ᠯᠠᠲ᠋ᠢᠨ ᠭᠠᠯᠢᠭ ᠢᠶᠠᠷ ᠡᠧᠡᠩᠬᠢ ᠬᠡᠯᠡᠨ ᠤ ᠠᠪᠢᠶ᠎ᠠ ᠶᠢ ᠲᠡᠮᠳᠡᠭᠯᠡᠬᠦ ᠪᠤᠯᠪᠠᠰᠤᠷᠠᠯ ᠤᠨ ᠠᠩᠬᠢ ᠡᠧᠡᠩᠬᠢ ᠬᠤᠰᠢᠭᠤᠨ ᠳᠤ ᠶᠠᠪᠤᠭᠳᠠᠵᠤ ᠦᠩᠭᠡᠷᠡᠯ᠎ᠡ
ᠨᠡᠶᠢᠲᠡᠯᠡᠭᠰᠡᠨ ᠴᠠᠭ᠄
2020/6/27
  6 ᠰᠠᠷ᠎ᠠ ᠶᠢᠨ 13 ᠤ ᠡᠳᠦᠷ᠂ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠡᠧᠡᠩᠬᠢ
ᠦᠨᠳᠦᠰᠦᠳᠡᠨ ᠤ ᠰᠤᠳᠤᠯᠬᠤ ᠬᠤᠷᠠᠯ ᠠᠴᠠ ᠡᠷᠬᠢᠯᠡᠨ ᠶᠠᠪᠤᠭᠳᠠᠭᠤᠯᠤᠭᠰᠠᠨ ᠯᠠᠲ᠋ᠢᠨ ᠭᠠᠯᠢᠭ ᠢᠶᠠᠷ ᠡᠧᠡᠩᠬᠢ ᠬᠡᠯᠡᠨ ᠤ ᠠᠪᠢᠶ᠎ᠠ ᠶᠢ ᠲᠡᠮᠳᠡᠭᠯᠡᠬᠦ ᠪᠤᠯᠪᠠᠰᠤᠷᠠᠯ ᠤᠨ ᠠᠩᠬᠢ ᠡᠧᠡᠩᠬᠢ ᠬᠤᠰᠢᠭᠤᠨ ᠤ ᠪᠠᠶᠠᠨᠳᠤᠬᠤᠢ ᠪᠠᠯᠭᠠᠰᠤᠨ ᠤ ᠦᠨᠳᠦᠰᠦᠳᠡᠨ ᠤ ᠰᠤᠶᠤᠯ ᠤᠨ ᠠᠵᠤ ᠦᠢᠯᠡᠰ ᠤᠨ ᠦᠢᠯᠡᠰ ᠪᠤᠰᠬᠠᠬᠤ ᠬᠦᠷᠢᠶᠡᠯᠡᠩ ᠳᠤ ᠶᠠᠪᠤᠭᠳᠠᠯ᠎ᠡ᠃ ᠡᠧᠡᠩᠬᠢ ᠬᠡᠯᠨ ᠶᠢ ᠲᠡᠮᠳᠡᠭᠯᠡᠬᠦ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠨᠢᠭᠡᠳᠭᠡᠵᠤ᠂ ᠨᠡᠩ ᠪᠦᠷᠢᠨ ᠪᠦᠳᠦᠨ ᠬᠠᠳᠠᠭᠠᠯᠠᠵᠤ ᠤᠯᠠᠮᠵᠢᠯᠠᠬᠤ ᠶᠢᠨ ᠲᠦᠯᠦᠭᠡ ᠶᠠᠪᠤᠭᠳᠠᠭᠤᠯᠤᠭᠰᠠᠨ ᠲᠤᠰ ᠤᠳᠠᠭᠠᠨ ᠤ ᠪᠤᠯᠪᠠᠰᠤᠷᠠᠯ ᠳᠤ ᠬᠠᠶᠢᠯᠠᠷ ᠲᠤᠭᠤᠷᠢᠭ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠬᠦᠨ ᠬᠤᠰᠢᠭᠤ᠂ ᠬᠡᠬᠡᠨ ᠭᠤᠤᠯ ᠬᠤᠳᠠ᠂ ᠤᠷᠴᠤᠨ ᠬᠤᠰᠢᠭᠤ᠂ ᠠᠷᠤᠨ ᠬᠤᠰᠢᠭᠤ ᠵᠡᠷᠭᠡ ᠭᠠᠵᠠᠷ ᠤᠷᠤᠨ ᠤ ᠡᠧᠡᠩᠬᠢ ᠦᠨᠳᠦᠰᠦᠳᠡᠨ ᠤ ᠰᠤᠳᠤᠯᠬᠤ ᠬᠤᠷᠠᠯ ᠤᠨ ᠬᠡᠰᠢᠬᠦᠳ ᠪᠤᠯᠤᠨ ᠡᠧᠡᠩᠬᠢ ᠬᠡᠯᠡ ᠰᠤᠶᠤᠯ ᠳᠤ ᠲᠤᠷ᠎ᠠ ᠪᠠᠬ᠎ᠠ ᠲᠠᠢ 60 ᠭᠠᠷᠤᠢ ᠬᠦᠮᠦᠰ ᠤᠷᠤᠯᠴᠠᠪᠠ   ᠲᠤᠰ ᠤᠳᠠᠭᠠᠨ ᠤ ᠪᠤᠯᠪᠠᠰᠤᠷᠠᠯ ᠨᠢ ᠯᠠᠲ᠋ᠢᠨ ᠭᠠᠯᠢᠭ ᠢᠶᠠᠷ ᠡᠧᠡᠩᠬᠢ ᠬᠡᠯᠡᠨ ᠤ ᠠᠪᠢᠶ᠎ᠠ ᠶᠢ ᠲᠡᠮᠳᠡᠭᠯᠡᠬᠦ ᠲᠦᠰᠦᠯ᠂ ᠡᠧᠡᠩᠬᠢ ᠬᠡᠯᠡᠨ ᠤ ᠠᠪᠢᠶ᠎ᠠ ᠶᠢ ᠲᠡᠮᠳᠡᠭᠯᠡᠬᠦ ᠯᠠᠲ᠋ᠢᠨ ᠭᠠᠯᠢᠭ ᠵᠢᠴᠢ ᠪᠢᠴᠢᠬᠦ ᠠᠷᠭ᠎ᠠ᠂ ᠯᠠᠲ᠋ᠢᠨ ᠭᠠᠯᠢᠭ ᠢᠶᠠᠷ ᠲᠡᠮᠳᠡᠭᠯᠡᠬᠦ ᠪᠤᠳᠠᠳᠤ ᠪᠤᠯᠪᠠᠰᠤᠷᠠᠯ ᠵᠡᠷᠭᠡ ᠭᠤᠷᠪᠠᠨ ᠠᠭᠤᠯᠭ᠎ᠠ ᠪᠠᠷ ᠶᠠᠪᠤᠭᠳᠠᠵᠤ᠂ ᠥᠪᠦᠷ ᠮᠤᠩᠭᠤᠯ ᠤᠨ ᠡᠧᠡᠩᠬᠢ ᠦᠨᠳᠦᠰᠦᠳᠡᠨ ᠤ ᠰᠤᠳᠤᠯᠬᠤ ᠬᠤᠷᠠᠯ ᠤᠨ ᠳᠡᠳ᠋ ᠲᠠᠷᠤᠭ᠎ᠠ᠂ ᠬᠦᠯᠦᠨ ᠪᠦᠢᠷ ᠲᠡᠭᠡᠳᠦ ᠰᠤᠷᠭᠠᠭᠤᠯᠢ ᠶᠢᠨ ᠫᠷᠦᠹᠧᠰᠰᠤᠷ ᠰᠧᠷᠡᠨᠪᠠᠳᠤ ᠠᠴᠠ ᠬᠢᠴᠢᠶᠡᠯ ᠤᠷᠤᠵᠤ᠂ ᠡᠧᠡᠩᠬᠢ ᠠᠷᠠᠳ ᠤᠨ ᠦᠯᠢᠭᠡᠷ᠂ ᠠᠷᠠᠳ ᠤᠨ ᠳᠠᠭᠤᠤ ᠶᠢᠨ ᠦᠭᠡ ᠶᠢ ᠲᠡᠮᠳᠡᠭᠯᠡᠬᠦ ᠪᠢᠴᠢᠯᠭᠡ ᠶᠢᠨ ᠪᠤᠯᠪᠠᠰᠤᠷᠠᠯ ᠬᠢᠪᠡ᠃    ᠪᠠᠭᠰᠢ ᠠᠴᠠ ᠬᠢᠴᠢᠶᠡᠯᠯᠡᠭᠡ ᠳᠡᠭᠡᠨ ᠲᠡᠮᠳᠡᠭᠯᠡᠬᠦ ᠳᠤ ᠲᠦᠬᠦᠮ᠂ ᠴᠡᠭᠡᠵᠢᠯᠡᠬᠦ ᠳᠤ ᠬᠢᠯᠪᠠᠷ ᠠᠷᠭ᠎ᠠ ᠶᠢ ᠬᠡᠷᠡᠭᠯᠡᠭᠰᠡᠨ ᠠᠴᠠ ᠤᠬᠤᠷᠬᠠᠨ ᠨᠢᠭᠡ ᠡᠳᠦᠷ ᠤᠨ ᠪᠤᠯᠪᠠᠰᠤᠷᠠᠯ ᠢᠶᠠᠷ ᠲᠡᠮᠵᠢᠵᠤ ᠯᠠᠲ᠋ᠢᠨ ᠭᠠᠯᠢᠭ ᠢᠶᠠᠷ ᠡᠧᠡᠩᠬᠢ ᠬᠡᠯᠡᠨ ᠤ ᠠᠪᠢᠶ᠎ᠠ ᠶᠢ ᠲᠡᠮᠳᠡᠭᠯᠡᠬᠦ ᠠᠷᠭ᠎ᠠ ᠶᠢ ᠡᠵᠡᠮᠰᠢᠵᠤ ᠴᠢᠳᠠᠭᠰᠠᠨ ᠪᠦᠭᠡᠳ ᠡᠳᠦᠷ ᠲᠤᠳᠤᠮ ᠤᠨ ᠬᠡᠯᠡ ᠭᠡᠯᠡᠯᠭᠡ ᠶᠢ ᠵᠦᠪ ᠤᠨᠤᠪᠴᠢᠳᠠᠢ ᠲᠡᠮᠳᠡᠭᠯᠡᠬᠦ ᠱᠠᠭᠠᠷᠳᠠᠯᠭ᠎ᠠ ᠶᠢ ᠬᠠᠩᠭᠠᠵᠤ ᠴᠢᠳᠠᠪᠠ ᠬᠡᠵᠤ ᠪᠤᠯᠪᠠᠰᠤᠷᠠᠯ ᠳᠤ ᠤᠷᠤᠯᠴᠠᠭᠰᠡᠳ ᠶᠠᠷᠢᠵᠤ ᠪᠠᠶᠢᠯ᠎ᠠ᠃ᠵᠣᠬᠢᠶᠠᠭᠴᠢ᠄ ᠴᠡᠯᠡᠭᠡᠷᠨᠠᠶᠢᠷᠠᠭᠤᠯᠤᠭᠴᠢ᠄ ᠴᠡᠴᠡᠭ
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号