ᠬᠦᠮᠦᠰ ᠡ᠂ ᠭᠠᠷ ᠤᠳᠠᠰᠤ ᠪᠠᠷ ᠨᠠᠭᠠᠳᠬᠤ ᠨᠢ ᠶᠠᠳᠠᠷᠠᠭ᠎ᠠ ᠲᠠᠶᠢᠯᠤᠭᠳᠠᠬᠤ ᠦᠭᠡᠢ ᠰᠢᠤ︕
ᠨᠡᠶᠢᠲᠡᠯᠡᠭᠰᠡᠨ ᠴᠠᠭ᠄
2020/12/28
  ︽ᠠᠵᠢᠯ ᠶᠡᠬᠡᠲᠡᠢ ᠠᠴᠠ ᠪᠤᠯᠵᠤ ᠲᠤᠯᠤᠭᠠᠢ ᠲᠦᠷᠦᠭᠦᠦ ᠲᠦᠢᠷᠠᠵᠦ᠂ ᠮᠠᠰᠢ ᠶᠠᠳᠠᠷᠠᠭ᠎ᠠ ᠲᠠᠢ ᠪᠠᠶᠢᠨ᠎ᠠ᠂ ᠭᠠᠷ ᠤᠳᠠᠰᠤ ᠪᠠᠷ ᠵᠢᠭᠠᠬᠠᠨ ᠲᠤᠭᠯᠠᠭᠠᠳ ᠶᠠᠳᠠᠷᠠᠭ᠎ᠠ ᠪᠠᠨ ᠲᠠᠶᠢᠯᠤᠶ᠎ᠠ︾ ᠭᠡᠵᠦ ᠶᠠᠳᠠᠷᠠᠭᠰᠠᠨ ᠦᠶ᠎ᠡ ᠳᠤ ᠤᠯᠠᠩᠭᠢ ᠬᠦᠮᠦᠰ ᠭᠠᠷ ᠤᠳᠠᠰᠤ ᠪᠠᠨ ᠦᠵᠡᠳᠡᠭ᠂ ᠡᠭᠦᠨ ᠳᠤ ᠵᠠᠷᠢᠮ ᠨᠢ ᠸᠢᠴᠡᠲ ᠤᠨ ᠨᠠᠶᠢᠵᠠ ᠶᠢᠨ ᠲᠤᠭᠤᠷᠢᠭ ᠢᠶᠠᠨ ᠦᠵᠡᠵᠦ᠂ ᠵᠠᠷᠢᠮ ᠨᠢ ᠰᠦᠯᠵᠢᠶᠡᠨ ᠳᠡᠭᠡᠷ᠎ᠡ ᠠᠴᠠ ᠪᠠᠷᠠᠭ᠎ᠠ ᠲᠠᠸᠠᠷ ᠬᠤᠳᠠᠯᠳᠤᠨ ᠠᠪᠴᠤ᠂ ᠪᠠᠰᠠ ᠵᠠᠷᠢᠮ ᠨᠢ ᠲᠤᠭᠯᠠᠭᠠᠮ ᠨᠠᠭᠠᠳᠴᠤ ᠲᠠᠷᠢᠬᠢ ᠪᠠᠨ ᠠᠮᠠᠷᠠᠭᠤᠯᠳᠠᠭ᠃ ᠭᠡᠲᠡᠯ᠎ᠡ ᠰᠡᠭᠦᠯ ᠤᠨ ᠦᠶ᠎ᠡ ᠶᠢᠨ ᠰᠤᠳᠤᠯᠭᠠᠨ ᠤ ᠳ᠋ᠦᠩ ᠠᠴᠠ ᠦᠵᠡᠪᠡᠯ᠂ ᠦᠷ᠎ᠡ ᠳ᠋ᠦᠩ ᠨᠢ ᠡᠭᠦᠨ ᠲᠠᠢ ᠶᠠᠭ ᠡᠰᠡᠷᠭᠦ ᠶᠤᠮ᠃    ᠠᠳᠠᠯᠢ ᠪᠤᠰᠤ ᠵᠠᠭᠤᠴᠢᠯᠠᠭᠤᠷ ᠢ ᠠᠰᠢᠭᠯᠠᠵᠤ ᠪᠡᠶ᠎ᠡ ᠰᠡᠳᠭᠢᠯ ᠢᠶᠠᠨ ᠠᠮᠠᠷᠠᠭᠤᠯᠬᠤ ᠲᠤᠬᠠᠢ ᠦᠨᠦᠬᠡᠨ ᠨᠡᠶᠢᠲᠡᠯᠡᠭᠰᠡᠨ ᠨᠢᠭᠡᠨ ᠦᠭᠦᠯᠡᠯ ᠳᠤ ᠲᠡᠮᠲᠡᠭᠯᠡᠬᠦ ᠳᠡᠭᠡᠨ᠂ ᠭᠠᠷ ᠤᠳᠠᠰᠤ ᠪᠠᠷ ᠲᠤᠭᠯᠠᠬᠤ ᠪᠠᠷ ᠳᠠᠮᠵᠢᠵᠤ᠂ ᠠᠮᠠᠷᠠᠵᠤ ᠠᠵᠢᠯᠯᠠᠬᠤ ᠪᠠᠨ ᠵᠤᠬᠢᠴᠠᠭᠤᠯᠬᠤ ᠨᠢ ᠰᠡᠳᠭᠢᠴᠡ ᠶᠢᠨ ᠲᠠᠨᠢᠨ ᠮᠡᠳᠡᠷᠡᠬᠦᠢ ᠶᠢᠨ ᠳᠠᠷᠤᠯᠲᠠ ᠶᠢ ᠨᠡᠮᠡᠭᠳᠡᠭᠦᠯᠬᠦ ᠠᠴᠠ ᠪᠢᠰᠢ ᠬᠠᠷᠢᠨ ᠪᠡᠶ᠎ᠡ ᠰᠡᠳᠭᠢᠯ ᠢ ᠲᠠᠶᠢᠪᠤᠰᠢᠷᠠᠭᠤᠯᠵᠤ ᠴᠢᠳᠠᠬᠤ ᠦᠭᠡᠢ ᠶᠤᠮ᠃ ᠦᠭᠡᠷ᠎ᠡ ᠪᠠᠷ ᠬᠡᠯᠡᠪᠡᠯ᠂ ᠠᠵᠢᠯ ᠢᠶᠠᠨ ᠰᠠᠶᠢᠨ ᠬᠢᠶ᠎ᠡ ᠭᠡᠪᠡᠯ ᠬᠠᠮᠤᠭ ᠤᠨ ᠰᠠᠶᠢᠨ ᠨᠢ ᠠᠮᠠᠷᠠᠬᠤ ᠦᠶ᠎ᠡ ᠳᠡᠭᠡᠨ ᠭᠠᠷ ᠤᠳᠠᠰᠤ ᠪᠠᠷ ᠨᠠᠭᠠᠳᠬᠤ ᠦᠭᠡᠢ ᠪᠠᠶᠢᠪᠠᠯ ᠵᠤᠬᠢᠨ᠎ᠠ ᠭᠡᠵᠡᠢ᠃   ᠡᠨᠡᠬᠦ ᠰᠤᠳᠤᠯᠭᠠᠨ ᠤ ᠳ᠋ᠦᠩ ᠶᠠᠭᠠᠬᠢᠵᠤ ᠤᠯᠤᠭᠰᠠᠨ ᠪᠤᠢ ᠭᠡᠪᠡᠯ᠂ ᠬᠠᠮᠢᠶᠠᠲᠠᠢ ᠰᠤᠳᠤᠯᠤᠭᠠᠴᠢ ᠠᠴᠠ 400 ᠭᠠᠷᠤᠢ ᠤᠶᠤᠲᠠᠨ ᠢ ᠲᠦᠷᠪᠡᠨ ᠲᠤᠭᠤᠶᠢᠯᠠᠩ ᠬᠤᠪᠢᠶᠠᠵᠤ᠂ ᠤᠨᠢᠰᠤᠭ᠎ᠠ ᠲᠠᠭᠠᠵᠤ ᠤᠷᠤᠯᠳᠤᠬᠤ ᠲᠤᠷᠰᠢᠯᠲᠠ ᠬᠢᠭᠰᠡᠨ ᠪᠠᠶᠢᠨ᠎ᠠ᠃ ᠨᠡᠨ ᠲᠤᠷᠰᠢᠯᠲᠠ ᠪᠠᠨ ᠬᠤᠶᠡᠷ ᠬᠡᠰᠡᠭ ᠬᠤᠪᠢᠶᠠᠨ ᠶᠠᠪᠤᠭᠳᠠᠭᠤᠯᠵᠠᠢ᠃ ᠡᠭᠦᠨ ᠳᠤ ᠭᠤᠷᠪᠠᠨ ᠲᠤᠭᠤᠶᠢᠯᠠᠩ ᠤᠨ ᠤᠶᠤᠲᠠᠳ ᠨᠢᠭᠡ ᠬᠡᠰᠡᠭ ᠡᠭᠦᠷᠭᠡ ᠪᠠᠨ ᠭᠦᠢᠴᠡᠳᠭᠡᠭᠰᠡᠨ ᠤ ᠳᠠᠷᠠᠭ᠎ᠠ ᠳᠤᠮᠳᠡ ᠨᠢ ᠠᠮᠠᠷᠠᠵᠤ ᠠᠪᠤᠭᠠᠳ ᠦᠷᠭᠦᠯᠵᠢᠯᠡᠨ ᠠᠵᠢᠯᠯᠠᠨ᠎ᠠ᠂ ᠠᠮᠠᠷᠠᠬᠤ ᠦᠶ᠎ᠡ ᠳᠤ ᠭᠠᠷ ᠤᠳᠠᠰᠤ ᠪᠠᠷ ᠨᠠᠭᠠᠳᠴᠤ ᠪᠤᠯᠤᠨ᠎ᠠ᠃ ᠨᠦᠭᠦᠭᠡ ᠨᠢᠭᠡ ᠲᠤᠭᠤᠶᠢᠯᠠᠩ ᠤᠨ ᠤᠶᠤᠲᠠᠳ ᠳᠤᠮᠳᠡ ᠨᠢ ᠠᠮᠠᠷᠠᠬᠤ ᠦᠭᠡᠢ ᠪᠠᠷ ᠨᠢᠭᠡ ᠯᠠ ᠳᠡᠭᠡᠷ᠎ᠡ ᠡᠭᠦᠷᠭᠡ ᠪᠠᠨ ᠭᠦᠢᠴᠡᠳᠭᠡᠨ᠎ᠡ᠃   ᠡᠴᠦᠰ ᠤᠨ ᠳ᠋ᠦᠩ ᠳᠤ ᠠᠮᠠᠷᠠᠬᠤ ᠦᠶ᠎ᠡ ᠳᠡᠭᠡᠨ ᠭᠠᠷ ᠤᠳᠠᠰᠤ ᠨᠠᠭᠠᠳᠤᠭᠰᠠᠨ ᠲᠤᠭᠤᠶᠢᠯᠠᠩ ᠨᠢ ᠰᠡᠭᠦᠯᠴᠢ ᠶᠢᠨ ᠡᠭᠦᠷᠭᠡ ᠶᠢ ᠭᠦᠢᠴᠡᠳᠭᠡᠭᠦ ᠳᠡᠭᠡᠨ ᠨᠡᠩ ᠤᠷᠲᠤ ᠴᠠᠭ ᠵᠠᠷᠤᠴᠠᠭᠤᠯᠤᠭᠰᠠᠨ ᠪᠦᠭᠡᠳ ᠠᠮᠵᠢᠯᠲᠠ ᠳᠤ ᠬᠦᠷᠦᠭᠰᠡᠨ ᠨᠤᠷᠮ᠎ᠠ ᠨᠢ ᠴᠦ ᠮᠠᠰᠢ ᠳᠤᠤᠷ᠎ᠠ ᠪᠠᠶᠢᠵᠠᠢ᠃ ᠳᠠᠷᠤᠢ ᠠᠮᠤᠰᠭᠢᠬᠦ ᠦᠶ᠎ᠡ ᠳᠤ ᠭᠠᠷ ᠤᠳᠠᠰᠤ ᠪᠠᠷ ᠲᠤᠭᠯᠠᠵᠤ ᠪᠡᠶ᠎ᠡ ᠰᠡᠳᠭᠢᠯ ᠢᠶᠠᠨ ᠲᠠᠶᠢᠪᠤᠰᠢᠷᠠᠭᠤᠯᠤᠨ᠂ ᠲᠠᠷᠢᠬᠢ ᠲᠤᠯᠤᠭᠠᠢ ᠪᠠᠨ ᠰᠡᠷᠭᠦᠭᠡᠵᠦ᠂ ᠦᠯᠡᠳᠡᠭᠰᠡᠨ ᠡᠭᠦᠷᠭᠡ ᠪᠠᠨ ᠨᠡᠩ ᠰᠠᠶᠢᠨ ᠪᠡᠶᠡᠯᠡᠭᠦᠯᠬᠦ ᠭᠡᠰᠡᠨ ᠪᠤᠯᠪᠠᠴᠤ ᠠᠮᠠᠷᠠᠭᠰᠠᠨ ᠦᠭᠡᠢ ᠵᠠᠯᠭ᠎ᠠ ᠪᠠᠷ ᠠᠵᠢᠯᠯᠠᠭᠰᠠᠨ ᠨᠦᠭᠦᠭᠡ ᠨᠢᠭᠡ ᠲᠤᠭᠤᠶᠢᠯᠠᠩ ᠲᠠᠢ ᠶᠠᠮᠠᠷ ᠴᠦ ᠢᠯᠭᠠᠭ᠎ᠠ ᠭᠠᠷᠤᠭᠰᠠᠨ ᠦᠭᠡᠢ᠃ ᠭᠡᠳᠡᠷᠭᠦ ᠪᠠᠨ ᠬᠠᠷᠢᠨ ᠶᠡᠭᠡ ᠲᠠᠷᠢᠬᠢᠨ ᠤ ᠲᠠᠨᠢᠨ ᠮᠡᠳᠡᠷᠡᠬᠦᠢ ᠳᠤ ᠰᠦᠷᠭᠡᠤ ᠨᠦᠯᠦᠭᠡ ᠠᠪᠴᠢᠷᠠᠭᠰᠠᠨ ᠶᠤᠮ ᠪᠠᠶᠢᠨ᠎ᠠ᠃   ᠰᠤᠳᠤᠯᠤᠭᠠᠴᠢᠳ ᠤᠨ ᠦᠵᠡᠬᠦ ᠪᠠᠷ᠂ ᠪᠢᠳᠡ ᠰᠡᠳᠭᠢᠴᠡ ᠶᠢᠨ ᠴᠢᠳᠡᠪᠬᠢ ᠳᠤ ᠰᠦᠷᠭᠡᠤ ᠨᠦᠯᠦᠭᠡ ᠦᠵᠡᠭᠦᠯᠬᠦ ᠤᠶᠤᠨᠯᠢᠭ ᠭᠠᠷ ᠤᠳᠠᠰᠤᠨ ᠤ ᠦᠢᠯᠡᠳᠦᠯ ᠢ ᠤᠮᠳᠤᠭᠠᠶᠢᠯᠠᠵᠤ᠂ ᠬᠠᠷᠢᠨ ᠶᠡᠭᠡ ᠲᠠᠷᠢᠬᠢᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠬᠢ ᠶᠢ ᠬᠡᠳᠦᠷᠬᠡᠢ ᠦᠨᠳᠦᠷ ᠦᠨᠡᠯᠡᠵᠦ᠂ ᠪᠤᠷᠤᠭᠤ ᠤᠶᠢᠯᠠᠭᠠᠯᠲᠠ ᠲᠠᠢ ᠪᠤᠯᠤᠭᠰᠠᠨ ᠪᠠᠶᠢᠨ᠎ᠠ᠃   ᠲᠡᠶᠢᠮᠦ ᠠᠴᠠ ᠶᠠᠳᠠᠷᠠᠭᠰᠠᠨ ᠦᠶᠡᠰ ᠭᠠᠷ ᠤᠳᠠᠰᠤ ᠪᠠᠷ ᠨᠠᠭᠠᠳᠴᠤ ᠪᠡᠶ᠎ᠡ ᠰᠡᠳᠭᠢᠯ ᠢᠶᠠᠨ ᠲᠠᠶᠢᠪᠤᠰᠢᠷᠠᠭᠤᠯᠬᠤ ᠭᠡᠰᠡᠨ ᠪᠤᠳᠤᠯ ᠢᠶᠠᠨ ᠲᠡᠪᠴᠢᠭᠡᠷᠡᠢ᠂ ᠬᠦᠮᠦᠰ ᠡ︕
 
ᠢᠷᠡᠯᠲᠡ᠄ ᠳᠤᠮᠳᠡᠳᠤ ᠤᠯᠤᠰ ᠤᠨ ᠮᠤᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号