ᠠᠯᠦ᠋ᠩᠱᠠᠨ ᠪᠠᠯᠭᠠᠰᠤ ᠪᠦᠬᠦ ᠪᠠᠯᠭᠠᠰᠤᠨ ᠤ ᠬᠡᠪᠴᠢᠶᠡᠨ ᠳᠤ ᠦᠨᠳᠤᠰᠤᠳᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/6/22
    2020 ᠤᠨ ᠪᠤᠯ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾ ᠢ ᠬᠡᠷᠡᠭᠵᠢᠬᠦᠯᠦᠭᠰᠡᠨ 15 ᠵᠢᠯ ᠤᠨ ᠤᠢ ᠪᠤᠯᠤᠨ᠎ᠠ᠃ ᠮᠤᠩᠭᠤᠯ ᠬᠢᠳᠡᠳ ᠬᠤᠶᠠᠷ ᠲᠦᠷᠤᠯ ᠤᠨ ᠦᠰᠦᠭ ᠪᠢᠴᠢᠭ ᠤᠨ ᠬᠡᠷᠡᠭᠯᠡᠭᠡ ᠶᠢ ᠡᠷᠬᠡ ᠲᠡᠭᠰᠢ ᠪᠠᠶᠢᠯᠭᠠᠨ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠦᠨᠳᠤᠰᠤᠳᠡᠨ ᠤ ᠪᠦᠯᠬᠦᠮᠳᠡᠯ ᠲᠠᠪᠰᠢᠯᠳᠠ ᠳᠠᠬᠢ ᠦᠢᠯᠡᠳᠤᠯ ᠢ ᠬᠦᠢᠴᠡᠳ ᠪᠠᠳᠠᠷᠠᠭᠤᠯᠵᠤ᠂ ᠠᠯᠦ᠋ᠩᠱᠠᠨ ᠪᠠᠯᠭᠠᠰᠤ  ᠤ ᠨᠡᠶᠢᠭᠡᠮ ᠤᠨ ᠵᠠᠬ᠎ᠠ ᠵᠡᠭᠡᠯᠢ ᠶᠢᠨ ᠮᠤᠩᠭᠤᠯ ᠬᠢᠳᠠᠳ ᠬᠤᠶᠠᠷ ᠲᠦᠷᠤᠯ ᠤᠨ ᠦᠰᠦᠭ ᠪᠢᠴᠢᠭ ᠢ ᠤᠨᠤᠪᠴᠢᠳᠠᠢ᠂ ᠲᠦᠷᠢᠮᠵᠢᠬᠦᠨ ᠬᠡᠷᠡᠭᠯᠡᠬᠦ ᠶᠢ ᠪᠠᠳᠤᠯᠠᠬᠤ ᠶᠢᠨ ᠲᠦᠯᠤᠭᠡ᠂ ᠠᠯᠦ᠋ᠩᠱᠠᠨ ᠪᠠᠯᠭᠠᠰᠤ ᠪᠦᠬᠦ ᠪᠠᠯᠭᠠᠰᠤᠨ ᠤ ᠬᠡᠪᠴᠢᠶᠡᠨ ᠳᠤ ᠦᠨᠳᠤᠰᠤᠳᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠸᠢᠴᠠᠲ ᠶᠢᠨ ᠨᠡᠶᠢᠳᠡ ᠶᠢᠨ ᠲᠠᠪᠴᠠᠩ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠤᠯᠠᠨ ᠲᠦᠷᠤᠯ ᠤᠨ ᠬᠡᠯᠪᠡᠷᠢ ᠶᠢ ᠠᠰᠢᠭᠯᠠᠨ᠂ ᠮᠤᠩᠭᠤᠯ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ ᠬᠠᠤᠯᠢ ᠲᠦᠷᠢᠮ ᠢ ᠰᠤᠷᠤᠯᠴᠠᠬᠤ ᠰᠠᠶᠢᠨ ᠰᠠᠶᠢᠬᠠᠨ ᠤᠷᠴᠢᠨ ᠢ ᠡᠬᠦᠳᠴᠦ᠂ ᠨᠠᠮ ᠤᠨ ᠦᠨᠳᠤᠰᠤᠳᠡᠨ ᠤ ᠦᠭᠡ ᠬᠡᠯᠡ ᠦᠰᠦᠭ ᠪᠢᠴᠢᠭ ᠤᠨ ᠲᠦᠷᠤ ᠶᠢᠨ ᠪᠤᠳᠤᠯᠭ᠎ᠠ ᠶᠢ ᠦᠷᠭᠡᠨ ᠢᠶᠠᠷ ᠤᠬᠠᠭᠤᠯᠵᠤ᠂ ᠨᠡᠶᠢᠭᠡᠮ ᠤᠨ ᠡᠯ᠎ᠡ ᠡᠳᠡᠭᠡᠳ ᠪᠤᠯᠤᠨ ᠠᠷᠠᠳ ᠲᠦᠮᠡᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠰᠠᠶᠢᠳᠤᠷ ᠬᠢᠬᠦ ᠴᠢᠬᠤᠯᠠ ᠴᠢᠨᠠᠷ᠂ ᠱᠠᠭᠠᠷᠳᠠᠯᠭᠠᠳᠤ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠵᠡᠢ᠃ᠠᠵᠢᠯᠯᠠᠭ᠎ᠠ ᠲᠤᠮᠳᠠ᠂ ᠮᠤᠩᠭᠤᠯ ᠦᠭᠡ ᠬᠡᠯᠡ ᠦᠰᠦᠭ ᠪᠢᠴᠢᠭ ᠤᠨ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 150 ᠬᠤᠪᠢ ᠲᠠᠷᠬᠠᠭᠠᠭᠰᠠᠨ ᠪᠠᠶᠢᠨ᠎ᠠ᠃ ᠡᠬᠦᠨ ᠤ ᠬᠠᠮᠳᠤ ᠨᠡᠶᠢᠭᠡᠮ ᠤᠨ ᠵᠠᠬ᠎ᠠ ᠵᠡᠭᠡᠯᠢ ᠵᠢᠨ‌ᠮᠤᠩᠭᠤᠯ ᠬᠢᠳᠡᠳ‌ᠬᠤᠶᠠᠷ ᠲᠦᠷᠤᠯ ‍ᠤᠨ‌ᠦᠰᠦᠭ ᠪᠢᠴᠢᠭ ᠢ ᠬᠠᠮᠳᠤ ᠳᠤᠨᠢ ᠬᠡᠷᠡᠭᠯᠡᠬᠦ ᠪᠠᠶᠢᠳᠠᠯ ᠳᠤ ᠬᠢᠨᠠᠯᠳᠠ ᠲᠠᠯᠪᠢᠵᠤ ᠪᠠᠶᠢᠴᠠᠭᠠᠨ ᠴᠡᠭᠴᠡᠯᠡᠬᠦ ᠠᠵᠢᠯ ᠦᠷᠨᠢᠬᠦᠯᠦᠭᠰᠡᠨ ᠪᠠᠶᠢᠨ᠎ᠠ᠃
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号