᠢᠳᠬᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠤᠭᠰᠠᠨ ᠪᠠᠶᠢᠪᠠᠯ᠂ ᠨᠢᠭᠡ ᠯᠡ ᠤᠳᠠᠭ᠎ᠠ ᠶᠢᠨ ᠴᠢᠨᠠᠷᠲᠠᠶ ᠡᠮᠴᠢᠯᠡᠭᠡᠨ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠵᠡᠭᠦᠵᠦ᠂ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠬᠡᠷᠡᠭᠲᠡᠶ᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠂ ᠬᠡᠷᠪᠡ ᠬᠦᠨᠳᠦ ᠨᠣᠴᠢᠲᠠᠶ ᠡᠪᠡᠳᠴᠢᠨ ᠤ ᠪᠠᠶᠢᠳᠠᠯ ᠢᠯᠡᠷᠡᠭᠰᠡᠨ ᠪᠠᠶᠢᠪᠠᠯ᠂ ᠳᠠᠷᠤᠶ ᠲᠦᠷᠭᠡᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃    ᠭᠤᠷᠪᠠ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠵᠦ ( ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ )᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠴᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠪᠠᠨ ᠵᠣᠬᠢᠰᠲᠠᠶ ᠲᠣᠬᠢᠷᠠᠭᠤᠯᠵᠤ᠂ ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠳᠤ ᠣᠴᠢᠬᠤ ᠴᠢᠬᠤᠯᠠ ᠥᠬᠡᠶ ᠪᠠᠶᠢᠬᠤ ᠬᠡᠷᠡᠭᠲᠡᠶ᠃ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠤ ᠳᠠᠷᠠᠭ᠎ᠠ᠂ ᠮᠠᠨ ᠤ ᠬᠤᠲᠠ ᠶᠢᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨᠵᠣᠬᠢᠶᠠᠯ ᠤᠨ ᠢᠷᠡᠯᠲᠡ᠄ ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号