ᠬᠦᠯᠦᠨ ᠪᠤᠶᠢᠷ ᠬᠤᠳᠠ ᠶᠢᠨ ᠡᠯ᠎ᠡ ᠬᠤᠰᠢᠭᠤ ᠬᠤᠳᠠ ᠲᠤᠭᠤᠷᠢᠭ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠡᠭ ᠤᠨ ᠠᠵᠢᠯᠲᠠᠳ ᠠᠯᠪᠠᠨ ᠪᠢᠴᠢᠭ ᠤᠨ ᠤᠷᠴᠢᠭᠤᠯᠭ᠎ᠠ ᠶᠢᠨ ᠲᠤᠬᠠᠢ ᠡᠬᠦᠯᠡᠨ ᠪᠤᠯᠪᠠᠰᠤᠷᠠᠯ ᠳᠤ ᠤᠷᠤᠯᠴᠠᠯ᠎ᠠ
ᠨᠡᠶᠢᠲᠡᠯᠡᠭᠰᠡᠨ ᠴᠠᠭ᠄
2020/5/16

   5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ

ᠤᠷᠤᠨ ᠤ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠡᠭ ᠤᠨ ᠴᠤᠭᠯᠠᠷᠠᠯ ︽ᠠᠯᠪᠠᠨ ᠪᠢᠴᠢᠭ ᠤᠨ

ᠤᠷᠴᠢᠭᠤᠯᠭ᠎ᠠ ᠶᠢᠨ ᠳᠤᠮᠳᠠᠬᠢ ᠠᠩᠬᠠᠷᠬᠤ ᠴᠢᠬᠤᠯᠠᠳᠠᠢ ᠬᠡᠳᠦᠨ ᠠᠰᠠᠭᠤᠳᠠᠯ︾ ᠰᠡᠳᠦᠪ ᠢᠶᠠᠷ ᠡᠬᠦᠯᠡᠨ ᠪᠤᠯᠪᠠᠰᠤᠷᠠᠯ

ᠵᠤᠬᠢᠶᠠᠨ ᠪᠠᠶᠢᠭᠤᠯᠤᠭᠰᠠᠨ ᠪᠠᠶᠢᠨ᠎ᠠ᠃

   

  ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠤᠯᠵᠤ ᠲᠦᠪᠯᠡᠷᠡᠬᠦᠯᠦᠨ

ᠪᠤᠯᠪᠠᠰᠤᠷᠠᠯ ᠬᠦᠷᠳᠡᠬᠡᠵᠤ ᠪᠤᠯᠬᠤ ᠦᠬᠡᠢ ᠪᠠᠶᠢᠳᠠᠯ ᠢ ᠦᠨᠳᠦᠰᠦᠯᠡᠨ᠂ ᠡᠬᠦᠯᠡᠨ ᠪᠤᠯᠪᠠᠰᠤᠷᠠᠯ ᠢ ︽ᠬᠦᠲᠦᠴᠢ︾

ᠰᠢᠭᠤᠳ ᠨᠡᠪᠳᠡᠷᠡᠬᠦᠯᠬᠡ ᠶᠢᠨ ᠳᠠᠪᠴᠠᠩ ᠢᠶᠠᠷ ᠳᠠᠮᠵᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶᠡᠨ ᠴᠡᠭ ᠤᠨ ᠠᠵᠢᠯᠳᠠᠳ ᠤᠨ ᠠᠯᠪᠠᠨ

ᠪᠢᠴᠢᠭ ‍ᠤᠨ‌ᠤᠷᠴᠢᠭᠤᠯᠭ᠎ᠠ ᠶᠢᠨ ᠳᠤᠮᠳᠠᠬᠢ ᠬᠦᠴᠢᠷᠳᠡᠯ ᠳᠤ ᠵᠤᠷᠢᠭᠤᠯᠤᠨ ᠡᠷᠬᠢᠯᠡᠵᠡᠢ᠃

     ᠲᠤᠰ ᠤᠳᠠᠭᠠᠨ ᠤ ᠡᠬᠦᠯᠡᠨ ᠪᠤᠯᠪᠠᠰᠤᠷᠠᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠᠭᠠᠢ

ᠬᠠᠷᠠᠭᠠᠯᠵᠠᠯ ᠢ ᠬᠦᠷᠳᠡᠵᠤ ᠪᠠᠶᠢᠭ᠎ᠠ ᠲᠤᠰᠬᠠᠢ ᠮᠡᠷᠬᠡᠵᠢᠯᠳᠡᠨ᠂ ᠳᠦᠪ ᠤᠨ ᠦᠨᠳᠦᠰᠦᠳᠡᠨ ᠤ ᠤᠷᠴᠢᠭᠤᠯᠭ᠎ᠠ ᠶᠢᠨ

ᠲᠤᠪᠴᠢᠶᠠᠨ ᠤ ᠬᠢᠨᠠᠨ ᠤᠷᠴᠢᠭᠤᠯᠤᠭᠴᠢ᠂ ᠤᠷᠴᠢᠭᠤᠯᠭ᠎ᠠ ᠶᠢᠨ ᠵᠢᠯᠤᠭᠤᠳᠤᠭᠴᠢ ᠪᠠᠭᠰᠢ ᠠᠯᠲᠠᠨᠪᠠᠭᠠᠨ᠎ᠠ ᠶᠢ ᠤᠷᠢᠵᠤ

