ᠬᠠᠮᠲᠤᠷᠠᠵᠤ ᠠᠪᠤᠭᠰᠠᠨ ᠭᠡᠷ ᠪᠠᠶᠢᠰᠢᠩ ᠢ ᠬᠡᠷᠬᠢᠨ ᠬᠤᠪᠢᠶᠠᠬᠤ ᠪᠤᠢ︖
ᠨᠡᠶᠢᠲᠡᠯᠡᠭᠰᠡᠨ ᠴᠠᠭ᠄
2020/12/28
  ᠬᠡᠷᠡᠭ ᠤᠴᠢᠷ᠄     ᠸᠠᠩ ᠤᠪᠤᠭᠳᠦ ︵ᠡᠷᠡᠭᠲᠠᠢ︶ ᠪᠠ ᠯᠢ ᠤᠪᠤᠭᠳᠦ ︵ᠡᠮᠡᠭᠲᠠᠢ︶ ᠬᠤᠷᠢᠮᠯᠠᠬᠤ ᠠᠴᠠ ᠡᠮᠦᠨ᠎ᠡ ᠬᠤᠶᠠᠭᠤᠯᠠ ᠬᠠᠮᠳᠤᠷᠠᠵᠦ ᠰᠢᠨ᠎ᠡ ᠭᠡᠷ ᠬᠤᠳᠠᠯᠳᠤᠨ ᠠᠪᠤᠪᠠ᠃ ᠭᠡᠷ ᠪᠠᠶᠢᠰᠢᠩ ᠤᠨ ᠦᠮᠴᠢᠯᠡᠯ ᠤᠨ ᠡᠷᠭᠡ ᠶᠢᠨ ᠦᠨᠡᠮᠯᠡᠯ ᠲᠡᠭᠡᠷ᠎ᠡ ᠭᠠᠭᠴᠠ ᠸᠠᠩ ᠤᠪᠤᠭᠳᠦ ᠶᠢᠨ ᠨᠡᠷ᠎ᠡ ᠶᠢ ᠪᠢᠴᠢᠭᠰᠡᠨ ᠪᠠᠶᠢᠨ᠎ᠠ᠃ ᠬᠤᠷᠢᠮᠯᠠᠭᠠᠳ ᠤᠳᠠᠯ ᠦᠭᠡᠢ ᠸᠠᠩ ᠤᠪᠤᠭᠳᠦ ᠯᠢ ᠤᠪᠤᠭᠳᠦ ᠬᠡᠷᠡᠬᠦᠯ ᠪᠤᠯᠵᠦ᠂ ᠤᠷᠤᠭ ᠰᠠᠯᠬᠤ ᠪᠠᠷ ᠪᠤᠯᠪᠠ᠃   ᠲᠡᠭᠡᠪᠡᠯ ᠲᠡᠷᠡ ᠬᠤᠷᠢᠮᠯᠠᠬᠤ ᠠᠴᠠ ᠡᠮᠦᠨ᠎ᠠ ᠬᠠᠮᠳᠤᠷᠠᠵᠤ ᠠᠪᠤᠭᠰᠠᠨ ᠭᠡᠷ᠂ ᠭᠡᠷ ᠪᠠᠶᠢᠰᠢᠩ ᠤᠨ ᠦᠮᠴᠢᠯᠡᠯ ᠤᠨ ᠡᠷᠭᠡ ᠶᠢᠨ ᠦᠨᠡᠮᠯᠡᠯ ᠲᠡᠭᠡᠷ᠎ᠡ ᠨᠢᠭᠡᠯᠡ ᠬᠦᠮᠦᠨ ᠤ ᠬᠢᠨᠢ ᠨᠡᠷ᠎ᠠ ᠶᠢ ᠪᠢᠴᠢᠭᠰᠡᠨ ᠪᠠᠶᠢᠳᠠᠯ ᠲᠤᠤᠷ᠎ᠡ᠂ ᠤᠷᠤᠭ ᠰᠠᠯᠤᠭᠰᠠᠨ ᠤ ᠲᠠᠷᠠᠭ᠎ᠠ ᠭᠡᠷ ᠪᠠᠶᠢᠰᠢᠩ ᠤᠨ ᠦᠮᠴᠢᠯᠡᠯ ᠤᠨ ᠡᠷᠭᠡ ᠶᠢᠨ ᠦᠨᠡᠮᠯᠡᠯ ᠲᠡᠭᠡᠷ᠎ᠡ ᠨᠡᠷ᠎ᠠ ᠪᠢᠴᠢᠭᠰᠡᠨ ᠨᠢᠭᠡ ᠲᠠᠯ᠎ᠠ ᠨᠢ ᠨᠦᠭᠦᠭᠡ ᠡᠳᠡᠭᠡᠳ ᠲᠡᠭᠡᠨ ᠬᠡᠷᠬᠢᠨ ᠨᠦᠬᠦᠪᠦᠷᠢ ᠦᠭᠬᠦ ᠪᠤᠢ︖ ᠡᠰᠡᠭᠦᠯ᠎ᠠ ᠨᠦᠬᠦᠪᠦᠷᠢ ᠦᠭᠬᠦ ᠴᠢᠬᠤᠯᠠ ᠦᠭᠡᠢ ᠦᠦ︖   ᠵᠠᠳᠠᠯᠬᠤ ᠨᠢ᠄   ᠨᠢᠭᠡ᠂ ᠬᠡᠷᠪᠡ ᠡᠷ᠎ᠠ ᠡᠮ᠎ᠠ ᠬᠤᠶᠠᠭᠤᠯᠠ ᠪᠠᠨ ᠲᠤᠰ ᠭᠡᠷ ᠤᠨ ᠡᠷᠭᠡ ᠬᠠᠷᠢᠶ᠎ᠠ ᠶᠢᠨ ᠲᠤᠬᠠᠢ ᠬᠡᠯᠡᠯᠴᠡᠨ ᠲᠤᠭᠳᠠᠭᠰᠠᠨ ᠵᠦᠢᠯ ᠪᠠᠶᠢᠪᠠᠯ ᠬᠡᠯᠡᠯᠴᠡᠨ ᠲᠤᠭᠳᠠᠭᠰᠠᠨ ᠶᠤᠰᠤᠭᠠᠷ ᠰᠢᠢᠳᠪᠦᠷᠢᠯᠡᠨ᠎ᠠ᠃   ᠬᠤᠶᠠᠷ᠂ ᠬᠡᠷᠪᠡ ᠬᠤᠶᠠᠷ ᠲᠠᠯ᠎ᠠ ᠪᠠᠷ ᠢᠶᠠᠨ ᠬᠡᠯᠡᠯᠴᠡᠨ ᠲᠤᠭᠳᠠᠭᠰᠠᠨ ᠵᠦᠢᠯ ᠦᠭᠡᠢ ᠪᠤᠯ ᠲᠤᠤᠷᠠᠬᠢ ᠪᠠᠶᠢᠳᠠᠯ ᠢ ᠲᠤᠳᠤᠷᠬᠠᠢ ᠢᠯᠭᠠᠬᠤ ᠬᠡᠷᠡᠭᠳᠡᠢ᠄     ᠲᠤᠰ ᠬᠡᠷ ᠤᠨ ᠦᠮᠴᠢᠯᠡᠯ ᠤᠨ ᠡᠷᠭᠡ ᠵᠠᠷᠴᠢᠮ ᠲᠡᠭᠡᠷ᠎ᠠ ᠪᠠᠨ ᠭᠡᠷ ᠪᠠᠶᠢᠰᠢᠩ ᠤᠨ ᠦᠮᠴᠢᠯᠡᠯ ᠤᠨ ᠡᠷᠭᠡ ᠶᠢᠨ ᠦᠨᠡᠮᠯᠡᠯ ᠲᠡᠭᠡᠷ᠎ᠡ ᠨᠡᠷ᠎ᠠ ᠪᠠᠨ ᠲᠡᠮᠳᠡᠭᠯᠡᠭᠰᠡᠨ ᠨᠢᠭᠡ ᠲᠠᠯ᠎ᠠ ᠳᠤ ᠬᠠᠷᠢᠶᠠᠯᠠᠭᠳᠠᠨ᠎ᠠ᠂ ᠭᠡᠳᠡᠯ᠎ᠠ ᠨᠦᠭᠦᠭᠡ ᠡᠳᠡᠭᠡᠳ ᠨᠢ ᠬᠤᠷᠢᠮᠯᠠᠬᠤ ᠠᠴᠠ ᠡᠮᠦᠨ᠎ᠠ ᠭᠡᠷ ᠬᠤᠳᠠᠯᠳᠤᠨ ᠠᠪᠬᠤ ᠳᠤ ᠬᠠᠮᠳᠤᠪᠠᠷ ᠪᠡᠯᠡ ᠮᠦᠩᠭᠦ ᠭᠠᠷᠭᠠᠯ᠎ᠠ ᠭᠡᠳᠡᠭ ᠢ ᠭᠡᠷᠡᠴᠢᠯᠡᠬᠦ ᠭᠡᠷᠡᠴᠢ ᠪᠠᠷᠢᠮᠳᠠ ᠲᠠᠢ ᠪᠤᠯ᠂ ᠤᠷᠤᠭ ᠰᠠᠯᠵᠤ ᠡᠳ᠋ ᠬᠦᠷᠦᠩᠭᠡ ᠪᠠᠨ ᠬᠤᠪᠢᠶᠠᠯᠴᠠᠬᠤ ᠦᠶᠡᠰ᠂ ᠨᠦᠬᠦᠭᠡ ᠡᠳᠡᠭᠡᠳ ᠤᠨ ᠭᠠᠷᠭᠠᠭᠰᠠᠨ ᠪᠡᠯᠡ ᠮᠦᠩᠭᠦ ᠶᠢ ᠶᠤᠰᠤᠭᠠᠷ ᠨᠢ ᠪᠤᠴᠠᠭᠠᠵᠤ ᠦᠭᠬᠦ ᠬᠡᠷᠡᠭᠳᠡᠢ︔ ᠬᠤᠷᠢᠮᠯᠠᠬᠤ ᠠᠴᠠ ᠡᠮᠦᠨ᠎ᠠ ᠬᠤᠳᠠᠯᠳᠤᠨ ᠠᠪᠤᠭᠰᠠᠨ ᠭᠡᠷ ᠨᠢ ᠬᠠᠮᠳᠤ ᠳᠤᠨᠢ ᠦᠮᠴᠢᠯᠡᠭᠳᠡᠨ᠎ᠠ ᠭᠡᠵᠦ ᠬᠤᠶᠠᠭᠤᠯᠠ ᠪᠠᠨ ᠵᠦᠪᠰᠢᠶᠡᠷᠡᠭᠰᠡᠨ ᠤᠷᠢᠳᠠᠯ ᠲᠤᠤᠷ᠎ᠠ ᠪᠡᠯᠡ ᠮᠦᠩᠭᠦ ᠭᠠᠷᠭᠠᠯ᠎ᠠ ︵ᠬᠤᠷᠢᠮᠯᠠᠬᠤ ᠰᠢᠨ᠎ᠠ ᠭᠡᠷ ᠬᠤᠳᠠᠯᠳᠤᠨ ᠠᠪᠬᠤ ᠪᠠᠷ ᠵᠤᠷᠢᠯᠭ᠎ᠠ ᠪᠤᠯᠭᠠᠵᠤ᠂ ᠬᠤᠳᠠᠯᠳᠤᠨ ᠠᠪᠤᠭᠰᠠᠨ ᠤ ᠲᠠᠷᠠᠭ᠎ᠠ ᠤᠬᠤᠷᠬᠠᠨ ᠬᠤᠭᠤᠴᠠᠭᠠᠨ ᠤ ᠲᠤᠳᠤᠷ᠎ᠠ ᠬᠤᠷᠢᠮᠯᠠᠵᠤ᠂ ᠬᠤᠶᠠᠭᠤᠯᠠ ᠪᠠᠨ ᠬᠠᠮᠳᠤᠪᠡᠷ ᠵᠢᠭᠡᠯᠡᠯᠭᠡ ᠪᠠᠨ ᠲᠦᠯᠦᠭᠰᠡᠨ ᠵᠡᠷᠭᠡ︶ ᠭᠡᠳᠡᠭ ᠢ ᠭᠡᠷᠡᠴᠢᠯᠡᠵᠦ ᠲᠡᠶᠢᠯᠪᠡᠯ ᠡᠨᠡᠬᠦ ᠭᠡᠷ ᠢ ᠡᠷ᠎ᠠ ᠡᠮ᠎ᠠ ᠬᠤᠶᠠᠭᠤᠯᠠ ᠶᠢᠨ ᠬᠠᠮᠳᠤ ᠶᠢᠨ ᠡᠳ᠋ ᠬᠦᠷᠦᠩᠭᠡ ᠪᠠᠷ ᠦᠵᠡᠨ᠎ᠠ᠂ ᠡᠳ᠋ ᠬᠦᠷᠦᠩᠭᠡ ᠬᠤᠪᠢᠶᠠᠬᠤ ᠳᠤ ᠬᠠᠭᠠᠰ ᠬᠠᠭᠠᠰ ᠢᠶᠠᠷ ᠬᠤᠪᠢᠶᠠᠬᠤ ᠵᠠᠷᠴᠢᠮ ᠢᠶᠠᠷ ᠰᠢᠢᠳᠪᠦᠷᠢᠯᠡᠨ᠎ᠠ᠂ ᠭᠡᠳᠡᠯ᠎ᠠ ᠬᠤᠶᠠᠷ ᠲᠠᠯ᠎ᠠ ᠶᠢᠨ ᠪᠡᠯᠡ ᠮᠦᠩᠭᠦ ᠭᠠᠷᠭᠠᠭᠰᠠᠨ ᠬᠠᠷᠢᠴᠠᠯ ᠵᠦᠷᠢᠶᠡᠲᠡᠢ᠂ ᠬᠤᠷᠢᠮᠯᠠᠭᠰᠠᠨ ᠤ ᠲᠠᠷᠠᠭ᠎ᠠ ᠬᠠᠮᠳᠤᠪᠠᠷ ᠠᠮᠢᠳᠤᠷᠠᠭᠰᠠᠨ ᠦᠭᠡᠢ ᠡᠰᠡᠭᠦᠯ᠎ᠠ ᠤᠷᠤᠭ ᠬᠤᠷᠢᠮ ᠤᠨ ᠦᠷᠭᠦᠯᠵᠢᠯᠡᠭᠰᠡᠨ ᠬᠤᠭᠤᠴᠠᠭ᠎ᠠ ᠤᠬᠤᠷ ᠵᠡᠷᠭᠡ ᠪᠠᠶᠢᠳᠠᠯ ᠪᠠᠶᠢᠪᠠᠯ᠂ ᠰᠢᠭᠦᠬᠦ ᠬᠤᠷᠢᠶ᠎ᠠ ᠠᠴᠠ ᠲᠤᠬᠠᠢ ᠶᠢᠨ ᠦᠶ᠎ᠠ ᠳᠤ ᠪᠡᠯᠡ ᠮᠦᠩᠭᠦ ᠭᠠᠷᠭᠠᠭᠰᠠᠨ ᠬᠠᠷᠢᠴᠠᠯ ᠢᠶᠠᠷ ᠨᠢ ᠬᠤᠪᠢᠶᠠᠬᠤ ᠪᠤᠯᠤᠯᠴᠠᠭ᠎ᠠ ᠪᠠᠰᠠ ᠪᠤᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号