ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠳᠦᠷᠢᠮ ︵ᠬᠤᠶᠠᠷ︶ | ᠳᠥᠷᠪᠡᠳᠦᠭᠡᠷ ᠪᠦᠯᠦᠭ ᠤᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ | ᠭᠤᠴᠢᠨ ᠨᠠᠢᠮᠠᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠮᠡᠳᠡᠭᠡ ᠵᠠᠩᠭᠢ ᠶᠢ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ | ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠨᠡᠢᠭᠡᠮ ᠳᠤ ᠨᠡᠶᠢᠲᠡᠯᠡᠨ᠎ᠡ᠂ ᠶᠠᠮᠠᠷᠪᠠ ᠨᠢᠭᠡᠴᠢ ᠪᠠ ᠬᠤᠪᠢ | ᠬᠥᠮᠥᠨ ᠳᠤᠷ᠎ᠠ ᠪᠠᠷ ᠨᠡᠶᠢᠲᠡᠯᠡᠵᠦ ᠪᠣᠯᠬᠤ ᠥᠬᠡᠶ᠃ | ᠭᠤᠴᠢ ᠶᠢᠰᠦᠳᠦᠭᠡᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠥᠨ ᠣᠢ ᠰᠢᠭᠤᠶ ᠲᠠᠯ᠎ᠠ ᠨᠤᠲᠤᠭ ᠤᠨ ᠭᠠᠯ | ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠰᠠᠭᠤᠭ᠎ᠠ ᠭᠠᠵᠠᠷ ᠤᠨ ᠢᠶᠠᠨ ᠠᠷᠠᠳ ᠤᠨ ᠵᠠᠰᠠᠭ ᠤᠨ ᠣᠷᠳᠣᠨ ᠤ ᠣᠢ | ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ ᠲᠡᠷᠡ ᠳᠠᠷᠤᠶ ᠳᠤᠨᠢ ᠮᠡᠳᠡᠭᠦᠯᠬᠦ | ᠬᠡᠷᠡᠭᠲᠡᠶ᠃ | ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠵᠢᠭᠠᠨ ᠵᠢᠯᠤᠭᠤᠳᠬᠤ ᠪᠠᠶᠢᠭᠤᠯᠤᠮᠵᠢ ᠠᠴᠠ ᠭᠠᠯ ᠲᠦᠢᠮᠡᠷ ᠤᠨ ᠮᠡᠳᠡᠭᠡᠯᠡᠯᠲᠡ ᠶᠢ ᠣᠯᠣᠭᠰᠠᠨ ᠤ ᠳᠠᠷᠠᠭ᠎ᠠ | ᠂ ᠲᠡᠷᠡ ᠳᠠᠷᠤᠢ ᠳᠤᠨᠢ ᠪᠠᠶᠢᠴᠠᠭᠠᠨ ᠮᠠᠭᠠᠳᠯᠠᠬᠤ ᠭᠡᠷᠡᠭᠲᠡᠢ᠂ ᠲᠣᠬᠢᠷᠠᠯᠴᠠᠭᠰᠠᠨ ᠨᠦᠬᠦᠪᠦᠷᠢᠯᠡᠬᠦ ᠠᠷᠭ᠎ᠠ ᠠᠪᠬᠤ ᠶᠢᠨ | ᠬᠠᠮᠳᠤ ᠳᠤᠭᠲᠠᠭᠠᠯ ᠶᠣᠰᠤᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ᠃ | ᠵᠠᠰᠠᠭ ᠵᠠᠬᠢᠷᠭᠠᠨ ᠤ ᠣᠷᠣᠨ ᠪᠦᠰᠡ ᠠᠯᠤᠰᠯᠠᠭᠰᠠᠨ ᠡᠰᠡᠭᠦᠯ᠎ᠡ ᠤᠯᠤᠰ ᠤᠨ ᠦᠮᠴᠢᠯᠡᠯᠳᠦ ᠣᠢ ᠰᠢᠭᠤᠢ ᠮᠠᠯ | ᠠᠵᠦ ᠠᠬᠤᠢ ᠡᠵᠡᠩᠨᠡᠭᠰᠡᠨ ᠨᠢᠭᠡᠴᠢ ᠶᠢᠨ ᠠᠭᠤᠯᠵᠠᠭᠤᠷ ᠭᠠᠵᠠᠷ ᠲᠤ ᠭᠠᠯ ᠲᠦᠢᠮᠡᠷ ᠭᠠᠷᠤᠭᠰᠠᠨ ᠪᠠᠶᠢᠪᠠᠯ᠂ ᠬᠡᠨ | ᠤᠷᠢᠳᠠᠪᠡᠷ ᠢᠯᠡᠷᠡᠭᠦᠯᠦᠭᠰᠡᠨ ᠪᠣᠯ᠂ ᠬᠡᠨ ᠤᠷᠢᠳᠠᠪᠡᠷ ᠮᠡᠳᠡᠭᠡᠯᠡᠬᠦ᠂ ᠬᠡᠨ ᠤᠷᠢᠳᠠᠪᠡᠷ ᠠᠪᠤᠷᠠᠨ ᠲᠤᠰᠠᠯᠠᠬᠤ ᠵᠠᠷᠴᠢᠮ ᠢ | ᠬᠡᠷᠡᠭᠵᠢᠭᠦᠯᠵᠦ᠂ ᠵᠠᠰᠠᠭ ᠵᠠᠬᠢᠷᠭᠠᠨ ᠤ ᠣᠷᠣᠨ ᠪᠦᠰᠡ ᠡᠰᠡᠭᠦᠯ᠎ᠡ ᠡᠵᠡᠩᠨᠡᠯᠲᠡ ᠶᠢᠨ ᠭᠦᠷᠢᠶ᠎ᠡ ᠬᠡᠪᠴᠢᠶᠡᠨ ᠳᠤ | ᠬᠢᠵᠠᠭᠠᠷᠯᠠᠭᠳᠠᠬᠤ ᠦᠭᠡᠢ᠃ | ᠳᠦᠴᠢᠳᠦᠭᠡᠷ ᠵᠣᠷᠪᠣᠰ ᠲᠤᠤᠷ᠎ᠠ ᠵᠢᠭᠰᠠᠭᠠᠭᠰᠠᠨ ᠮᠡᠳᠦ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ | ᠭᠠᠷᠪᠠᠯ᠂ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠵᠢᠭᠠᠨ ᠵᠢᠯᠤᠭᠤᠳᠬᠤ ᠪᠠᠶᠢᠭᠤᠯᠤᠮᠵᠢ ᠠᠴᠠ ᠳᠠᠷᠤᠢ ᠳᠤᠨᠢ ᠱᠠᠲᠤ ᠳᠠᠷᠠᠭᠠᠯᠠᠨ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠭᠠᠨ | ᠵᠢᠯᠤᠭᠤᠳᠬᠤ ᠪᠠᠶᠢᠭᠤᠯᠤᠮᠵᠢ ᠳᠤ ᠮᠡᠳᠡᠭᠦᠯᠦᠨ᠎ᠡ᠄ | ︵ᠨᠢᠭᠡ︶ ᠬᠦᠨᠳᠦ ᠶᠡᠭᠡ᠂ ᠣᠨᠴᠡ ᠬᠦᠨᠳᠦ ᠶᠡᠭᠡ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ︔ | ︵ᠬᠤᠶᠠᠷ︶ ᠨᠢᠭᠡ ᠬᠦᠮᠦᠨ ᠠᠴᠠ ᠲᠡᠭᠡᠭᠡᠰᠢ ᠠᠳᠡᠭᠳᠡᠭᠰᠡᠨ ᠪᠤᠶᠤ ᠬᠦᠨᠳᠦ ᠰᠢᠷᠬᠠᠳᠤᠭᠰᠠᠤᠨ ᠭᠠᠷᠤᠭᠰᠠᠨ ᠣᠢ | ᠰᠢᠭᠤᠢ ᠲᠠᠯ᠎ᠠ ᠨᠤᠲᠤᠭ ᠤᠨ ᠭᠠᠯ ᠲᠦᠢᠮᠡᠷ︔ | ︵ᠭᠤᠷᠪᠠ︶ ᠰᠠᠭᠤᠭᠠᠯᠢ ᠠᠷᠠᠳ ᠤᠨ ᠲᠣᠭᠤᠷᠢᠭ᠂ ᠭᠤᠤᠯᠳᠠᠯᠭᠠᠳᠤ ᠲᠦᠭᠦᠭᠡᠷᠦᠮᠵᠢ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠣᠢ ᠰᠢᠭᠤᠢ ᠶᠢᠨ ᠴᠡᠴᠡᠷᠯᠢᠭ᠂ ᠵᠢᠭᠤᠯᠴᠢᠯᠠᠯ ᠤᠨ ᠣᠷᠣᠨ ᠵᠡᠷᠭᠡ ᠳᠤ ᠰᠦᠷᠳᠡᠭᠦᠯᠦᠯ | ᠪᠣᠯᠤᠭᠰᠠᠨ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ︔ | ︵ᠳᠦᠷᠪᠡ︶ ᠤᠯᠤᠰ ᠤᠨ ᠬᠢᠯᠢ ᠶᠢᠨ ᠤᠶᠢᠷᠠᠯᠴᠠᠭ᠎ᠠ ᠡᠭᠦᠰᠦᠭᠰᠡᠨ ᠣᠢ ᠰᠢᠭᠤᠢ ᠲᠠᠯ᠎ᠠ ᠨᠤᠲᠤᠭ ᠤᠨ ᠭᠠᠯ | ᠲᠦᠢᠮᠡᠷ ︔ | ︵ᠲᠠᠪᠤ︶ ᠦᠪᠡᠷᠳᠡᠭᠡᠨ ᠵᠠᠰᠠᠬᠤ ᠣᠷᠣᠨ ᠲᠠᠢ ᠵᠠᠭᠠᠭᠯᠠᠭᠰᠠᠨ ᠭᠠᠵᠠᠷ ᠣᠷᠣᠨ ᠳᠤ ᠡᠭᠦᠰᠦᠭᠰᠡᠨ ᠲᠦᠭᠰᠢᠭᠦᠷᠢᠲᠦ | ᠴᠢᠨᠠᠷ ᠢᠶᠠᠷ ᠶᠡᠭᠡ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ︔ | ︵ᠵᠢᠷᠭᠤᠭ᠎ᠠ︶ ᠪᠠᠶᠢᠭᠠᠯᠢᠯᠢᠭ ᠰᠢᠭᠤᠶᠢᠳᠤ ᠣᠷᠣᠨ ᠳᠤ ᠡᠭᠦᠰᠦᠭᠰᠡᠨ ᠣᠢ ᠰᠢᠭᠤᠢ ᠶᠢᠨ ᠭᠠᠯ ᠲᠦᠢᠮᠡᠷ︔ | ︵ᠲᠤᠯᠤᠭ᠎ᠠ︶ ᠠᠷᠪᠠᠨ ᠬᠤᠶᠠᠷ ᠴᠠᠭ ᠤᠨ ᠳᠣᠳᠤᠷ᠎ᠠ ᠢᠯᠡ ᠭᠠᠯ ᠢ ᠤᠨᠲᠠᠷᠠᠭᠠᠵᠤ ᠳᠡᠶᠢᠯᠦᠭᠡ ᠦᠭᠡᠢ ᠣᠢ | ᠰᠢᠭᠤᠢ ᠲᠠᠯ᠎ᠠ ᠨᠤᠲᠤᠭ ᠤᠨ ᠭᠠᠯ ᠲᠦᠢᠮᠡᠷ︔ | ︵ᠨᠠᠢᠮᠠ︶ ᠤᠯᠤᠰ ᠪᠠ ᠦᠪᠡᠷᠲᠡᠭᠡᠨ ᠵᠠᠰᠠᠬᠤ ᠣᠷᠣᠨ ᠠᠴᠠ ᠲᠤᠰᠠᠯᠠᠨ ᠠᠪᠤᠷᠠᠬᠤ ᠴᠢᠬᠤᠯᠠᠲᠠᠢ ᠣᠢ ᠰᠢᠭᠤᠢ | ᠲᠠᠯ᠎ᠠ ᠨᠤᠲᠤᠭ ᠤᠨ ᠭᠠᠯ ᠲᠦᠢᠮᠡᠷ︔ | ︵ᠶᠢᠰᠦ︶ ᠪᠣᠰᠤᠳ ᠮᠡᠳᠡᠭᠡᠯᠡᠬᠦ ᠴᠢᠬᠤᠯᠠᠲᠠᠢ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ︔ | ᠲᠦᠴᠢᠨ ᠨᠢᠭᠡᠳᠦᠭᠡᠷ ᠵᠣᠷᠪᠤᠰ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠭᠠᠷᠪᠠᠯ᠂ ᠬᠤᠰᠢᠭᠤ | ᠰᠢᠶᠠᠨ ᠤ ᠲᠡᠰ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠵᠢᠯᠤᠭᠤᠳᠬᠤ ᠪᠠᠶᠢᠭᠤᠯᠤᠮᠵᠢ ᠠᠴᠠ ᠳᠤᠭᠳᠠᠭᠠᠯ ᠶᠣᠰᠤᠭᠠᠷ ᠳᠠᠷᠤᠢ ᠳᠤᠨᠢ ᠣᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠡᠬᠢᠯᠡᠭᠦᠯᠬᠦ ᠬᠡᠷᠡᠭᠲᠡᠢ᠃ | ᠣᠢ ᠰᠢᠭᠤᠢ ᠲᠠᠯ᠎ᠠ ᠨᠤᠲᠤᠭ ᠤᠨ ᠭᠠᠯ ᠲ᠊/ᠦ᠋ᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ | ᠡᠬᠢᠯᠡᠭᠦᠯᠦᠭᠰᠡᠨ ᠤ ᠳᠠᠷᠠᠭ᠎ᠠ᠂ ᠬᠤᠯᠪᠤᠭᠳᠠᠯ ᠪᠦᠬᠦᠢ ᠭᠠᠯ ᠤᠨᠲᠠᠷᠠᠭᠠᠬᠤ ᠵᠢᠯᠤᠭᠤᠳᠬᠤ ᠪᠠᠶᠢᠭᠤᠯᠤᠮᠵᠢ ᠠᠴᠠ ᠭᠠᠯ | ᠲᠦᠢᠮᠡᠷ ᠠᠴᠠ ᠠᠪᠤᠷᠠᠬᠤ ᠲᠦᠰᠦᠯ ᠢ ᠵᠦᠢ ᠵᠣᠬᠢᠰᠲᠠᠢ ᠳᠤᠭᠲᠠᠭᠠᠵᠤ᠂ ᠭᠠᠯ ᠲᠦᠢᠮᠡᠷ ᠠᠴᠠ ᠠᠪᠤᠷᠠᠬᠤ ᠬᠦᠷᠢᠶ᠎ᠡ | ᠬᠡᠪᠴᠢᠶ᠎ᠡ ᠪᠠᠨ ᠬᠤᠪᠢᠶᠠᠷᠢᠯᠠᠵᠤ᠂ ᠭᠠᠯ ᠲᠦᠢᠮᠡᠷ ᠠᠴᠠ ᠠᠪᠤᠷᠠᠬᠤ ᠬᠠᠷᠢᠭᠤᠴᠠᠯᠭᠠᠲᠠᠨ ᠢᠶᠠᠨ ᠳᠣᠭᠲᠠᠭᠠᠵᠤ᠂ | ᠬᠠᠮᠳᠤ ᠳᠤᠨᠢ ᠵᠢᠭᠠᠨ ᠲᠤᠭᠲᠠᠭᠠᠭᠰᠠᠨ ᠬᠠᠷᠢᠭᠤᠴᠠᠯᠭᠠᠲᠡᠨ ᠠᠴᠠ ᠭᠠᠯ ᠤᠨᠲᠠᠷᠠᠭᠠᠬᠤ ᠲᠤᠬᠠᠢ ᠶᠢᠨ ᠲᠠᠯᠠᠪᠤᠷ ᠲᠤ | ᠬᠦᠷᠴᠦ ᠭᠠᠯ ᠤᠨᠲᠠᠷᠠᠭᠠᠬᠤ ᠶᠢ ᠵᠢᠭᠠᠨ ᠵᠢᠯᠤᠭᠤᠳᠬᠤ ᠬᠡᠷᠡᠭᠲᠡᠢ᠃ | ᠲᠦᠴᠢᠨ ᠬᠤᠶᠡᠳᠤᠭᠠᠷ ᠵᠣᠷᠪᠤᠰ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠠᠪᠤᠷᠠᠯᠳᠠ ᠶᠢ | ᠰᠠᠭᠤᠭ᠎ᠠ ᠭᠠᠵᠠᠷ ᠤᠨ ᠵᠠᠰᠠᠭ ᠤᠨ ᠣᠷᠳᠤᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠤᠭᠤᠳᠬᠤ | ᠪᠠᠶᠢᠭᠤᠯᠤᠮᠵᠢ ᠠᠴᠠ ᠨᠢᠭᠡᠳᠦᠯᠲᠠᠢ ᠵᠤᠬᠢᠶᠠᠨ ᠪᠠᠶᠢᠭᠤᠯᠬᠤ ᠪᠠ ᠵᠢᠭᠠᠨ ᠵᠢᠯᠤᠭᠤᠳᠤᠨ᠎ᠠ᠃ ᠭᠠᠯ ᠤᠨᠲᠠᠷᠠᠭᠠᠬᠤ | ᠵᠠᠷᠯᠢᠭ ᠢ ᠣᠯᠤᠭᠰᠠᠨ ᠨᠢᠭᠡᠴᠢ ᠪᠠ ᠬᠤᠪᠢ ᠬᠦᠮᠦᠨ ᠲᠣᠭᠳᠠᠭᠰᠠ ᠴᠠᠭ ᠬᠤᠭᠤᠴᠠᠭ᠎ᠠ᠂ ᠭᠠᠵᠠᠷ ᠣᠷᠣᠨ ᠪᠠ | ᠱᠠᠭᠠᠷᠳᠠᠯᠭ᠎ᠠ ᠶᠣᠰᠤᠭᠠᠷ ᠭᠠᠯ ᠤᠨᠲᠠᠷᠠᠭᠠᠬᠤ ᠳᠤ ᠣᠷᠤᠯᠴᠠᠬᠤ ᠬᠡᠷᠡᠭᠲᠡᠢ᠂ ᠰᠢᠯᠲᠠᠭᠯᠠᠨ ᠲᠦᠯᠬᠢᠬᠦ ᠪᠠ ᠲᠡᠪᠴᠢᠵᠤ | ᠦᠯᠦ ᠪᠤᠯᠤᠨ᠎ᠠ᠃ | ᠲᠦᠴᠢᠨ ᠭᠤᠷᠪᠠᠳᠤᠭᠠᠷ ᠵᠣᠷᠪᠤᠰ ᠬᠤᠰᠢᠭᠤ ᠰᠢᠶᠠᠨ ᠤ ᠲᠡᠰ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠭᠠᠨ ᠵᠢᠯᠤᠭᠤᠳᠬᠤ ᠪᠠᠶᠢᠭᠤᠯᠤᠮᠵᠢ ᠠᠴᠠ ᠣᠢ | ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠨ ᠠᠪᠤᠷᠠᠬᠤ ᠬᠡᠷᠡᠭᠴᠡᠭᠡ ᠪᠠᠨ ᠦᠨᠳᠦᠰᠦᠯᠡᠵᠦ᠂ ᠭᠠᠯ | ᠤᠨᠲᠠᠷᠠᠭᠠᠬᠤ ᠡᠮᠦᠨ᠎ᠡ ᠹᠷᠣᠨᠲ ᠤᠨ ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠵᠤ᠂ ᠭᠠᠯ ᠤᠨᠲᠠᠷᠠᠭᠠᠬᠤ | ᠲᠤᠬᠠᠢ ᠶᠢᠨ ᠲᠠᠯᠠᠪᠠᠢ ᠶᠢᠨ ᠨᠢᠭᠡᠳᠦᠯᠲᠡᠢ ᠲᠤᠬᠢᠷᠠᠭᠤᠯᠤᠨ ᠵᠢᠯᠣᠭᠤᠳᠬᠤ ᠶᠢ ᠬᠠᠷᠢᠭᠤᠴᠠᠵᠤ ᠪᠣᠯᠤᠨ᠎ᠠ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠦᠨᠳᠦ ᠶᠡᠭᠡ᠂ ᠣᠨᠴᠠᠭᠠᠢ ᠬᠦᠨᠳᠦ ᠶᠡᠭᠡ ᠤᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠠᠴᠠ ᠠᠪᠤᠷᠠᠬᠤ ᠳᠤ᠂ ᠭᠠᠯ ᠲᠦᠢᠮᠡᠷ ᠭᠠᠷᠤᠭᠰᠠᠨ ᠭᠠᠵᠠᠷ ᠤᠨ ᠬᠠᠮᠲᠤ ᠶᠢᠨ ᠳᠡᠭᠡᠷ᠎ᠡ | ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠭᠠᠯ ᠤᠨᠲᠠᠷᠠᠭᠠᠬᠤ ᠡᠮᠦᠨ᠎ᠡ ᠹᠷᠣᠨᠲ ᠤᠨ ᠵᠢᠯᠣᠭᠤᠳᠬᠤ | ᠪᠠᠶᠢᠭᠤᠯᠤᠮᠵᠢ ᠶᠢ ᠪᠠᠢᠭᠤᠯᠤᠨ᠎ᠠ᠃ | ᠶᠡᠭᠡ ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠤᠯᠤᠰ ᠤᠨ ᠥᠮᠴᠢᠯᠡᠯᠳᠤ ᠰᠢᠭᠤᠶᠢᠲᠤ ᠣᠷᠣᠨ ᠤ ᠬᠦᠨᠳᠦ | ᠶᠡᠭᠡ᠂ ᠣᠨᠴᠠ ᠬᠦᠨᠳᠦ ᠶᠡᠭᠡ ᠤᠢ ᠰᠢᠭᠤᠢ ᠶᠢᠨ ᠭᠠᠯ ᠲᠦᠢᠮᠡᠷ ᠢ ᠤᠨᠲᠠᠷᠠᠭᠠᠬᠤ ᠳᠤ᠂ ᠥᠪᠥᠷ ᠮᠣᠩᠭᠤᠯ ᠤᠨ ᠶᠡᠭᠡ | ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯᠳᠤ ᠤᠢ ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠭᠠᠯ | ᠤᠨᠲᠠᠷᠠᠭᠠᠬᠤ ᠡᠮᠦᠨ᠎ᠡ ᠹᠷᠣᠨᠲ ᠤᠨ ᠵᠢᠯᠣᠭᠤᠳᠬᠤ ᠪᠠᠶᠢᠭᠤᠯᠤᠮᠵᠢ ᠶᠢ ᠵᠣᠬᠢᠶᠠᠨ ᠪᠠᠢᠭᠤᠯᠤᠨ᠎ᠠ᠃ | ᠲᠦᠴᠢᠨ ᠳᠥᠷᠪᠡᠳᠦᠭᠡᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠨ | ᠠᠪᠤᠷᠠᠬᠤ ᠳᠤ ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠲᠤᠰᠬᠠᠢ ᠡᠩᠨᠡᠭᠡ ᠪᠠᠷ ᠭᠤᠣᠯ ᠪᠣᠯᠭᠠᠨ᠂ | ᠬᠠᠭᠠᠰ ᠲᠤᠰᠬᠠᠢ ᠡᠩᠨᠡᠭᠡ ᠪᠠᠷ ᠬᠠᠪᠰᠤᠷᠤᠮᠵᠢ ᠪᠣᠯᠭᠠᠬᠤ ᠬᠡᠷᠡᠭᠲᠡᠢ᠃ ᠤᠢ ᠰᠢᠭᠤᠢ ᠲᠠᠯ᠎ᠠ ᠨᠤᠲᠤᠭ ᠤᠨ ᠭᠠᠯ | ᠲᠦᠢᠮᠡᠷ ᠢ ᠤᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠠᠴᠠ ᠤᠨᠲᠠᠷᠠᠭᠠᠬᠤ ᠳᠤ᠂ ᠪᠣᠯᠪᠠᠰᠤᠷᠠᠯ ᠳᠤ | ᠣᠷᠣᠯᠴᠠᠭᠰᠠᠨ ᠮᠦᠷᠲᠡᠭᠡᠨ ᠭᠠᠯ ᠤᠨᠲᠠᠷᠠᠭᠠᠬᠤ ᠵᠣᠬᠢᠬᠤ ᠮᠡᠳᠡᠯᠭᠡ᠂ ᠮᠡᠷᠭᠡᠵᠢᠯ ᠤᠨ ᠴᠢᠳᠠᠪᠤᠷᠢ ᠪᠣᠯᠤᠨ ᠥᠪᠡᠷ ᠢᠶᠠᠨ | ᠠᠶᠤᠯ ᠠᠴᠠ ᠵᠠᠶᠢᠯᠠᠬᠤ ᠴᠢᠳᠠᠪᠤᠷᠢ ᠲᠠᠢ ᠬᠥᠮᠦᠰ ᠢ ᠵᠣᠬᠢᠶᠠᠨ ᠪᠠᠶᠢᠭᠤᠯᠤᠨ᠎ᠠ᠃ | ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠳᠤ᠂ ᠵᠡᠮᠳᠡᠭ ᠬᠥᠮᠦᠰ᠂ ᠵᠢᠷᠮᠦᠰᠦᠨ ᠡᠮᠡᠭᠲᠡᠶ | ᠂ ᠨᠠᠰᠤᠨ ᠳᠤ ᠥᠯᠥ ᠬᠦᠷᠦᠭᠰᠡᠳ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ ᠳᠤ | ᠲᠣᠬᠢᠷᠠᠬᠤ ᠥᠬᠡᠶ ᠪᠤᠰᠤᠳ ᠬᠥᠮᠦᠰ ᠢ ᠳᠠᠶᠢᠴᠢᠯᠠᠵᠤ ᠪᠣᠯᠬᠤ ᠥᠬᠡᠶ᠃ | ᠲᠦᠴᠢᠨ ᠲᠠᠪᠤᠳᠤᠭᠠᠷ ᠵᠣᠷᠪᠤᠰ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠣᠢ | ᠰᠢᠭᠤᠶ ᠶᠢᠨ ᠴᠡᠷᠢᠭ ᠠᠩᠭᠢ ᠣᠢ ᠰᠢᠭᠤᠶ ᠲᠠᠯ᠎ᠠ ᠨᠤᠲᠤᠭ ᠤᠨ ᠭᠠᠯ ᠤᠨᠲᠠᠷᠠᠭᠠᠬᠤ ᠡᠭᠦᠷᠭᠡ ᠶᠢ ᠭᠦᠢᠴᠡᠳᠬᠡᠬᠦ ᠳᠡᠭᠡᠨ | ᠭᠠᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠵᠢᠭᠠᠨ ᠵᠢᠯᠣᠭᠤᠳᠬᠤ ᠪᠠᠶᠢᠭᠤᠯᠤᠮᠵᠢ ᠶᠢᠨ | ᠨᠢᠭᠡᠳᠦᠯᠲᠡᠶ ᠵᠢᠯᠣᠭᠤᠳᠤᠯᠭ᠎ᠠ ᠶᠢ ᠳᠠᠭᠠᠬᠤ ᠬᠡᠷᠡᠭᠲᠡᠶ︔ ᠠᠶᠢᠮᠠᠭ ᠬᠤᠳᠠ ᠠᠯᠤᠰᠯᠠᠭᠰᠠᠨ ᠤᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠡᠭᠦᠷᠭᠡ ᠶᠢ ᠭᠦᠢᠴᠡᠳᠬᠡᠬᠦ ᠳᠤ᠂ ᠥᠪᠡᠷᠲᠡᠭᠡᠨ ᠵᠠᠰᠠᠬᠤ ᠣᠷᠣᠨ ᠤ ᠤᠢ | ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠢ ᠵᠢᠯᠤᠭᠤᠳᠤᠯᠭ᠎ᠠ | ᠪᠠ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠃ | ᠲᠦᠴᠢᠨ ᠵᠢᠷᠭᠤᠳᠤᠭᠠᠷ ᠵᠣᠷᠪᠤᠰ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠷᠠᠳ ᠤᠨ ᠴᠢᠯᠥᠭᠡᠯᠡᠬᠦ ᠴᠡᠷᠢᠭ | ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ | ᠠᠩᠭᠢ ᠣᠢ ᠰᠢᠭᠤᠶ ᠲᠠᠯ᠎ᠠ ᠨᠤᠲᠤᠭ ᠤᠨ ᠭᠠᠯ ᠤᠨᠲᠠᠷᠠᠭᠠᠬᠤ ᠡᠭᠦᠷᠭᠡ ᠶᠢ ᠭᠦᠢᠴᠡᠳᠬᠡᠬᠦ ᠳᠤ᠂ ᠰᠠᠭᠤᠭ᠎ᠠ | ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠡᠳ᠋ ᠪᠣᠳᠠᠰ᠂ ᠲᠣᠨᠤᠭ ᠲᠥᠬᠦᠭᠡᠷᠦᠮᠵᠢ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠶ᠃ | ᠲᠦᠴᠢᠨ ᠳᠣᠯᠣᠳᠤᠭᠠᠷ ᠵᠣᠷᠪᠤᠰ ᠤᠢ ᠰᠢᠭᠤᠢ ᠲᠠᠯ᠎ᠠ ᠨᠤᠲᠤᠭ ᠲᠤ ᠭᠠᠯ ᠲᠦᠢᠮᠡᠷ ᠭᠠᠷᠪᠠᠯ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠪᠣᠯᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ | ᠪᠠᠶᠢᠭᠤᠯᠤᠮᠵᠢ ᠶᠢᠨ ᠨᠢᠭᠡᠳᠦᠯᠲᠡᠢ ᠵᠢᠯᠣᠭᠤᠳᠤᠯᠭ᠎ᠠ ᠶᠣᠰᠣᠭᠠᠷ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ | ᠤᠨᠲᠠᠷᠠᠭᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠴᠠᠭ ᠠᠭᠤᠷ ᠤᠨ ᠠᠵᠢᠯ ᠢ ᠭᠤᠣᠯᠴᠢᠯᠠᠨ ᠬᠠᠮᠢᠶᠠᠷᠬᠤ ᠪᠠᠢᠭᠤᠯᠤᠮᠵᠢ ᠠᠴᠠ ᠭᠠᠯ ᠭᠠᠷᠤᠭᠰᠠᠨ ᠭᠠᠵᠠᠷ ᠣᠷᠣᠨ ᠤ | ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠶ ᠳᠤᠨᠢ ᠬᠠᠩᠭᠠᠬᠤ ᠶᠢᠨ ᠬᠠᠮᠲᠤ ᠴᠠᠭ ᠠᠭᠤᠷ ᠤᠨ | ᠨᠥᠬᠦᠴᠡᠯ ᠢ ᠦᠨᠳᠦᠰᠦᠯᠡᠨ ᠴᠠᠭ ᠲᠤᠬᠠᠶ ᠳᠤᠨᠢ ᠬᠥᠮᠦᠨ ᠤ ᠬᠦᠴᠦ ᠪᠠᠷ ᠪᠣᠷᠣᠭᠠᠨ ᠨᠡᠮᠡᠭᠳᠡᠭᠦᠯᠬᠦ ᠠᠵᠢᠯ ᠢ | ᠥᠷᠨᠢᠭᠦᠯᠬᠦ ᠬᠡᠷᠡᠭᠲᠡᠶ᠃ | ᠵᠠᠮ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠲᠡᠭᠡᠭᠡᠪᠦᠷᠢ ᠶᠢᠨ | ᠪᠠᠭᠠᠵᠢ ᠬᠡᠷᠡᠭᠰᠡᠯ ᠪᠠ ᠥᠷᠲᠡᠭᠡ ᠲᠠᠯᠠᠪᠤᠷ ᠤᠨ ᠦᠢᠯᠡᠴᠢᠯᠡᠭᠡ ᠶᠢ ᠤᠷᠢᠳᠠᠪᠠᠷ ᠬᠠᠩᠭᠠᠵᠤ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠬᠥᠮᠦᠰ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠳ᠋ ᠪᠣᠳᠠᠰ ᠢ ᠤᠷᠢᠳᠠᠪᠠᠷ ᠵᠣᠬᠢᠶᠠᠨ | ᠪᠠᠢᠭᠤᠯᠵᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ | ᠮᠡᠳᠡᠭᠡ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠴᠢᠮ ᠪᠠᠶᠢᠳᠠᠯ ᠢ ᠠᠷᠭᠠᠴᠠᠭᠠᠬᠤ | ᠮᠡᠳᠡᠭᠡ ᠬᠤᠯᠪᠣᠭᠠᠨ ᠤ ᠪᠠᠲᠤᠯᠠᠭ᠎ᠠ ᠶᠢ ᠵᠣᠬᠢᠶᠠᠨ ᠪᠠᠶᠢᠭᠤᠯᠤᠨ ᠬᠠᠩᠭᠠᠬᠤ ᠬᠡᠷᠡᠭᠲᠡᠶ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠶᠤᠯ ᠠᠴᠠ ᠵᠠᠶᠢᠯᠠᠬᠤ ᠭᠠᠵᠠᠷ ᠪᠠ ᠭᠠᠮᠰᠢᠭ ᠠᠴᠠ ᠠᠪᠤᠷᠠᠬᠤ ᠡᠳ᠋ | ᠪᠣᠳᠠᠰ ᠤᠨ ᠬᠠᠩᠭᠠᠯᠭ᠎ᠠ ᠶᠢᠨ ᠴᠡᠭ ᠢ ᠴᠠᠭ ᠲᠤᠬᠠᠶ ᠳᠤᠨᠢ ᠪᠠᠢᠭᠤᠯᠵᠤ᠂ ᠭᠠᠮᠰᠢᠭᠳᠠᠭᠰᠠᠨ ᠠᠷᠠᠳ ᠢ ᠪᠠᠴᠢᠮ | ᠰᠢᠯᠵᠢᠭᠦᠯᠬᠦ ᠶᠢᠨ ᠬᠠᠮᠲᠤ ᠲᠣᠬᠢᠲᠠᠶ ᠲᠥᠪᠬᠢᠨᠡᠭᠦᠯᠵᠦ᠂ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ | ᠠᠵᠢᠯ ᠢ ᠥᠷᠨᠢᠭᠦᠯᠬᠦ ᠬᠡᠷᠡᠭᠲᠡᠶ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡ | ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠠᠮᠤᠷ ᠢ ᠬᠠᠮᠠᠭᠠᠯᠠᠬᠤ ᠡᠮᠬᠢ ᠵᠢᠷᠤᠮ ᠢ ᠬᠠᠮᠠᠭᠠᠯᠠᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠃ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠡᠳ᠋ ᠪᠣᠳᠠᠰ ᠤᠨ ᠬᠠᠩᠭᠠᠯᠭ᠎ᠠ᠂ ᠡᠮᠨᠡᠵᠦ ᠠᠪᠤᠷᠠᠬᠤ ᠪᠠ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ | ᠵᠡᠷᠭᠡ ᠠᠵᠢᠯ ᠢ ᠴᠠᠭ ᠲᠤᠬᠠᠶ ᠳᠤᠨᠢ ᠵᠣᠬᠢᠶᠠᠨ ᠪᠠᠢᠭᠤᠯᠵᠤ ᠰᠠᠶᠢᠲᠤᠷ ᠬᠢᠬᠦ ᠬᠡᠷᠡᠭᠲᠡᠶ᠃ | ᠰᠠᠭᠠᠤᠭᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠨᠢᠭᠡᠴᠢ ᠠᠴᠠ ᠬᠦᠮᠦᠨ᠂ ᠡᠳ᠋ ᠬᠥᠷᠥᠩᠭᠡ ᠶᠢ ᠴᠠᠭ ᠲᠤᠬᠠᠶ ᠳᠤᠨᠢ ᠲᠠᠷᠬᠠᠭᠠᠬᠤ᠂ ᠰᠢᠯᠵᠢᠭᠦᠯᠬᠦ | ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ᠳᠥᠴᠢᠨ ᠨᠠᠢᠮᠠᠳᠤᠭᠠᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠭᠰᠠᠨ ᠤ | ᠲᠠᠷᠠᠭ᠎ᠠ᠂ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠭᠠᠯ ᠤᠨᠲᠠᠷᠠᠭᠠᠬᠤ ᠡᠩᠨᠡᠭᠡ ᠶᠢ ᠵᠣᠬᠢᠶᠠᠨ ᠪᠠᠶᠢᠭᠤᠯᠤᠨ | ᠭᠠᠯ ᠲᠦᠢᠮᠡᠷ ᠤᠨ ᠲᠤᠬᠠᠢ ᠶᠢᠨ ᠲᠠᠯᠠᠪᠠᠢ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠵᠦ᠂ ᠦᠯᠡᠳᠡᠭᠰᠡᠨ ᠭᠠᠯ ᠢ | ᠴᠡᠪᠡᠷᠯᠡᠬᠦ ᠶᠢᠨ ᠬᠠᠮᠲᠤ᠂ ᠭᠠᠯ ᠤᠨ ᠲᠠᠯᠠᠪᠠᠢ ᠶᠢ ᠰᠠᠬᠢᠨ ᠬᠠᠮᠠᠭᠠᠯᠠᠬᠤ ᠠᠵᠢᠯᠲᠠᠨ ᠢ ᠭᠦᠢᠴᠡᠳ ᠦᠯᠡᠳᠡᠭᠡᠵᠦ᠂ ᠬᠢᠨᠠᠨ | ᠪᠠᠶᠢᠴᠠᠭᠠᠵᠦ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠰᠠᠬᠢᠨ ᠬᠠᠷᠠᠭᠴᠢᠳ ᠠᠴᠠ ᠤᠬᠤᠷᠢᠨ ᠭᠠᠷᠴᠤ ᠪᠣᠯᠤᠨ᠎ᠠ᠃ | ᠲᠠᠪᠤᠳᠤᠭᠠᠷ ᠪᠦᠯᠦᠭ ᠭᠠᠮᠰᠢᠭ ᠤᠨ ᠳᠠᠷᠠᠭ᠎ᠠ ᠰᠢᠶ᠋ᠳᠪᠦᠷᠢᠯᠡᠬᠦ | ᠳᠥᠴᠢ ᠶᠢᠰᠦᠳᠦᠭᠡᠷ ᠵᠣᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠬᠡᠷᠡᠭ ᠡᠭᠦᠰᠦᠭᠰᠡᠨ ᠤ | ᠳᠠᠷᠠᠭ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠶᠢ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠠᠢ | ᠬᠠᠮᠲᠤᠷᠠᠨ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠡᠭᠦᠰᠦᠭᠰᠡᠨ ᠴᠠᠭ᠂ ᠣᠷᠣᠨ᠂ ᠰᠢᠯᠲᠠᠭᠠᠨ᠂ | ᠬᠡᠷᠡᠭ ᠭᠠᠷᠭᠠᠭᠰᠠᠳ ᠪᠠ ᠬᠤᠬᠢᠷᠠᠯ ᠠᠮᠰᠠᠭᠰᠠᠨ ᠣᠢ ᠰᠢᠭᠤᠶ ᠲᠠᠯ᠎ᠠ ᠨᠤᠲᠤᠭ ᠤᠨ ᠲᠠᠯᠠᠪᠠᠢ᠂ ᠬᠤᠷᠠᠮᠳᠤᠯᠭ᠎ᠠ᠂ | ᠬᠥᠮᠥᠨ ᠤ ᠦᠬᠦᠵᠦ ᠰᠢᠷᠬᠠᠲᠤᠭᠰᠠᠨ᠂ ᠭᠠᠮᠰᠢᠭᠳᠠᠭᠰᠠᠨ ᠮᠠᠯ ᠵᠢᠭᠦᠷᠲᠡᠨ ᠤ ᠲᠥᠷᠥᠯ ᠵᠤᠶᠢᠯ ᠪᠠ ᠲᠤᠭ᠎ᠠ ᠬᠡᠮᠵᠢᠶ᠎ᠡ᠂ | ᠬᠤᠪᠤᠷ ᠴᠤᠬᠠᠭ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠦᠶ᠋ᠯ ᠪᠠ ᠲᠤᠭ᠎ᠠ ᠬᠡᠮᠵᠢᠶ᠎ᠡ᠂ ᠵᠢᠴᠢ ᠬᠥᠮᠦᠨ ᠤ | ᠬᠦᠴᠦ ᠪᠤᠯᠤᠨ ᠡᠳ᠋ ᠪᠣᠳᠠᠰ ᠤᠨ ᠬᠤᠷᠣᠭᠳᠠᠯ᠂ ᠪᠣᠰᠤᠳ ᠠᠵᠤ ᠠᠬᠤᠢ ᠶᠢᠨ ᠬᠤᠬᠢᠷᠠᠯ᠂ ᠬᠡᠷᠡᠭ ᠤᠨ | ᠬᠠᠷᠢᠭᠤᠴᠠᠯᠭ᠎ᠠ ᠶᠢᠨ ᠲᠤᠬᠠᠢ ᠪᠠᠶᠢᠴᠠᠭᠠᠯᠲᠠ ᠪᠠ ᠦᠨᠡᠯᠡᠯᠲᠡ ᠬᠢᠬᠦ ᠬᠡᠷᠡᠭᠲᠡᠶ︔ ᠰᠠᠭᠤᠭ᠎ᠠ ᠭᠠᠵᠠᠷ ᠤᠨ ᠠᠷᠠᠳ ᠤᠨ | ᠵᠠᠰᠠᠭ ᠤᠨ ᠣᠷᠳᠣᠨ ᠠᠴᠠ ᠪᠠᠶᠢᠴᠠᠭᠠᠯᠲᠠ ᠪᠠ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠵᠦ᠂ ᠤᠢ ᠰᠢᠭᠤᠢ | ᠲᠠᠯ᠎ᠠ ᠨᠤᠲᠤᠭ ᠤᠨ ᠭᠠᠯ ᠲᠦᠢᠮᠡᠷ ᠤᠨ ᠬᠠᠷᠢᠭᠤᠴᠠᠯᠭᠠᠳᠤ ᠪᠠᠶᠢᠭᠤᠯᠭ᠎ᠠ ᠪᠠ ᠬᠠᠷᠢᠭᠤᠴᠠᠯᠭᠠᠲᠠᠨ ᠢ ᠲᠤᠭᠲᠠᠭᠠᠬᠤ ᠶᠢᠨ | ᠬᠠᠮᠳᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠲᠠᠪᠢᠳᠤᠭᠠᠷ ᠵᠣᠷᠪᠤᠰ ᠤᠯᠤᠰ ᠤᠨ ᠬᠢᠯᠢ ᠶᠢᠨ ᠤᠶᠢᠷ᠎ᠠ ᠬᠠᠪᠢ ᠶᠢᠨ ᠭᠠᠯ ᠲᠦᠢᠮᠡᠷ ᠪᠣᠯᠤᠨ ᠬᠦᠨᠳᠦ ᠶᠡᠭᠡ᠂ | ᠣᠨᠴᠠ ᠬᠦᠨᠳᠦ ᠶᠡᠭᠡ ᠭᠠᠯ ᠲᠦᠢᠮᠡᠷ ᠵᠢᠴᠢ ᠬᠥᠮᠥᠨ ᠤ ᠦᠬᠦᠵᠦ ᠰᠢᠷᠬᠠᠲᠤᠭᠰᠠᠨ ᠠᠳᠡᠯ ᠭᠠᠷᠭᠠᠭᠰᠠᠨ ᠭᠠᠯ | ᠲᠦᠢᠮᠡᠷ ᠲᠤ᠂ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ | ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠲᠤᠰᠬᠠᠢ ᠳᠠᠩᠰᠠ ᠡᠪᠬᠡᠮᠡᠯ | ᠪᠠᠶᠢᠭᠤᠯᠬᠤ ᠬᠡᠷᠡᠭᠲᠡᠢ᠃ | ᠲᠠᠪᠢᠨ ᠨᠢᠭᠡᠳᠦᠭᠡᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠠᠴᠠ ᠪᠤᠯᠵᠤ ᠰᠢᠷᠬᠠᠳᠤᠭᠰᠠᠨ᠂ | ᠵᠡᠮᠳᠡᠭ ᠪᠣᠯᠤᠭᠰᠠᠨ ᠪᠤᠶᠤ ᠠᠳᠡᠭᠳᠡᠭᠰᠡᠳ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠠᠴᠠ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠡᠮᠨᠡᠨ ᠵᠠᠰᠠᠭᠤᠯᠵᠤ᠂ ᠠᠰᠠᠷᠠᠮᠵᠢ ᠦᠵᠡᠭᠦᠯᠬᠦ ᠬᠡᠷᠡᠭᠲᠡᠢ᠃ ᠦᠷᠡᠭᠳᠡᠭᠰᠡᠨ ᠪᠠᠭᠠᠲᠤᠷᠴᠤᠳ ᠢ ᠦᠨᠡᠯᠡᠨ | ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ ᠲᠥᠷᠢᠮ︾ | ᠂ ︽ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠭᠦᠶ᠋ᠴᠡᠳᠬᠡᠨ᠎ᠡ᠃ | ᠲᠠᠪᠢᠨ ᠬᠤᠶᠠᠳᠤᠭᠠᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠠᠪᠤᠷᠠᠨ ᠲᠤᠰᠠᠯᠠᠭᠰᠠᠨ | ᠬᠥᠮᠦᠰ ᠤᠨ ᠠᠵᠢᠯ ᠰᠠᠭᠠᠲᠠᠭᠠᠭᠰᠠᠨ ᠨᠥᠬᠦᠪᠥᠷᠢ ᠪᠣᠯᠤᠨ ᠠᠮᠢᠳᠤᠷᠠᠯ ᠤᠨ ᠲᠤᠰᠠᠯᠠᠮᠵᠢ ᠵᠢᠴᠢ ᠤᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠲᠤ ᠭᠠᠷᠤᠭᠰᠠᠨ ᠪᠤᠰᠤᠳ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠲᠣᠭᠲᠠᠭᠰᠠᠨ ᠪᠠᠷᠢᠮᠵᠢᠶ᠎ᠠ ᠶᠣᠰᠣᠭᠠᠷ᠂ ᠭᠠᠯ ᠲᠦᠢᠮᠡᠷ ᠤᠨ ᠬᠡᠷᠡᠭ ᠭᠠᠷᠭᠠᠭᠰᠠᠨ ᠨᠢᠭᠡᠴᠢ | ᠪᠤᠶᠤ ᠬᠤᠪᠢ ᠬᠥᠮᠦᠨ ᠠᠴᠠ ᠲᠥᠯᠥᠬᠦ ᠬᠡᠷᠡᠭᠲᠡᠢ︔ ᠭᠠᠯ ᠭᠠᠷᠤᠭᠰᠠᠨ ᠰᠢᠯᠲᠠᠭᠠᠨ ᠨᠢ ᠲᠣᠳᠣᠷᠬᠠᠢ ᠥᠬᠡᠶ ᠪᠣᠯ ᠭᠠᠯ | ᠠᠯᠳᠠᠭᠰᠠᠨ ᠨᠢᠭᠡᠴᠢ ᠠᠴᠠ ᠲᠦᠯᠦᠨ᠎ᠡ︔ ᠭᠠᠯ ᠲᠦᠢᠮᠡᠷ ᠤᠨ ᠬᠡᠷᠡᠭ ᠭᠠᠷᠭᠠᠭᠰᠠᠨ ᠨᠢᠭᠡᠴᠢ᠂ ᠬᠤᠪᠢ ᠬᠦᠮᠦᠨ ᠪᠤᠶᠤ | ᠭᠠᠯ ᠠᠯᠳᠠᠭᠰᠠᠨ ᠨᠢᠭᠡᠴᠢ ᠨᠢ ᠲᠥᠯᠥᠬᠦ ᠴᠢᠳᠠᠯ ᠥᠬᠡᠶ ᠬᠡᠰᠡᠭ ᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ | ᠣᠷᠳᠣᠨ ᠠᠴᠠ ᠲᠦᠯᠦᠨ᠎ᠡ᠃ ᠠᠵᠢᠯ ᠰᠠᠭᠠᠲᠠᠭᠰᠠᠨ ᠨᠥᠬᠦᠪᠥᠷᠢ ᠪᠠ ᠠᠮᠢᠳᠤᠷᠠᠯ ᠤᠨ ᠲᠤᠰᠠᠯᠠᠮᠵᠢ ᠶᠢᠨ ᠵᠠᠷᠤᠳᠠᠯ | ᠵᠢᠴᠢ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠳᠤ ᠡᠭᠦᠰᠦᠭᠰᠡᠨ ᠪᠤᠰᠤᠳ ᠵᠠᠷᠤᠳᠠᠯ ᠢ | ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠤᠷᠢᠳᠠᠪᠠᠷ ᠥᠭᠴᠦ ᠪᠣᠯᠤᠨ᠎ᠠ᠃ | ᠲᠠᠪᠢᠨ ᠭᠤᠷᠪᠠᠳᠤᠭᠠᠷ ᠵᠣᠷᠪᠤᠰ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠭᠠᠯ ᠲᠦᠢᠮᠡᠷ ᠢ ᠠᠪᠤᠷᠠᠬᠤ ᠳᠤ | ᠭᠠᠷᠤᠭᠰᠠᠨ ᠵᠠᠷᠤᠳᠠᠯ ᠢ ᠭᠠᠯ ᠲᠦᠢᠮᠡᠷ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠵᠥᠪᠳᠡᠯᠴᠡᠨ ᠰᠢᠶ᠋ᠳᠪᠦᠷᠢᠯᠡᠨ᠎ᠡ︔ ᠶᠡᠭᠡ ᠬᠢᠩᠭᠠᠨ ᠳᠠᠪᠠᠭ᠎ᠠ ᠶᠢ ᠰᠤᠨᠳᠠᠯᠠᠭᠰᠠᠨ | ᠭᠤᠣᠯᠳᠠᠯᠭ᠎ᠠ ᠲᠠᠢ ᠤᠯᠤᠰ ᠤᠨ ᠥᠮᠴᠢᠯᠡᠯᠳᠤ ᠰᠢᠭᠤᠶᠢᠲᠤ ᠣᠷᠣᠨ ᠤ ᠬᠡᠪᠴᠢᠶᠡᠨ ᠤ ᠭᠠᠯ ᠲᠦᠢᠮᠡᠷ ᠢ ᠠᠪᠤᠷᠠᠬᠤ ᠳᠤ | ᠭᠠᠷᠤᠭᠰᠠᠨ ᠵᠠᠷᠤᠳᠠᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ | ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯᠳᠤ ᠤᠢ ᠰᠢᠭᠤᠢ ᠶᠢᠨ ᠬᠠᠮᠢᠶᠠᠷᠤᠯᠲᠠ ᠶᠢᠨ | ᠲᠣᠪᠴᠢᠶ᠎ᠠ ᠠᠴᠠ ᠵᠥᠪᠳᠡᠯᠴᠡᠨ ᠰᠢᠢᠳᠪᠦᠷᠢᠯᠡᠨ᠎ᠡ᠃ | ᠲᠠᠪᠢᠨ ᠳᠥᠷᠪᠡᠳᠦᠭᠡᠷ ᠵᠣᠷᠪᠤᠰ ᠤᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ | ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠠᠯ | ᠭᠠᠷᠤᠭᠰᠠᠨ ᠭᠠᠵᠠᠷ ︵ᠣᠷᠣᠮ︶ ᠤᠨ ᠬᠤᠣᠷᠲᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠭᠠᠯ ᠲᠦᠢᠮᠡᠷ ᠤᠨ | ᠣᠷᠣᠨ ᠤ ᠬᠥᠮᠥᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ ᠠᠵᠢᠯ ᠢ | ᠰᠠᠶᠢᠲᠤᠷ ᠬᠢᠬᠦ ᠬᠡᠷᠡᠭᠲᠡᠶ᠃ | ᠲᠠᠪᠢᠨ ᠲᠠᠪᠤᠳᠤᠭᠠᠷ ᠵᠣᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ | ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠣᠢ ᠰᠢᠭᠤᠶ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠶᠢ ᠰᠡᠷᠭᠦᠭᠡᠬᠦ ᠲᠥᠰᠦᠯ ᠢ ᠴᠠᠭ ᠲᠤᠬᠠᠶ ᠳᠤᠨᠢ | ᠲᠣᠭᠲᠠᠭᠠᠨ ᠬᠡᠷᠡᠭᠵᠢᠭᠦᠯᠬᠦ ᠬᠡᠷᠡᠭᠲᠡᠶ᠃ ᠤᠢ ᠰᠢᠭᠤᠶ ᠶᠢᠨ ᠤᠢ ᠮᠣᠳᠣ᠂ ᠣᠶᠢᠲᠤ ᠭᠠᠵᠠᠷ ᠪᠠ ᠪᠠᠶᠢᠭᠠᠯᠢ ᠶᠢᠨ | ᠨᠤᠲᠤᠭ ᠪᠡᠯᠴᠢᠭᠡᠷ᠂ ᠲᠠᠷᠢᠮᠠᠯ ᠪᠡᠯᠴᠢᠭᠡᠷ ᠡᠵᠡᠩᠨᠡᠵᠦ ᠪᠠᠶᠢᠭ᠎ᠠ ᠨᠢᠭᠡᠴᠢ ᠪᠠ ᠬᠤᠪᠢ ᠬᠥᠮᠥᠨ ᠴᠠᠭ ᠲᠤᠬᠠᠶ ᠳᠤᠨᠢ | ᠠᠷᠭ᠎ᠠ ᠬᠡᠮᠵᠢᠶ᠎ᠡ ᠠᠪᠴᠤ᠂ ᠭᠠᠯ ᠠᠯᠳᠠᠭᠰᠠᠨ ᠭᠠᠵᠠᠷ ᠤᠨ ᠤᠢ ᠰᠢᠭᠤᠶ ᠲᠠᠯ᠎ᠠ ᠨᠤᠲᠤᠭ ᠤᠨ ᠤᠷᠭᠤᠮᠠᠯ | ᠬᠤᠴᠢᠯᠭ᠎ᠠ ᠶᠢ ᠰᠡᠷᠭᠦᠭᠡᠬᠦ ᠬᠡᠷᠡᠭᠲᠡᠶ︔ ᠡᠵᠡᠩᠨᠡᠵᠦ ᠪᠠᠶᠢᠭ᠎ᠠ ᠨᠢᠭᠡᠴᠢ ᠪᠣᠯᠤᠨ ᠬᠤᠪᠢ ᠬᠥᠮᠥᠨ ᠦᠨᠡᠨᠬᠦ ᠡᠭᠦᠷᠭᠡᠯᠡᠬᠦ | ᠴᠢᠳᠠᠯ ᠥᠬᠡᠶ ᠪᠣᠯ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ ᠤᠢ ᠰᠢᠭᠤᠢ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠶᠢ ᠰᠡᠷᠭᠦᠭᠡᠬᠦ ᠬᠡᠷᠡᠭᠲᠡᠢ᠃ | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠪᠢᠨ ᠵᠢᠷᠭᠤᠳᠤᠭᠠᠷ ᠵᠣᠷᠪᠤᠰ ᠲᠤᠰ ᠲᠥᠷᠢᠮ ᠲᠣᠭᠲᠠᠭᠠᠯ ᠢ ᠵᠥᠷᠴᠢᠭᠰᠡᠨ ᠠᠵᠢᠯᠯᠠᠭ᠎ᠠ ᠳᠤ᠂ ᠲᠥᠷᠥ ᠶᠢᠨ | ᠶᠠᠪᠤᠳᠠᠯ ᠤᠨ ᠬᠤᠷᠢᠶᠠᠨ ᠤ ︽ᠤᠢ ᠰᠢᠭᠤᠶ ᠶᠢᠨ ᠭᠠᠯ ᠢ ᠰᠡᠷᠭᠡᠶᠢᠯᠡᠬᠦ ᠳᠦᠷᠢᠮ︾ ᠪᠠ ︽ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢᠶᠠᠷ ᠨᠢᠭᠡᠨᠲᠡ ᠪᠣᠳᠠᠲᠠᠶ ᠰᠢᠢᠳᠭᠡᠬᠦ ᠲᠣᠭᠲᠠᠭᠠᠯ ᠭᠠᠷᠭᠠᠭᠰᠠᠨ ᠪᠠᠶᠢᠪᠠᠯ᠂ ᠤᠢ ᠰᠢᠭᠤᠶ ᠶᠢᠨ ᠳᠣᠲᠣᠭᠠᠳᠤ | ᠶᠢ ᠬᠠᠮᠠᠭᠠᠯᠠᠬᠤ ᠪᠠᠶᠢᠭᠤᠯᠭ᠎ᠠ ᠠᠴᠠ ᠭᠦᠢᠴᠡᠳᠬᠡᠨ᠎ᠡ᠃ | ᠲᠠᠪᠢᠨ ᠳᠣᠯᠣᠳᠤᠭᠠᠷ ᠵᠣᠷᠪᠤᠰ ᠲᠤᠰ ᠳᠦᠷᠢᠮ ᠤᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ | ᠵᠥᠷᠢᠴᠡᠵᠦ᠂ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠰᠢᠲᠠᠮᠠᠬᠠᠶ ᠬᠡᠢ᠂ | ᠬᠢᠮᠢ ᠶᠢᠨ ᠠᠵᠤ ᠦᠶ᠋ᠯᠡᠳᠪᠦᠷᠢ ᠶᠢᠨ ᠳᠠᠮᠵᠢᠭᠤᠯᠬᠤ ᠬᠤᠭᠤᠯᠠᠶ ᠶᠢ ᠬᠠᠮᠢᠶᠠᠷᠬᠤ ᠨᠢᠭᠡᠴᠢ ᠪᠣᠯᠤᠨ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠬᠡᠭᠡᠷ᠎ᠡ ᠭᠠᠳᠠᠨ᠎ᠠ ᠠᠵᠢᠯᠯᠠᠬᠤ ᠳᠠᠭᠠᠨ᠂ ᠭᠠᠯ ᠠᠮᠠᠷᠬᠠᠨ ᠭᠠᠷᠳᠠᠭ ᠬᠡᠰᠡᠭ ᠪᠣᠯᠤᠨ | ᠭᠠᠵᠠᠷ ᠣᠷᠣᠨ ᠳᠤ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠪᠣᠯᠤᠨ ᠭᠠᠯ ᠢ ᠰᠡᠷᠭᠡᠶᠢᠯᠡᠬᠦ ᠰᠡᠷᠡᠮᠵᠢ ᠶᠢᠨ ᠲᠡᠮᠳᠡᠭ | ᠲᠠᠯᠪᠢᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠢ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠴᠦ᠂ ᠬᠤᠪᠢ ᠬᠥᠮᠦᠨ ᠢ 200 | ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠲᠣᠷᠭᠠᠬᠤ ᠪᠠᠷ ᠨᠡᠶᠢᠯᠡᠭᠦᠯᠦᠨ ᠰᠢᠶ᠋ᠳᠬᠡᠵᠦ᠂ | ᠨᠢᠭᠡᠴᠢ ᠶᠢ 2000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠲᠣᠷᠭᠠᠬᠤ ᠪᠠᠷ | ᠨᠡᠶᠢᠯᠡᠭᠦᠯᠦᠨ ᠰᠢᠶ᠋ᠳᠬᠡᠨ᠎ᠡ᠃ | ᠲᠠᠪᠢᠨ ᠨᠠᠢᠮᠠᠳᠤᠭᠠᠷ ᠵᠣᠷᠪᠤᠰ ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ | ᠵᠥᠷᠢᠴᠡᠵᠦ᠂ ᠭᠠᠯ ᠢ ᠰᠡᠷᠭᠡᠶᠢᠯᠡᠬᠦ ᠬᠤᠭᠤᠴᠠᠭᠠᠨ ᠳᠤ᠂ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠣᠷᠣᠨ ᠳᠤ ᠰᠢᠲᠠᠭᠠᠭᠰᠠᠨ ᠦᠨᠡᠰᠦ ᠶᠢ ᠪᠣᠷᠳᠣᠭᠤᠷ ᠴᠤᠭᠯᠠᠭᠤᠯᠬᠤ᠂ ᠠᠲᠠᠷ ᠭᠠᠵᠠᠷ ᠪᠠ ᠨᠡᠭᠦᠷᠡᠰᠦ ᠶᠢ ᠰᠢᠲᠠᠭᠠᠬᠤ᠂ | ᠬᠤᠭ ᠨᠣᠪᠰᠢ ᠶᠢ ᠰᠢᠲᠠᠭᠠᠬᠤ᠂ ᠲᠠᠷᠢᠶᠠᠨ ᠭᠠᠵᠠᠷ ︵ᠳᠠᠯᠠᠩ︶᠂ ᠪᠡᠯᠴᠢᠭᠡᠷ᠂ ᠡᠰᠢ ᠰᠦᠷᠡᠯ ᠰᠢᠲᠠᠭᠠᠬᠤ᠂ ᠲᠠᠮᠠᠬᠢ | ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠲᠦᠯᠡᠵᠦ ᠲᠤᠯᠠᠭᠠᠴᠠᠬᠤ᠂ ᠬᠡᠭᠡᠷ᠎ᠡ ᠲᠣᠭᠤᠭᠠᠯᠠᠬᠤ ᠪᠠ | ᠬᠤᠸᠠᠷ ᠫᠤᠤᠵᠢᠩ᠂ ᠳᠡᠭᠳᠡᠭᠦᠷ ᠳ᠋ᠧᠩᠯᠦ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠵᠠᠷᠯᠢᠭᠳᠠᠵᠤ ᠪᠠᠶᠢᠭᠠᠳ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠰᠡᠷᠡᠮᠵᠢ ᠥᠭᠴᠦ᠂ | ᠬᠤᠪᠢ ᠬᠥᠮᠦᠨ ᠢ 300 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠲᠣᠷᠭᠠᠬᠤ ᠪᠠᠷ | ᠨᠡᠢᠯᠡᠭᠦᠯᠦᠨ ᠰᠢᠶ᠋ᠳᠬᠡᠨ᠎ᠡ᠃ ᠲᠤᠬᠠᠢ ᠶᠢᠨ ᠨᠢᠭᠡᠴᠢ ᠶᠢ ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ | ᠠᠴᠠ ᠳᠣᠭᠤᠭᠰᠢ ᠲᠣᠷᠭᠠᠬᠤ ᠪᠠᠷ ᠨᠡᠢᠯᠡᠭᠦᠯᠦᠨ ᠰᠢᠢᠳᠭᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢ ᠶᠢᠰᠦᠳᠦᠭᠡᠷ ᠵᠣᠷᠪᠤᠰ ᠲᠤᠰ ᠳᠦᠷᠢᠮ ᠲᠣᠭᠲᠠᠭᠠᠯ ᠢ ᠵᠦᠷᠢᠴᠡᠪᠡᠯ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠣᠢ ᠰᠢᠭᠤᠶ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠪᠠᠢᠭᠤᠯᠤᠮᠵᠢ ᠵᠢᠴᠢ ᠲᠡᠭᠦᠨ ᠤ ᠠᠵᠢᠯᠲᠠᠨ ᠠᠴᠠ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠪᠠᠶᠢᠪᠠᠯ᠂ ᠲᠡᠭᠦᠨ ᠤ ᠳᠡᠭᠡᠷ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ | ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠬᠥᠮᠥᠨ ᠪᠣᠯᠤᠨ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠭᠡᠯ ᠦᠭᠭᠦᠨ᠎ᠡ︔ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠣᠢ ᠰᠢᠭᠤᠶ ᠲᠠᠯ᠎ᠠ ᠨᠤᠲᠤᠭ ᠲᠤ ᠭᠠᠯ ᠲᠦᠢᠮᠡᠷ ᠭᠠᠷᠭᠠᠭᠰᠠᠨ︔ | ︵ᠬᠤᠶᠠᠷ︶ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠥᠬᠡᠶ᠂ ᠡᠰᠡᠬᠦᠯ᠎ᠡ ᠣᠢ ᠰᠢᠭᠤᠶ ᠲᠠᠯ᠎ᠠ | ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠯ ᠶᠣᠰᠣᠭᠠᠷ | ᠬᠡᠷᠡᠭᠵᠢᠭᠦᠯᠦᠭᠰᠡᠨ ᠥᠬᠡᠶ︔ | ︵ᠭᠤᠷᠪᠠ︶ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠳᠠᠯᠳᠠ ᠬᠡᠮ ᠢ ᠣᠯᠵᠤ ᠮᠡᠳᠡᠭᠡᠳ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠴᠠᠭ ᠲᠤᠬᠠᠢ ᠳᠤᠨᠢ ᠪᠠᠭᠤᠯᠭᠠᠭᠰᠠᠨ ᠥᠬᠡᠶ︔ | ︵ᠳᠥᠷᠪᠡ︶ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠦᠯᠦ ᠮᠡᠳᠡᠭᠦᠯᠬᠦ᠂ ᠬᠤᠳᠠᠯ ᠢᠶᠠᠷ ᠮᠡᠳᠡᠭᠦᠯᠬᠦ | ᠪᠤᠶᠤ ᠵᠣᠷᠢᠭᠤᠳᠠ ᠤᠳᠠᠭᠠᠰᠢᠷᠠᠭᠤᠯᠤᠨ ᠮᠡᠳᠡᠭᠦᠯᠬᠦ︔ | ︵ᠲᠠᠪᠤ︶ ᠣᠢ ᠰᠢᠭᠤᠶ ᠲᠠᠯ᠎ᠠ ᠨᠤᠲᠤᠭ ᠲᠤ ᠭᠠᠯ ᠲᠦᠢᠮᠡᠷ ᠭᠠᠷᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ | ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠠᠪᠤᠷᠠᠭᠰᠠᠨ ᠥᠬᠡᠶ᠂ ᠡᠰᠡᠬᠦᠯ᠎ᠡ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠶᠢᠨ | ᠨᠢᠭᠡᠳᠦᠯᠲᠡᠢ ᠵᠢᠯᠣᠭᠤᠳᠤᠯᠭ᠎ᠠ ᠶᠢ ᠲᠡᠪᠴᠢᠭᠰᠡᠨ᠂ ᠬᠠᠷᠰᠢᠯᠠᠭᠰᠠᠨ︔ | |