ᠶᠠᠷᠢᠭᠤᠯᠪᠠ᠃ ᠪᠤᠯᠪᠠᠰᠤᠷᠠᠯ ᠳᠤ ᠭᠤᠤᠯᠳᠠᠭᠤ ᠠᠯᠪᠠᠨ ᠪᠢᠴᠢᠭ ᠤᠨ ᠤᠷᠴᠢᠭᠤᠯᠭ᠎ᠠ ᠶᠢᠨ ᠤᠨᠴᠠᠯᠢᠭ ᠪᠠ ᠠᠯᠪᠠᠨ

ᠪᠢᠴᠢᠭ ᠤᠨ ᠤᠷᠴᠢᠭᠤᠯᠭ᠎ᠠ ᠶᠢᠨ ᠴᠢᠨᠠᠷ ᠢ ᠪᠠᠲᠤᠯᠠᠬᠤ ᠵᠢᠴᠢ ᠠᠯᠪᠠᠨ ᠪᠢᠴᠢᠭ ᠤᠨ ᠤᠷᠴᠢᠭᠤᠯᠭ᠎ᠠ ᠶᠢᠨ ᠨᠡᠷ᠎ᠡ

ᠳᠤᠮᠢᠶᠠᠨ ᠤ ᠠᠰᠠᠭᠤᠳᠠᠯ ᠵᠡᠷᠬᠡ ᠬᠡᠳᠦᠨ ᠲᠠᠯ᠎ᠠ ᠠᠴᠠ ᠲᠠᠶᠢᠯᠪᠤᠷᠢᠯᠠᠪᠠ᠃

   ᠤᠶᠢᠯᠠᠭᠠᠭᠰᠠᠨ ᠢᠶᠠᠷ᠂ ᠲᠤᠰ ᠤᠳᠠᠭᠠᠨ ᠤ ᠡᠭᠦᠯᠡᠨ ᠪᠤᠯᠪᠠᠰᠤᠷᠠᠯ ᠳᠤ ᠮᠠᠨ ᠤ ᠬᠤᠳᠠ ᠶᠢᠨ ᠡᠯ᠎ᠡ ᠬᠤᠰᠢᠭᠤ

ᠬᠤᠳᠠ ᠳᠤᠭᠤᠷᠢᠭ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶᠡᠨ

ᠴᠡᠭ ᠤᠨ ᠠᠵᠢᠯᠳᠠᠳ ᠤᠷᠤᠯᠴᠠᠵᠤ ᠰᠤᠨᠤᠰᠤᠭᠰᠠᠨ ᠪᠠᠶᠢᠨ᠎ᠠ᠃

   ᠡᠨᠡ ᠤᠳᠠᠭᠠᠨ ᠤ ᠡᠬᠦᠯᠡᠨ ᠪᠤᠯᠪᠠᠰᠤᠷᠠᠯ ᠨᠢ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ

ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠳᠤ ᠰᠢᠨ᠎ᠡ ᠳᠠᠪᠴᠠᠩ ᠬᠠᠩᠭᠠᠵᠤ᠂ ᠡᠭᠦᠨ ᠤ ᠬᠠᠮᠳᠤ ᠮᠠᠨ ᠤ

ᠬᠤᠳᠠ ᠶᠢᠨ ᠬᠤᠰᠢᠭᠤ ᠬᠤᠳᠠ ᠲᠤᠭᠤᠷᠢᠭ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠠ ᠶᠢᠨ

ᠠᠵᠢᠯᠳᠠᠨ ᠤ ᠮᠤᠩᠭᠤᠯ ᠬᠢᠲᠠᠳ ᠤᠷᠴᠢᠭᠤᠯᠭ᠎ᠠ ᠶᠢᠨ ᠤᠨᠤᠯ ᠤᠨ ᠮᠡᠳᠡᠯᠬᠡ ᠶᠢᠨ ᠬᠢᠷᠢ ᠳᠦᠪᠰᠢᠨ ᠢ

ᠳᠡᠭᠡᠭᠰᠢᠯᠡᠬᠦᠯᠬᠦ ᠳᠤ ᠦᠢᠯᠡᠴᠢᠯᠡᠭᠰᠡᠨ ᠪᠠᠶᠢᠨ᠎ᠠ᠃ ᠳᠡᠷᠡᠴᠢᠯᠡᠨ᠂ ᠮᠠᠨ ᠤ ᠬᠤᠳᠠ ᠶᠢᠨ ᠬᠤᠰᠢᠭᠤ ᠬᠤᠳᠠ

ᠳᠤᠭᠤᠷᠢᠭ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠠᠵᠢᠯᠲᠠᠳ ᠤᠨ ᠮᠡᠳᠡᠯᠬᠡ ᠶᠢᠨ

ᠪᠦᠲᠦᠴᠡ ᠶᠢ ᠤᠯᠠᠮ ᠨᠢᠭᠡ ᠠᠯᠬᠤᠮ ᠳᠡᠬᠦᠯᠳᠡᠷᠵᠢᠬᠦᠯᠵᠤ᠂ ᠲᠡᠳᠡᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ

ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠬᠦᠯᠬᠦ ᠳᠤ ᠲᠦᠯᠬᠢᠴᠡ ᠬᠦᠴᠦᠨ ᠪᠤᠯᠤᠭᠰᠠᠨ ᠶᠤᠮ᠃

 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号