ᠮᠣᠩᠭᠤᠯ ᠬᠡᠯᠡ ᠳᠤ ᠪᠠᠨ ᠣᠮᠣᠭᠰᠢᠵᠤ ᠶᠠᠪᠤᠭ᠎ᠠ ᠭᠡᠭᠡᠨ ᠭᠤᠣᠯ ᠤᠨ ᠮᠣᠩᠭᠤᠯᠴᠣᠳ
ᠨᠡᠶᠢᠲᠡᠯᠡᠭᠰᠡᠨ ᠴᠠᠭ᠄
2020/6/8
   2014 ᠣᠨ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠵᠢᠯ ᠪᠦᠷᠢ ᠶᠢᠨ 5 ᠰᠠᠷ᠎ᠠ ᠶᠢᠨ 31 ᠤ ᠡᠳᠦᠷ ᠢ ︽ᠮᠣᠩᠭᠤᠯ ᠬᠡᠯᠡᠨ ᠤ ᠡᠳᠦᠷ︾ ᠢᠶᠠᠷ ᠳᠣᠭᠳᠠᠭᠠᠪᠠ᠃ ᠡᠨᠡ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠳᠡᠭᠡᠳᠣ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢᠨ ᠢᠯᠡᠷᠡᠯ ᠪᠣᠯᠬᠤ ᠮᠦᠷᠲᠡᠭᠡᠨ ᠪᠦᠬᠦ ᠣᠷᠣᠨ ᠤ ᠮᠣᠩᠭᠤᠯ ᠦᠭᠡ ᠭᠡᠯᠡ ᠦᠰᠦᠭ ᠪᠢᠴᠢᠭ ᠢᠶᠠᠨ ᠰᠣᠷᠴᠤ᠂ ᠬᠡᠷᠡᠭᠯᠡᠵᠦ᠂ ᠰᠣᠳᠣᠯᠵᠣ᠂ ᠬᠦᠭᠵᠢᠬᠦᠯᠵᠦ ᠪᠠᠶᠢᠭ᠎ᠠ ᠬᠦᠮᠦᠨ ᠪᠦᠬᠦᠨ ᠳᠤ ᠠᠪᠴᠣ ᠬᠡᠯᠡᠪᠡᠯ ᠮᠠᠰᠢ ᠶᠡᠭᠡ ᠵᠣᠷᠢᠭᠵᠢᠭᠤᠯᠣᠯ ᠪᠠ ᠪᠠᠶᠠᠷᠳᠣ ᠶᠠᠪᠣᠳᠠᠯ ᠪᠣᠯᠬᠤ ᠶᠣᠮ᠃
   ᠪᠠᠶᠠᠯᠢᠭ ᠰᠠᠶᠢᠬᠠᠨ ᠮᠣᠩᠭᠤᠯ ᠬᠡᠯᠡᠨ ᠤ ᠪᠠᠨ ᠪᠡᠶᠡᠷ ᠤᠨ ᠡᠳᠦᠷ ᠢ ᠣᠭᠳᠣᠬᠤ ᠶᠢᠨ ᠲᠣᠯᠠᠳᠠ 2020 ᠣᠨ ᠤ 5 ᠰᠠᠷ᠎ᠠ ᠶᠢᠨ 29 ᠤ ᠡᠳᠦᠷ ᠭᠡᠭᠡᠨ ᠭᠤᠣᠯ ᠬᠤᠳᠠ ᠶᠢᠨ ᠦᠨᠳᠦᠰᠦᠲᠡᠨ ᠤ ᠭᠡᠷᠡᠭ ᠡᠷᠬᠢᠯᠡᠬᠦ ᠵᠦᠪᠯᠡᠯ ᠠᠴᠠ ︽ᠮᠣᠩᠭᠤᠯ ᠬᠡᠯᠡᠨ ᠤ ᠡᠳᠦᠷ︾ ᠤᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠵᠣ᠂ ᠭᠡᠭᠡᠨ ᠭᠤᠣᠯ ᠬᠤᠲᠠ ᠳᠤ ᠠᠵᠢᠯᠯᠠᠵᠣ ᠠᠮᠢᠳᠣᠷᠠᠵᠤ ᠪᠠᠶᠢᠭ᠎ᠠ ᠮᠣᠩᠭᠤᠯᠴᠣᠳ ᠰᠠᠭᠤᠳᠠᠯ ᠤᠨ ᠬᠤᠷᠠᠯ ᠳᠤ ᠣᠷᠣᠯᠴᠠᠪᠠ᠃ ᠰᠠᠭᠤᠳᠠᠯ ᠤᠨ ᠬᠤᠷᠠᠯ ᠳᠤ ᠪᠦᠬᠦ ᠬᠤᠲᠠ ᠶᠢᠨ ᠮᠣᠩᠭᠤᠯ ᠬᠢᠳᠡᠳ ᠬᠤᠣᠰ ᠬᠡᠯᠡᠨ ᠳᠤ ᠨᠡᠪᠲᠡᠷᠡᠭᠰᠡᠨ ᠠᠯᠪᠠᠳᠠᠨ 15 ᠬᠦᠮᠦᠨ ᠢ ᠨᠡᠶᠢᠭᠡᠮ ᠤᠨ ᠦᠩᠭᠡᠨ ᠬᠡᠷᠡᠭᠯᠡᠬᠡᠨ ᠤ ᠮᠣᠩᠭᠤᠯ ᠬᠢᠳᠡᠳ ᠦᠰᠦᠭ ᠢ ᠵᠡᠷᠭᠡᠪᠡᠷ ᠬᠡᠷᠡᠭᠯᠡᠬᠦ ᠠᠵᠢᠯ ᠤᠨ ᠠᠯᠪᠠᠨ ᠵᠢᠷᠣᠮ ᠤᠨ ᠬᠢᠨᠠᠭᠴᠢ ᠪᠠᠷ ᠣᠷᠢᠪᠠ᠃
   ᠭᠡᠭᠡᠨ ᠭᠤᠣᠯ ᠬᠤᠲᠠ ᠶᠢᠨ ᠦᠨᠳᠦᠰᠦᠲᠡᠨ ᠤ ᠭᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠵᠣᠣ ᠯᠸᠢ ᠶᠠᠷᠢᠶ᠎ᠠ ᠲᠠᠯᠪᠢᠵᠣ ᠬᠤᠷᠠᠯ ᠳᠤ ᠰᠠᠭᠠᠳᠠᠭᠰᠠᠨ ᠪᠦᠬᠦ ᠬᠦᠮᠦᠰ ᠤᠨ ᠭᠡᠭᠡᠨ ᠭᠤᠣᠯ ᠬᠤᠳᠠ ᠶᠢᠨ ᠮᠣᠩᠭᠤᠯ ᠬᠡᠯᠡᠨ ᠤ ᠠᠵᠢᠯ ᠳᠤ ᠳᠡᠮᠵᠢᠯᠭᠡ ᠦᠵᠡᠬᠦᠯᠵᠦ ᠪᠠᠶᠢᠭ᠎ᠠ ᠳᠤ ᠪᠠᠶᠠᠷ ᠲᠠᠯᠠᠷᠬᠠᠯ ᠤᠨ ᠰᠡᠳᠬᠢᠯ ᠢᠶᠠᠨ ᠢᠯᠡᠳᠭᠡᠬᠦ ᠶᠢᠨ ᠬᠠᠮᠳᠣ᠂ ᠣᠷᠢᠨ ᠡᠯᠰᠡᠭᠰᠡᠨ ᠨᠡᠶᠢᠭᠡᠮ ᠤᠨ ᠦᠩᠭᠡᠨ ᠬᠡᠷᠡᠭᠯᠡᠬᠡᠨ ᠤ ᠮᠣᠩᠭᠤᠯ ᠬᠢᠳᠡᠳ ᠦᠰᠦᠭ ᠢ ᠵᠡᠷᠭᠡᠪᠡᠷ ᠬᠡᠷᠡᠭᠯᠡᠬᠦ ᠠᠵᠢᠯ ᠤᠨ ᠠᠯᠪᠠᠨ ᠵᠢᠷᠣᠮ ᠤᠨ ᠬᠢᠨᠠᠭᠴᠢ ᠨᠠᠷ ᠲᠤ ᠠᠵᠢᠯ ᠤᠨ ᠬᠦᠰᠡᠯ ᠨᠠᠶᠢᠳᠠᠯᠭ᠎ᠠ ᠲᠠᠯᠪᠢᠬᠰᠠᠨ ᠪᠠᠶᠢᠨ᠎ᠠ᠃
   ᠭᠡᠭᠡᠨ ᠭᠤᠣᠯ ᠬᠤᠲᠠ ᠶᠢᠨ ᠦᠨᠳᠦᠰᠦᠲᠡᠨ ᠤ ᠭᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢ ᠮᠧᠩ ᠬᠠᠢ ᠮᠧᠢ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠬᠠᠮᠳᠣᠪᠡᠷ ᠬᠡᠷᠡᠭᠯᠡᠬᠦ ᠬᠠᠮᠢᠶᠠᠷᠤᠯᠳᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠲᠦᠷᠢᠮ ᠲᠣᠭᠳᠠᠭᠠᠯ ᠤᠨ ᠳᠣᠭᠤᠷᠢᠨ ᠳᠤ ᠬᠡᠷᠬᠢᠨ ᠬᠢᠨᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠳᠣᠷ ᠪᠡᠶᠡᠯᠡᠬᠦᠯᠬᠦ ᠳᠣᠬᠠᠢ ᠲᠠᠶᠢᠯᠪᠣᠷᠢ ᠬᠢᠪᠡ᠃
     ︽ᠳᠣᠮᠳᠠᠳᠣ ᠣᠯᠣᠰ ᠤᠨ ᠬᠦᠢᠲᠡᠨ ᠳᠦᠢᠯ︾ ᠬᠡᠮᠡᠭᠳᠡᠭᠰᠡᠨ ᠭᠡᠭᠡᠨ ᠭᠤᠣᠯ ᠬᠤᠲᠠ ᠪᠣᠯ ᠶᠡᠭᠡ ᠬᠢᠩᠭᠠᠨ ᠳᠠᠪᠠᠭᠠᠨ ᠤ ᠣᠮᠠᠷᠠᠳᠣ ᠪᠡᠯ ᠳᠤ ᠪᠠᠶᠢᠷᠢᠯᠠᠵᠦ ᠪᠠᠶᠢᠳᠠᠭ᠃ 2019 ᠤᠨ ᠤ ᠪᠦᠷᠢᠳᠭᠡᠯ ᠢ ᠦᠨᠳᠦᠰᠦᠯᠡᠪᠡᠯ᠂ ᠭᠡᠭᠡᠨ‌ᠭᠤᠣᠯ ᠬᠤᠲᠠ ᠳᠤ ᠪᠠᠶᠢᠭ᠎ᠠ ᠮᠣᠩᠭᠤᠯ ᠦᠨᠳᠦᠰᠦᠲᠡᠨ 8369 ᠬᠦᠮᠦᠨ ᠪᠠᠶᠢᠵᠤ᠂ ᠪᠦᠬᠦ ᠬᠤᠳᠠ ᠶᠢᠨ ᠬᠦᠮᠦᠨ‌ᠠᠮᠠ ᠶᠢᠨ ᠶᠡᠷᠦᠩᠬᠡᠢ ᠳᠣᠭᠠᠨ ᠤ 6.4 % ᠶᠢ ᠯᠡ ᠡᠵᠡᠯᠡᠨ᠎ᠡ᠃ ᠡᠭᠦᠨ ᠳᠤ ᠮᠣᠩᠭᠤᠯ ᠬᠡᠯᠡ ᠪᠠᠨ ᠶᠠᠷᠢᠵᠦ ᠴᠢᠳᠠᠬᠤ ᠮᠣᠩᠭᠤᠯᠴᠤᠳ ᠤᠨ ᠳᠤᠭ᠎ᠠ ᠮᠠᠰᠢ ᠴᠦᠭᠡᠨ ᠪᠠᠶᠢᠳᠠᠭ᠃ ᠭᠡᠭᠡᠨ ᠭᠤᠣᠯ ᠬᠤᠳᠠ ᠶᠢᠨ ᠦᠨᠳᠦᠰᠦᠲᠡᠨ ᠤ ᠭᠡᠷᠡᠭ ᠡᠷᠬᠢᠯᠡᠬᠦ ᠵᠦᠪᠯᠡᠯ ᠠᠴᠠ ᠭᠡᠭᠡᠨ ᠭᠤᠣᠯ ᠬᠤᠲᠠ ᠳᠤ ᠠᠵᠢᠯᠯᠠᠵᠤ ᠠᠮᠢᠳᠣᠷᠠᠵᠤ ᠪᠠᠶᠢᠭ᠎ᠠ ᠮᠣᠩᠭᠤᠯᠴᠣᠳ ᠢ ᠮᠣᠩᠭᠤᠯ ᠢᠶᠠᠷ ᠢᠶᠠᠨ ᠶᠠᠷᠢᠬᠤ ᠶᠢ ᠣᠷᠢᠶᠠᠯᠠᠵᠤ᠂ ᠳᠣᠰᠬᠠᠢ ᠣᠬᠤᠷ ᠹᠢᠯᠢᠮ ᠦᠢᠯᠡᠳᠪᠡ᠃ ᠭᠡᠭᠡᠨ ᠭᠤᠣᠯ ᠬᠤᠲᠠ ᠶᠢᠨ ᠮᠣᠩᠭᠤᠯ ᠬᠡᠯᠡᠨ ᠤ ᠠᠵᠢᠯ ᠢ ᠬᠡᠷᠬᠢᠨ ᠰᠠᠶᠢᠳᠣᠷ ᠦᠷᠨᠢᠬᠦᠯᠬᠦ ᠳᠣᠬᠠᠢ ᠰᠠᠭᠤᠳᠠᠯ ᠤᠨ ᠬᠤᠷᠠᠯ ᠤᠨ ᠴᠢᠯᠦᠭᠡᠳᠦ ᠶᠠᠷᠢᠯᠴᠠᠭ᠎ᠠ ᠳᠤ ᠪᠦᠬᠦ ᠬᠦᠮᠦᠰ ᠢᠳᠡᠪᠭᠢᠲᠡᠢ ᠣᠷᠣᠯᠴᠠᠵᠤ᠂ ᠪᠣᠳᠠᠳᠠᠢ ᠳᠤ ᠵᠣᠬᠢᠴᠠᠬᠤ ᠰᠠᠨᠠᠯ ᠵᠦᠪᠯᠡᠯᠭᠡ ᠳᠣᠷᠠᠳᠪᠠ᠃ ᠭᠡᠭᠡᠨ ᠭᠤᠣᠯ ᠬᠤᠲᠠ ᠳᠤ ᠠᠵᠢᠯᠯᠠᠵᠤ ᠠᠮᠢᠳᠣᠷᠠᠵᠤ ᠪᠠᠶᠢᠭ᠎ᠠ ᠮᠣᠩᠭᠤᠯᠴᠣᠳ ᠬᠡᠯᠡ ᠰᠣᠶᠣᠯ ᠢᠶᠠᠨ ᠡᠷᠬᠢᠮᠯᠡᠨ‌‍ᠲ᠋ᠡᠭᠡᠳᠦᠯᠡᠵᠦ᠂ ᠭᠡᠭᠡᠨ ᠭᠤᠣᠯ ᠤᠨ ᠬᠦᠭᠵᠢᠯᠲᠡ ᠳᠤ ᠬᠤᠪᠢ ᠨᠡᠮᠡᠷᠢ ᠪᠠᠨ ᠦᠵᠡᠬᠦᠯᠵᠦ᠂ ᠭᠡᠭᠡᠨ ᠭᠤᠣᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠬᠠᠭᠤᠳᠠᠰᠣᠨ ᠳᠤ ᠮᠦᠷ ᠢᠶᠠᠨ ᠳᠣᠷᠠᠶᠢᠯᠭᠠᠵᠤ ᠪᠠᠶᠢᠨ᠎ᠠ᠃
ᠭᠡᠭᠡᠨ ᠭᠤᠤᠯ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠰᠠᠷᠠᠨᠴᠢᠮᠡᠭ ᠮᠡᠳᠡᠭᠡᠯᠡᠪᠡ
 
ᠢᠷᠡᠯᠲᠡ᠄ ᠲᠥᠪ ᠲᠧᠯᠸᠢᠰ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号