ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠵᠤ᠂ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ | ᠢᠳᠡᠭᠡᠨ ᠢ ᠣᠷᠣᠭᠤᠯᠬᠤ ᠪᠠ ᠲᠠᠷᠬᠠᠭᠠᠬᠤ ᠶᠢ ᠪᠦᠲᠦᠮᠵᠢᠲᠡᠶ ᠰᠡᠷᠭᠡᠶᠢᠯᠡᠵᠦ᠂ ︽ᠥᠪᠡᠷᠲᠡᠭᠡᠨ ᠵᠠᠰᠠᠬᠤ ᠤᠷᠤᠨ ᠤ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠢ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ ᠢᠳᠡᠭᠡᠨ ᠤ ᠬᠠᠮᠢᠶᠠᠷᠤᠯᠲᠠ ᠶᠢᠨ ᠠᠵᠢᠯ ᠤᠨ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠦᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | ᠲᠠᠷᠬᠠᠭᠠᠭᠰᠠᠨ ︹ 2020 ︺ 112 ᠳ᠋ᠤᠭᠠᠷ︶ ᠵᠢᠴᠢ ︽ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ | ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠤᠨ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠬᠥᠬᠡᠬᠤᠲᠠ ᠶᠢᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | ᠥᠰᠥᠭ ︹ 2020 ︺ 109 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠢᠳᠡᠭᠡᠨ ᠤᠶᠢᠯᠡᠳᠪᠤᠷᠢᠯᠡᠬᠦ ᠡᠵᠡᠩᠨᠡᠭᠴᠢ ︽ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ | ᠬᠡᠷᠡᠭᠵᠢᠭᠦᠯᠬᠦ ᠳᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠭᠠᠳᠠᠭᠠᠳᠤ ᠠᠴᠠ | ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ | ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ᠂ | ᠮᠥᠷᠳᠡᠨ ᠪᠠᠶᠢᠴᠠᠭᠠᠬᠤ ᠬᠠᠮᠢᠶᠠᠷᠤᠯᠲᠠ᠂ ᠠᠵᠢᠯᠲᠠᠨ ᠤ ᠬᠠᠮᠢᠶᠠᠷᠤᠯᠲᠠ᠂ ᠴᠥᠮ᠎ᠡ ᠶᠢᠨ ᠬᠦᠴᠢᠯ ᠤᠨ ᠪᠠᠶᠢᠴᠠᠭᠠᠨ | ᠰᠢᠯᠭᠠᠭᠰᠠᠨ ᠮᠡᠳᠡᠭᠦᠯᠦᠯᠲᠡ ᠪᠠ ᠠᠷᠢᠭᠤᠳᠬᠠᠭᠰᠠᠨ ᠭᠡᠷᠡᠴᠢ ᠵᠡᠷᠭᠡ ᠢᠳᠡᠭᠡᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠷᠡᠯᠲᠡ ᠨᠢ ᠲᠣᠳᠣᠷᠬᠠᠶ ᠥᠬᠡᠶ ᠬᠦᠢᠲᠡᠨ | ᠬᠡᠯᠬᠢᠶᠡᠲᠦ ᠢᠳᠡᠭᠡᠨ ᠬᠤᠳᠠᠯᠳᠤᠨ ᠠᠪᠬᠤ ᠪᠠ ᠬᠡᠷᠡᠭᠯᠡᠬᠦ ᠶᠢ ᠴᠢᠩᠭ᠎ᠠ ᠴᠠᠭᠠᠵᠠᠯᠠᠨ᠂ ᠰᠢᠨ᠎ᠡ ᠲᠢᠳᠢᠮᠯᠢᠭ ᠸᠢᠷᠦ᠋ᠰ ᠤᠨ | ᠭᠠᠳᠠᠭᠠᠳᠤ ᠠᠴᠠ ᠣᠷᠣᠭᠤᠯᠬᠤ ᠬᠦᠶ᠋ᠲᠡᠨ ᠬᠡᠯᠬᠢᠶᠡᠲᠦ ᠢᠳᠡᠭᠡᠨ ᠢᠶᠠᠷ ᠳᠠᠮᠵᠢᠭᠤᠯᠤᠨ ᠣᠷᠣᠭᠤᠯᠬᠤ ᠲᠦᠭᠰᠢᠭᠦᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠬᠦᠢᠳᠡᠨ ᠬᠡᠯᠬᠢᠶᠡᠲᠦ ᠢᠳᠡᠭᠡᠨ ᠤ ᠪᠥᠬᠦ ᠴᠤᠪᠤᠷᠠᠯ ᠤᠨ ᠪᠢᠲᠡᠭᠦᠤ | ᠴᠠᠭᠠᠷᠢᠭ ᠬᠠᠮᠢᠶᠠᠷᠤᠯᠲᠠ ᠪᠠ ᠡᠬᠢ ᠡᠭᠦᠰᠦᠯ ᠢ ᠨᠢ ᠡᠷᠢᠵᠦ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ | ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠢᠳᠡᠭᠡᠨ ᠤᠶᠢᠯᠡᠳᠪᠤᠷᠢᠯᠡᠬᠦ ᠡᠵᠡᠩᠨᠡᠭᠴᠢ ᠶᠢ ᠱᠠᠭᠠᠷᠳᠠᠵᠤ ᠪᠠᠶᠢᠭᠠᠳ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠨ ᠬᠦᠢᠲᠡᠨ | ᠬᠡᠯᠬᠢᠶᠡᠲᠦ ᠢᠳᠡᠭᠡᠨ ᠢ ᠤᠶᠢᠯᠡᠳᠪᠤᠷᠢᠯᠡᠨ ᠡᠵᠡᠩᠨᠡᠨ᠂ ᠬᠠᠳᠠᠭᠠᠯᠠᠬᠤ᠂ ᠲᠡᠭᠡᠭᠡᠪᠦᠷᠢᠯᠡᠬᠦ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ | ᠬᠤᠶᠠᠷ᠂ ᠢᠳᠡᠭᠡᠨ ᠤᠶᠢᠯᠡᠳᠪᠤᠷᠢᠯᠡᠬᠦ ᠡᠵᠡᠩᠨᠡᠭᠴᠢ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ | ᠢᠳᠡᠭᠡᠨ ᠬᠤᠳᠠᠯᠳᠤᠨ ᠠᠪᠬᠤ ᠣᠶᠶ᠎ᠠ ᠳᠤ᠂ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ ᠢᠳᠡᠭᠡᠨ ᠤ | ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠨᠡᠬᠡᠨ ᠠᠪᠴᠤ᠂ ᠪᠠᠶᠢᠴᠠᠭᠠᠨ | ᠰᠢᠯᠭᠠᠵᠤ᠂ ᠦᠯᠡᠳᠡᠭᠡᠨ ᠬᠠᠳᠠᠭᠠᠯᠠᠬᠤ ᠬᠡᠷᠡᠭᠲᠡᠶ᠂ ᠪᠤᠳᠠᠳᠠᠢ ᠳᠤ᠄ ᠪᠠᠷᠠᠭ᠎ᠠ ᠬᠠᠩᠭᠠᠬᠤ ᠬᠤᠳᠠᠯᠳᠤᠭᠠᠴᠢᠨ ᠤ ᠠᠯᠪᠠᠨ | ᠲᠠᠮᠠᠭ᠎ᠠ ᠶᠢ ᠳᠠᠷᠤᠭᠰᠠᠨ ᠬᠢᠯᠢ ᠪᠠᠷ ᠣᠷᠣᠵᠤ ᠢᠷᠡᠬᠦ ᠡᠳ᠋ ᠪᠠᠷᠠᠭ᠎ᠠ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠭᠡᠷᠡᠴᠢᠯᠡᠬᠦ ᠪᠢᠴᠢᠭ ᠮᠠᠲ᠋ᠧᠷᠢᠶᠠᠯ ᠂ ᠪᠠᠷᠠᠭ᠎ᠠ ᠬᠠᠩᠭᠠᠬᠤ ᠬᠤᠳᠠᠯᠳᠤᠭᠠᠴᠢᠨ ᠤ ᠭᠠᠷᠭᠠᠵᠤ ᠥᠭᠭᠦᠭᠰᠡᠨ ᠪᠣᠷᠣᠯᠠᠭᠤᠯᠬᠤ | ᠭᠡᠷᠡᠴᠢ ᠪᠠᠷᠢᠮᠲᠠ ᠨᠢ ᠡᠷᠬᠡᠪᠰᠢ ᠬᠢᠯᠢ ᠪᠠᠷ ᠣᠷᠣᠬᠤ ᠡᠳ᠋ ᠪᠠᠷᠠᠭ᠎ᠠ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠭᠡᠷᠡᠴᠢᠯᠡᠬᠦ ᠪᠢᠴᠢᠭ ᠮᠠᠲ᠋ᠧᠷᠢᠶᠠᠯ ᠳᠤ ᠲᠣᠳᠣᠷᠬᠠᠶ ᠲᠡᠮᠳᠡᠭᠯᠡᠭᠰᠡᠨ ᠵᠤᠶᠢᠯ ᠲᠠᠢ ᠴᠥᠮ ᠨᠢᠭᠡᠳᠦᠯᠲᠡᠶ ᠪᠠᠶᠢᠬᠤ ᠬᠡᠷᠡᠭᠲᠡᠶ᠂ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ | ᠭᠡᠷᠡᠴᠢ ᠮᠠᠲ᠋ᠧᠷᠢᠶᠠᠯ᠂ ᠠᠷᠢᠭᠤᠳᠬᠠᠬᠤ ᠨᠢᠭᠡᠴᠢ ᠶᠢᠨ ᠭᠠᠷᠭᠠᠭᠰᠠᠨ ᠭᠠᠳᠠᠭᠠᠳᠤ ᠠᠴᠠ ᠣᠷᠣᠭᠤᠯᠤᠭᠰᠠᠨ ᠬᠦᠢᠳᠡᠠ | ᠬᠡᠯᠬᠢᠶᠡᠲᠦ ᠢᠳᠡᠭᠡᠨ ᠤ ᠪᠠᠷᠠᠭ᠎ᠠ ᠶᠢ ᠨᠢᠭᠡᠨᠲᠡ ᠠᠷᠢᠭᠤᠳᠬᠠᠭᠰᠠᠨ ᠭᠡᠷᠡᠴᠢ᠃ ᠭᠠᠳᠠᠭᠠᠳᠤ ᠠᠴᠠ ᠣᠷᠣᠭᠤᠯᠤᠭᠰᠠᠨ | ᠮᠠᠯ ᠵᠢᠭᠦᠷᠲᠡᠨ ᠤ ᠮᠢᠬᠠᠨ ᠢᠳᠡᠭᠡᠨ ᠤᠰᠤᠨ ᠭᠠᠷᠤᠯᠲᠠ ᠵᠡᠷᠭᠡ ᠶᠢ ᠬᠡᠰᠡᠭ ᠪᠤᠯᠭᠠᠨ ᠬᠡᠷᠴᠢᠨᠬᠤᠳᠠᠯᠳᠤᠭᠰᠠᠨ ᠤ | ᠳᠠᠷᠠᠭ᠎ᠠ᠂ ᠡᠷᠬᠡᠪᠰᠢ ᠳᠡᠭᠡᠷ᠎ᠡ ᠳᠤᠷᠠᠳᠤᠭᠰᠠᠨ ᠭᠡᠷᠡᠴᠢᠯᠡᠬᠦ ᠮᠠᠲ᠋ᠧᠷᠢᠶᠠᠯ ᠲᠠᠢ ᠪᠠᠶᠢᠬᠤ ᠬᠡᠷᠡᠭᠲᠡᠶ ᠪᠥᠭᠡᠳ ᠤᠤᠯ | ᠪᠤᠭᠤᠳᠠᠯ ᠢ ᠨᠢ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ ᠭᠠᠳᠠᠭᠠᠳᠤ ᠠᠴᠠ ᠣᠷᠣᠭᠤᠯᠤᠭᠰᠠᠨ | ᠬᠥᠯᠳᠡᠭᠡᠭᠰᠡᠨ ᠭᠠᠭ᠋ᠠᠶ ᠶᠢᠨ ᠮᠢᠬᠠᠨ ᠤ ᠪᠦᠲᠦᠭᠡᠭᠳᠡᠬᠦᠨ ᠨᠢ ᠳᠡᠭᠡᠷᠡᠬᠢ ᠭᠡᠷᠡᠴᠢ ᠮᠠᠲ᠋ᠧᠷᠢᠶᠠᠯ ᠢ ᠬᠠᠩᠭᠠᠬᠤ ᠠᠴᠠ | ᠭᠠᠳᠠᠨ᠎ᠠ ᠪᠠᠰᠠ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠬᠠᠩᠭᠠᠬᠤ | ᠬᠡᠷᠡᠭᠲᠡᠶ᠃ ᠬᠠᠮᠢᠶ᠎ᠠ ᠪᠦᠬᠦᠢ ᠮᠠᠲ᠋ᠧᠷᠢᠶᠠᠯ ᠪᠠ ᠲᠡᠮᠳᠡᠭᠯᠡᠯ ᠢ ᠠᠳᠠᠭ ᠲᠠᠭᠠᠨ 2 ᠵᠢᠯ ᠦᠯᠡᠳᠡᠭᠡᠨ ᠬᠠᠳᠠᠭᠠᠯᠠᠬᠤ | ᠬᠡᠷᠡᠭᠲᠡᠶ᠃ | ᠭᠤᠷᠪᠠ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠬᠠᠳᠠᠭᠠᠯᠠᠬᠤ᠂ | ᠪᠣᠷᠣᠯᠠᠭᠤᠯᠬᠤ᠂ ᠪᠣᠯᠪᠠᠰᠤᠷᠠᠭᠤᠯᠬᠤ ᠠᠵᠢᠯ ᠢ ᠡᠷᠬᠢᠯᠡᠵᠦ ᠪᠠᠶᠢᠭ᠎ᠠ ᠢᠳᠡᠭᠡᠨ ᠤᠶᠢᠯᠡᠳᠪᠤᠷᠢᠯᠡᠬᠦ ᠡᠵᠡᠩᠨᠡᠭᠴᠢ ᠪᠦᠬᠦᠨ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠬᠦᠷᠬᠦ ᠠᠴᠠ 24 ᠴᠠᠭ ᠤᠨ ᠡᠮᠦᠨ᠎ᠡ | ᠤᠳᠠᠭ᠎ᠠ ᠪᠦᠷᠢ ᠶᠢᠨ ᠤᠶᠢᠯᠡᠳᠬᠦᠨ ᠢ ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠬᠠᠷᠢᠶ᠎ᠠ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠬᠦᠷᠴᠦ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠢᠳᠡᠭᠡᠨ | ᠤᠶᠢᠯᠡᠳᠪᠤᠷᠢᠯᠡᠨ ᠡᠵᠡᠩᠨᠡᠬᠦ ᠠᠵᠢᠯᠯᠠᠭ᠎ᠠ ᠬᠢᠵᠦ ᠪᠣᠯᠤᠨ᠎ᠠ᠃ ᠮᠡᠳᠡᠭᠦᠯᠦᠨ ᠳᠠᠩᠰᠠᠯᠠᠭᠤᠯᠬᠤ ᠵᠤᠶᠢᠯᠡᠰ ᠲᠤ᠄ ᠢᠳᠡᠭᠡᠨ | ᠡᠵᠡᠩᠨᠡᠬᠦ ᠨᠢᠭᠡᠴᠢ ᠶᠢᠨ ᠨᠡᠷᠡᠶᠢᠳᠦᠯ᠂ ᠢᠳᠡᠭᠡᠨ ᠤ ᠨᠡᠷᠡᠶᠢᠳᠤᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ | ᠤᠶᠢᠯᠡᠳᠪᠤᠷᠢᠯᠡᠭᠰᠡᠨ ᠡᠳᠦᠷ ᠬᠤᠭᠤᠴᠠᠭ᠎ᠠ ︵ᠪᠤᠶᠤ ᠪᠥᠭᠡᠮ ᠳ᠋ᠤᠭᠠᠷ︶᠂ ᠪᠠᠷᠠᠭ᠎ᠠ ᠬᠠᠩᠭᠠᠬᠤ ᠬᠤᠳᠠᠯᠳᠤᠭᠠᠴᠢᠨ ᠤ | ᠨᠡᠷᠡᠶᠢᠳᠦᠯ᠂ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ ᠵᠡᠷᠭᠡ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠪᠠᠭᠲᠠᠨ᠎ᠠ᠃ | ᠪᠠᠰᠠ ᠲᠣᠰ ᠪᠦᠯᠦᠭ ᠤᠳᠠᠭ᠎ᠠ ᠶᠢᠨ ᠢᠳᠡᠭᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠤᠶᠤ | ᠪᠣᠭᠤᠮᠲᠠ ᠶᠢᠨ ᠬᠢᠵᠦ ᠥᠭᠭᠦᠭᠰᠡᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠭᠰᠠᠨ ᠭᠡᠷᠡᠴᠢ ᠶᠢ ᠬᠠᠩᠭᠠᠨ᠎ᠠ᠃ | ᠳᠡᠭᠡᠷ᠎ᠡ ᠳᠤᠷᠠᠳᠤᠭᠰᠠᠨ ᠭᠡᠷᠡᠴᠢᠯᠡᠬᠦ ᠮᠠᠲ᠋ᠧᠷᠢᠶᠠᠯ ᠪᠤᠶᠤ ᠭᠡᠷᠡᠴᠢᠯᠡᠬᠦ ᠮᠠᠲ᠋ᠧᠷᠢᠶᠠᠯ ᠪᠦᠷᠢᠨ ᠪᠤᠰᠤ ᠪᠠᠶᠢᠪᠠᠯ᠂ ᠪᠦᠬᠦᠨ ᠢ | ᠪᠢᠲᠡᠭᠦᠮᠵᠢᠯᠡᠨ ᠬᠠᠳᠠᠭᠠᠯᠠᠬᠤ ᠶᠢᠨ ᠬᠠᠮᠲᠤ ᠬᠤᠳᠠᠯᠳᠤᠨ ᠬᠡᠷᠡᠭᠯᠡᠵᠦ ᠪᠣᠯᠬᠤ ᠦᠭᠡᠢ ︵ᠭᠠᠳᠠᠭᠠᠳᠤ ᠠᠴᠠ ᠣᠷᠣᠭᠤᠯᠬᠤ | ᠬᠦᠢᠲᠡᠨ ᠬᠡᠯᠬᠢᠶᠡᠲᠦ ᠢᠳᠡᠭᠡᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠵᠠᠷᠤᠳᠠᠯ᠂ ᠰᠤᠭᠤᠴᠢᠨ | ᠪᠠᠶᠢᠴᠠᠭᠠᠬᠤ ᠶᠢ ᠭᠠᠷᠭᠠᠪᠠᠯ᠂ ᠴᠥᠮ ᠡᠵᠡᠩᠨᠡᠭᠴᠢ ᠥᠪᠡᠷ ᠢᠶᠠᠷ ᠬᠠᠷᠢᠭᠤᠴᠠᠨ᠎ᠠ︶᠃ | ᠳᠥᠷᠪᠡ᠂ ᠭᠡᠭᠡᠨ ᠭᠤᠣᠯ ᠬᠤᠲᠠ ᠶᠢᠨ ᠬᠦᠷᠢᠶ᠎ᠡ ᠬᠡᠪᠴᠢᠶᠡᠨ ᠳᠤᠲᠤᠷᠠᠬᠢ᠂ ᠬᠦᠢᠲᠡᠨ ᠬᠡᠯᠬᠢᠶᠡᠲᠦ ᠪᠠᠷᠠᠭ᠎ᠠ ᠶᠢᠨ | ᠬᠦᠢᠯᠭᠡᠭᠡᠨ ᠤ ᠠᠵᠤ ᠠᠬᠤᠶᠢᠯᠠᠯ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ | ᠲᠡᠭᠡᠭᠡᠪᠦᠷᠢᠯᠡᠬᠦ ᠶᠠᠪᠤᠴᠠ ᠳᠤ ᠬᠠᠳᠠᠭᠠᠯᠠᠭᠰᠠᠨ ᠬᠠᠶᠢᠷᠴᠠᠭ ᠢ ᠨᠡᠭᠡᠭᠡᠵᠦ ᠪᠣᠯᠬᠤ ᠦᠭᠡᠢ᠂ ᠠᠴᠢᠶᠠᠯᠠᠬᠤ | ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢ ᠠᠷᠢᠭᠤᠳᠬᠠᠬᠤ ᠪᠠ ᠨᠢᠭᠡᠳᠦᠭᠡᠷ ᠹᠷᠣᠨᠲ ᠤᠨ ᠬᠥᠮᠦᠰ ᠤᠨ ᠬᠤᠪᠢ | ᠬᠦᠮᠤᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠳᠠᠭᠠᠭᠠᠨ ᠲᠡᠭᠡᠭᠡᠪᠦᠷᠢᠯᠡᠭᠰᠡᠨ ᠪᠠᠷᠠᠭ᠎ᠠ ᠶᠢᠨ | ᠭᠦᠢᠯᠭᠡᠭᠡᠨ ᠤ ᠲᠡᠭᠡᠭᠡᠪᠦᠷᠢ ᠶᠢᠨ ᠠᠵᠤ ᠠᠬᠤᠶᠢᠯᠠᠯ᠂ ᠲᠡᠷᠭᠡᠨ ᠤ ᠥᠮᠴᠢᠲᠡᠨ ᠪᠠ ᠵᠢᠯᠣᠭᠤᠴᠢ᠂ ᠡᠷᠬᠡᠪᠰᠢ ᠬᠢᠯᠢ ᠪᠠᠷ | ᠣᠷᠣᠵᠤ ᠢᠷᠡᠭᠰᠡᠨ ᠪᠠᠷᠠᠭ᠎ᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠭᠰᠠᠨ ᠭᠡᠷᠡᠴᠢ᠂ ᠭᠠᠳᠠᠭᠠᠳᠤ ᠠᠴᠠ | ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠴᠥᠮ᠎ᠡ ᠶᠢᠨ ᠬᠦᠴᠢᠯ ᠤᠨ ᠰᠢᠯᠭᠠᠨ ᠪᠠᠶᠢᠴᠠᠭᠠᠭᠰᠠᠨ ᠭᠡᠷᠡᠴᠢ᠂ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠪᠠᠷᠠᠭ᠎ᠠ ᠶᠢ ᠨᠢᠭᠡᠨᠲᠡ ᠠᠷᠢᠭᠤᠳᠬᠠᠭᠰᠠᠨ | ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠶ᠃ ᠬᠤᠯᠪᠣᠭᠳᠠᠯ ᠪᠦᠬᠦᠢ ᠭᠡᠷᠡᠴᠢ ᠦᠭᠡᠢ ᠪᠣᠯ ᠳᠠᠭᠠᠭᠠᠨ | ᠲᠡᠭᠡᠭᠡᠪᠦᠷᠢᠯᠡᠵᠦ ᠪᠣᠯᠬᠤ ᠦᠭᠡᠢ᠃ | ᠲᠠᠪᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠬᠢᠯᠢ ᠪᠠᠷ ᠣᠷᠣᠭᠤᠯᠤᠭᠰᠠᠨ ᠤ | ᠳᠠᠷᠠᠭᠠᠬᠢ ᠠᠷᠢᠭᠤᠳᠬᠠᠬᠤ ᠠᠷᠭ᠎ᠠ ᠮᠠᠶ᠋ᠢᠭ ᠤᠨ ᠲᠥᠰᠦᠯ ᠢ ︽ᠬᠦᠢᠲᠡᠨ ᠬᠡᠯᠬᠢᠶᠡᠲᠦ ᠢᠳᠡᠭᠡᠨ ᠤᠶᠢᠯᠡᠳᠪᠤᠷᠢᠯᠡᠨ | ᠡᠵᠡᠩᠨᠡᠬᠦ ᠶᠠᠪᠤᠴᠠ ᠳᠠᠬᠢ ᠰᠢᠨ᠎ᠡ ᠲᠢᠳᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠨ ᠠᠷᠢᠭᠤᠳᠬᠠᠬᠤ ᠮᠡᠷᠭᠡᠵᠢᠯ ᠤᠨ | ᠵᠦᠭᠯᠡᠭᠦᠷ︾ ︵ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠡᠷᠦᠩᠬᠡᠶᠢᠯᠡᠨ ᠲᠠᠷᠬᠠᠭᠠᠭᠰᠠᠨ ﹇ | 200﹈ 245 ᠳ᠋ᠤᠭᠠᠷ︶ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠵᠢᠷᠭᠤᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ | ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠢᠳᠡᠪᠬᠢᠲᠡᠢ ᠣᠷᠣᠯᠴᠠᠬᠤ ᠪᠠ ᠬᠢᠨᠠᠯᠲᠠ ᠲᠠᠯᠪᠢᠵᠤ᠂ ᠬᠠᠤᠯᠢ | ᠲᠤᠭᠳᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ 12315 | ᠤᠲᠠᠰᠤ ᠪᠠᠷ ᠢᠯᠡᠴᠢᠯᠡᠨ ᠮᠡᠳᠡᠭᠦᠯᠬᠦ ᠬᠡᠷᠡᠭᠲᠡᠶ᠃ | 2020 ᠣᠨ ᠤ 12 ᠰᠠᠷ᠎ᠠ ᠶᠢᠨ 1 ᠤ ᠡᠳᠦᠷ | ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠡ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠤᠰ ᠤᠨ | ᠬᠠᠯᠳᠠᠪᠤᠷᠢᠯᠠᠯ ᠤᠨ ᠠᠭᠤᠰᠬᠢᠨ ᠦᠷᠪᠢᠰᠤᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ |