ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠳᠦᠷᠢᠮ ︵ᠨᠢᠭᠡ︶
ᠨᠡᠶᠢᠲᠡᠯᠡᠭᠰᠡᠨ ᠴᠠᠭ᠄
2020/7/15
 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠳᠦᠷᠢᠮ ︵ᠨᠢᠭᠡ︶        ︵2004 ᠤᠨ ᠤ 3 ᠰᠠᠷ᠎ᠠ ᠶᠢᠨ 26 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯ ᠠᠴᠠ ᠪᠠᠲᠤᠯᠠᠪᠠ 2016 ᠤᠨ ᠤ 9 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠬᠤᠷᠢᠨ ᠵᠢᠷᠭᠤᠳᠤᠭᠠᠷ ᠤᠳᠠᠭᠠᠨ ᠤ ᠬᠤᠷᠠᠯ ᠠᠴᠠ ᠵᠠᠰᠠᠪᠤᠷᠢ ᠤᠷᠤᠭᠤᠯᠪᠠ︶   ᠨᠢᠭᠡᠳᠦᠭᠡᠷ ᠪᠦᠯᠦᠭ    ᠶᠡᠷᠦᠩᠬᠡᠢ ᠵᠠᠷᠴᠢᠮ    ᠨᠢᠭᠡᠳᠦᠭᠡᠷ ᠵᠤᠷᠪᠤᠰ   ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠪᠦᠲᠦᠮᠵᠢᠲᠡᠢ ᠪᠠᠷ ᠰᠡᠷᠭᠡᠶᠢᠯᠡᠬᠦ ᠪᠠ ᠤᠨᠲᠠᠷᠠᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠤᠢ ᠰᠢᠭᠤᠢ ᠲᠠᠯ᠎ᠠ ᠨᠤᠲᠤᠭ ᠤᠨ ᠡᠬᠢ ᠪᠠᠶᠠᠯᠢᠭ ᠢ ᠬᠠᠮᠠᠭᠠᠯᠠᠵᠤ᠂ ᠠᠮᠢ ᠠᠬᠤᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ ᠶᠢᠨ ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠤᠢ ᠰᠢᠭᠤᠢ ᠶᠢᠨ ᠭᠠᠯ ᠢ ᠰᠡᠷᠭᠡᠶᠢᠯᠡᠬᠦ ᠳᠦᠷᠢᠮ︾ ︽ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠳᠦᠷᠢᠮ︾ ᠵᠡᠷᠭᠡ ᠤᠯᠤᠰ ᠤᠨ ᠬᠠᠮᠢᠶ᠎ᠠ ᠪᠦᠬᠦᠢ ᠬᠠᠤᠯᠢ ᠳᠦᠷᠢᠮ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠤᠰ ᠲᠤᠭᠲᠠᠭᠠᠯ ᠢ ᠲᠤᠭᠲᠠᠭᠠᠪᠠ᠃    ᠬᠤᠶᠠᠳᠤᠭᠠᠷ ᠵᠤᠷᠪᠤᠰ   ᠲᠤᠰ ᠳᠦᠷᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠤᠢ ᠰᠢᠭᠤᠢ᠂ ᠤᠢ ᠮᠣᠳᠣ᠂ ᠤᠶᠢᠲᠤ ᠭᠠᠵᠠᠷ ᠪᠣᠯᠤᠨ ᠪᠠᠶᠢᠭᠠᠯᠢᠯᠢᠭ ᠲᠠᠯ᠎ᠠ ᠨᠤᠲᠤᠭ᠂ ᠲᠠᠷᠢᠮᠠᠯ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠳᠤ ᠲᠣᠬᠢᠷᠠᠨ᠎ᠠ᠂ ᠭᠡᠪᠡᠴᠦ ᠬᠤᠳᠠ ᠶᠢᠨ ᠲᠣᠭᠤᠷᠢᠭ ᠪᠠᠭᠲᠠᠬᠤ ᠥᠬᠡᠶ᠃    ᠭᠤᠷᠪᠠᠳᠤᠭᠠᠷ ᠵᠤᠷᠪᠤᠰ  ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠢᠳᠡᠪᠬᠢᠲᠡᠢ ᠪᠠᠷ ᠤᠨᠲᠠᠷᠠᠭᠠᠬᠤ᠂ ᠰᠢᠨᠵᠢᠯᠡᠬᠦ ᠤᠬᠠᠭᠠᠨᠴᠢ ᠪᠠᠷ ᠠᠪᠤᠷᠠᠬᠤ᠂ ᠬᠥᠮᠦᠨ ᠢᠶᠠᠷ ᠦᠨᠳᠦᠰᠦ ᠪᠣᠯᠭᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠨ᠎ᠠ᠃    ᠳᠦᠷᠪᠡᠳᠦᠭᠡᠷ ᠵᠤᠷᠪᠤᠰ  ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠷᠢᠳᠴᠢᠯᠠᠨ ᠰᠡᠷᠭᠡᠶᠢᠯᠡᠬᠦ᠂ ᠤᠢ ᠰᠢᠭᠤᠢ ᠲᠠᠯ᠎ᠠ ᠨᠤᠲᠤᠭ ᠤᠨ ᠡᠬᠢ ᠪᠠᠶᠠᠯᠢᠭ ᠢ ᠬᠠᠮᠠᠭᠠᠯᠠᠬᠤ ᠪᠤᠯ ᠠᠷᠠᠳ ᠢᠷᠭᠡᠨ ᠨᠢᠭᠡᠪᠦᠷᠢ ᠶᠢᠨ ᠡᠭᠦᠷᠭᠡ ᠪᠤᠯᠤᠨ᠎ᠠ᠃    ᠲᠠᠪᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠤᠯᠤᠰ ᠠᠷᠠᠳ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠦᠯᠦᠪᠵᠢᠭᠦᠯᠭᠡ᠂ ᠣᠨ ᠤ ᠲᠥᠯᠥᠪᠯᠡᠭᠡ ᠵᠢᠴᠢ ᠤᠢ ᠰᠢᠭᠤᠢ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠳᠤ ᠣᠷᠣᠭᠤᠯᠬᠤ ᠶᠢᠨ ᠬᠠᠮᠲᠤ ᠲᠤᠬᠠᠢ ᠶᠢᠨ ᠭᠠᠵᠠᠷ ᠤᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠤᠭᠲᠠᠯᠴᠠᠭ᠎ᠠ ᠶᠢᠨ ᠪᠠᠶᠢᠭᠤᠯᠤᠯᠲᠠ ᠳᠤ ᠣᠷᠣᠭᠤᠯᠵᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠣᠬᠢᠴᠠᠭᠤᠯᠬᠤ ᠶᠢ ᠪᠠᠲᠤᠯᠠᠬᠤ ᠬᠡᠷᠡᠭᠲᠡᠢ᠃    ᠵᠢᠷᠭᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠢᠭᠤᠯᠤᠮᠵᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠵᠣᠬᠢᠶᠠᠨ ᠪᠠᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠳᠤ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃   ᠳᠣᠯᠣᠳᠤᠭᠠᠷ ᠵᠤᠷᠪᠤᠰ  ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠪᠠ ᠰᠠᠯᠠᠭ᠎ᠠ ᠮᠥᠴᠢᠷ᠂ ᠨᠢᠭᠡᠴᠢ ᠶᠢᠨ ᠭᠤᠤᠯ ᠤᠳᠤᠷᠢᠳᠤᠯᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠰᠢᠯᠭᠠᠬᠤ ᠲᠤᠭᠲᠠᠯᠴᠠᠭ᠎ᠠ ᠳᠤ ᠤᠷᠤᠭᠤᠯᠤᠨ᠎ᠠ᠃    ᠨᠠᠢᠮᠠᠳᠤᠭᠠᠷ ᠵᠤᠷᠪᠤᠰ  ᠤᠢ ᠰᠢᠭᠤᠶ᠂ ᠤᠢ ᠮᠣᠳᠣ᠂ ᠤᠶᠢᠲᠤ ᠭᠠᠵᠠᠷ ᠪᠠ ᠪᠠᠶᠢᠭᠠᠯᠢᠯᠢᠭ ᠲᠠᠯ᠎ᠠ ᠨᠤᠲᠤᠭ᠂ ᠲᠠᠷᠢᠮᠠᠯ ᠪᠡᠯᠴᠢᠭᠡᠷ ᠤᠨ ᠡᠵᠡᠩᠨᠡᠯᠲᠡ ᠶᠢᠨ ᠨᠢᠭᠡᠴᠢ ᠪᠠ ᠬᠤᠪᠢ ᠬᠥᠮᠥᠨ ᠡᠵᠡᠩᠨᠡᠯᠲᠡ ᠶᠢᠨ ᠬᠡᠪᠴᠢᠶᠡᠨ ᠳᠣᠲᠣᠷ᠎ᠠ  ᠪᠠᠨ ᠤᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃    ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠵᠠᠷᠤᠳᠠᠯ ᠢ ᠠᠳᠠᠯᠢ ᠱᠠᠲᠤᠨ ᠤ ᠵᠠᠰᠠᠭ ᠤᠨ ᠲᠥᠰᠦᠪ ᠲᠤ ᠣᠷᠣᠭᠤᠯᠵᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢᠶᠠᠨ ᠦᠷᠨᠢᠭᠦᠯᠬᠦ ᠶᠢ ᠪᠠᠲᠤᠯᠠᠬᠤ ᠬᠡᠷᠡᠭᠲᠡᠢ᠃ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠵᠠᠷᠤᠳᠠᠯ ᠢ ᠭᠤᠣᠯᠳᠠᠭᠤ ᠤᠬᠠᠭᠤᠯᠭ᠎ᠠ ᠬᠥᠮᠦᠵᠢᠯ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠪᠠ ᠬᠠᠮᠠᠭᠠᠯᠠᠯᠲᠠ᠂ ᠭᠠᠯ ᠤᠨᠲᠠᠷᠠᠭᠠᠬᠤ ᠡᠩᠨᠡᠭᠡᠨ ᠤ ᠪᠣᠯᠪᠠᠰᠤᠷᠠᠯ ᠪᠠ ᠲᠣᠨᠤᠭ ᠲᠥᠬᠦᠭᠡᠷᠦᠮᠵᠢ᠂ ᠲᠣᠭᠤᠷᠢᠨ ᠪᠠᠢᠴᠠᠭᠠᠬᠤ ᠪᠠ ᠵᠢᠵᠢᠭᠦᠷᠯᠡᠬᠦ᠂ ᠭᠠᠯ ᠤᠨᠲᠠᠷᠠᠭᠠᠬᠤ ᠪᠠ ᠭᠠᠮᠰᠢᠭ ᠤᠨ ᠳᠠᠷᠠᠭᠠᠬᠢ ᠰᠢᠢᠳᠪᠦᠷᠢᠯᠡᠯᠲᠡ ᠳᠤ ᠬᠡᠷᠡᠭᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠤᠷᠢᠳᠴᠢᠯᠠᠨ ᠰᠡᠷᠭᠡᠶᠢᠯᠡᠬᠦ ᠪᠠ ᠤᠨᠲᠠᠷᠠᠭᠠᠬᠤ ᠨᠥᠭᠡᠴᠡ ᠮᠥᠩᠭᠦ ᠲᠤᠬᠢᠷᠠᠭᠤᠯᠬᠤ ᠬᠡᠷᠡᠭᠲᠡᠢ᠃    ᠠᠷᠪᠠᠳᠤᠭᠠᠷ ᠵᠤᠷᠪᠤᠰ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ᠂ ᠤᠢ ᠮᠣᠳᠣ᠂ ᠤᠶᠢᠲᠤ ᠭᠠᠵᠠᠷ ᠪᠠ ᠪᠠᠶᠢᠭᠠᠯᠢᠯᠢᠭ ᠲᠠᠯ᠎ᠠ ᠨᠤᠲᠤᠭ᠂ ᠲᠠᠷᠢᠮᠠᠯ ᠪᠡᠯᠴᠢᠭᠡᠷ ᠤᠨ ᠡᠵᠡᠩᠨᠡᠯᠲᠡ ᠶᠢᠨ ᠨᠢᠭᠡᠴᠢ ᠪᠠ ᠬᠤᠪᠢ ᠬᠥᠮᠥᠨ ᠤ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ ᠳᠠᠮᠵᠢᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠ ᠭᠠᠮᠰᠢᠭ ᠤᠨ ᠲᠠᠷᠠᠭ᠎ᠠ ᠥᠪᠡᠷ ᠢ ᠪᠠᠨ ᠠᠪᠤᠷᠠᠨ ᠲᠤᠰᠠᠯᠠᠬᠤ ᠴᠢᠳᠠᠪᠤᠷᠢ ᠢ ᠨᠢ ᠳᠡᠭᠡᠭᠰᠢᠯᠡᠭᠦᠯᠦᠨ᠎ᠡ᠃   ᠠᠷᠪᠠᠨ ᠨᠢᠭᠡᠳᠦᠭᠡᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠪᠦᠰᠡ ᠳᠤ ᠬᠤᠯᠪᠣᠭᠳᠠᠬᠤ ᠳᠤ ᠬᠦᠷᠪᠡᠯ᠂ ᠬᠠᠮᠢᠶ᠎ᠠ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠮᠲᠤᠷᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠬᠠᠮᠲᠤᠷᠠᠨ ᠰᠡᠷᠭᠡᠶᠢᠯᠡᠬᠦ ᠣᠷᠣᠨ ᠪᠦᠰᠡ ᠶᠢ ᠲᠣᠭᠲᠠᠭᠠᠨ᠂ ᠬᠠᠮᠲᠤᠷᠠᠨ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠪᠠ ᠬᠠᠮᠲᠤᠷᠠᠨ ᠰᠡᠷᠭᠡᠶᠢᠯᠡᠬᠦ ᠳᠦᠷᠢᠮ ᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃    ᠠᠷᠪᠠᠨ ᠬᠤᠶᠠᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠥᠨ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠯ ᠬᠦᠷᠲᠡᠭᠡᠨ᠎ᠡ᠃    ᠬᠦᠨᠳᠦ ᠶᠡᠭᠡ᠂ ᠣᠨᠴᠠᠭᠠᠢ ᠬᠦᠨᠳᠦ ᠶᠡᠭᠡ ᠣᠢ ᠰᠢᠭᠤᠶ ᠲᠠᠯ᠎ᠠ ᠨᠤᠲᠤᠭ ᠤᠨ ᠲᠦᠢᠮᠡᠷ ᠢ ᠤᠨᠲᠠᠷᠠᠭᠠᠬᠤ ᠶᠠᠪᠤᠴᠠ ᠳᠤ ᠳᠤᠪᠤᠶᠢᠮ᠎ᠠ ᠢᠯᠡᠷᠡᠯ ᠲᠠᠢ ᠨᠢᠭᠡᠴᠢ ᠪᠠ ᠬᠤᠪᠢ ᠬᠥᠮᠦᠨ ᠢ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠲᠡᠷᠡ ᠳᠣᠤᠷ᠎ᠠ ᠨᠢ ᠰᠠᠶᠢᠰᠢᠶᠠᠨ ᠬᠥᠬᠢᠭᠦᠯᠬᠦ ᠪᠠ ᠱᠠᠩᠨᠠᠵᠤ ᠪᠣᠯᠤᠨ᠎ᠠ   ᠬᠤᠶᠠᠳᠤᠭᠠᠷ ᠪᠦᠯᠦᠭ    ᠤᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠣᠬᠢᠶᠠᠨ ᠪᠠᠢᠭᠤᠯᠤᠯᠲᠠ ᠠᠷᠪᠠᠨ ᠭᠤᠷᠪᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠲᠤᠰᠬᠠᠢ ᠲᠤᠰᠢᠶᠠᠯᠲᠤ ᠳᠡᠳ᠋ ᠵᠢᠯᠤᠭᠤᠳᠤᠭᠴᠢ ᠲᠣᠬᠢᠷᠠᠭᠤᠯᠵᠤ᠂ ᠬᠡᠷᠡᠭ ᠡᠷᠬᠢᠯᠡᠬᠦ ᠪᠠᠶᠢᠭᠤᠯᠤᠮᠵᠢ ᠶᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠭᠤᠯᠵᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠳᠦᠷ ᠲᠣᠲᠤᠮ ᠤᠨ ᠠᠵᠢᠯ ᠢ ᠬᠠᠷᠢᠭᠤᠴᠠᠭᠤᠯᠬᠤ ᠬᠡᠷᠡᠭᠲᠡᠢ᠃    ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠲᠤᠰᠬᠠᠶ ᠲᠤᠰᠢᠶᠠᠯᠲᠤ ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠭᠤᠯᠬᠤ ᠬᠡᠷᠡᠭᠲᠡᠶ᠃    ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯᠳᠤ ᠤᠢ ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ ᠬᠠᠷᠢᠶ᠎ᠠ ᠤᠯᠤᠰ ᠤᠨ ᠥᠮᠴᠢᠯᠡᠯᠳᠤ ᠤᠢ ᠰᠢᠭᠤᠢ ᠶᠢᠨ ᠲᠣᠪᠴᠢᠶ᠎ᠠ ᠶᠢᠨ ᠤᠢ ᠰᠢᠭᠤᠢ ᠶᠢᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠡᠵᠡᠩᠨᠡᠯᠲᠡ ᠬᠠᠮᠢᠶᠠᠷᠤᠯᠲᠠ ᠶᠢᠨ ᠢᠶᠠᠨ ᠬᠡᠪᠴᠢᠶᠡᠨ ᠳᠠᠬᠢ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠨ᠎ᠠ᠃    ᠠᠷᠪᠠᠨ ᠳᠥᠷᠪᠡᠳᠦᠭᠡᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄     ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ︔     ︵ᠬᠤᠶᠠᠷ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠠᠵᠢᠯ ᠤᠨ ᠲᠥᠯᠥᠪᠯᠡᠭᠡ ᠪᠠ ᠠᠷᠭ᠎ᠠ ᠬᠡᠮᠵᠢᠶ᠎ᠡ ᠲᠣᠭᠲᠠᠭᠠᠨ᠂ ᠭᠠᠯ ᠲᠦᠢᠮᠡᠷ ᠢ ᠣᠷᠢᠳᠴᠢᠯᠠᠨ ᠰᠡᠷᠭᠡᠶᠢᠯᠡᠬᠦ᠂ ᠤᠨᠲᠠᠷᠠᠭᠠᠨ ᠠᠪᠤᠷᠠᠬᠤ ᠵᠢᠴᠢ ᠲᠡᠭᠦᠨ ᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠎ᠡ︔     ︵ᠭᠤᠷᠪᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ ᠶᠢ ᠰᠢᠮᠳᠠᠭᠤᠯᠵᠤ ᠪᠠᠢᠭᠠᠳ ᠭᠠᠯ ᠰᠡᠷᠭᠡᠶᠢᠯᠡᠬᠦ ᠪᠡᠯᠡᠳᠬᠡᠮᠵᠢ᠂ ᠲᠦᠬᠦᠭᠡᠷᠦᠮᠵᠢ ᠵᠢᠴᠢ ᠭᠠᠯ ᠤᠨᠲᠠᠷᠠᠭᠠᠬᠤ ᠡᠳ᠋ ᠪᠣᠳᠠᠰ ᠤᠨ ᠬᠠᠮᠢᠶᠠᠷᠤᠯᠲᠠ ᠪᠣᠯᠤᠨ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔     ︵ᠳᠥᠷᠪᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠷᠢᠭᠦᠨ ᠤ ᠮᠡᠷᠭᠡᠵᠢᠯ ᠪᠣᠯᠤᠨ ᠲᠦᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠤᠨ᠎ᠠ︔     ︵ᠲᠠᠪᠤ︶ ᠲᠤᠰ ᠱᠠᠲᠤᠨ ᠤ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠠᠭ ᠲᠤᠬᠠᠢ ᠳᠤᠨᠢ ᠡᠬᠢᠯᠡᠭᠦᠯᠵᠦ᠂ ᠭᠠᠯ ᠤᠨᠲᠠᠷᠠᠭᠠᠬᠤ ᠲᠥᠰᠦᠯ ᠲᠣᠭᠲᠠᠭᠠᠨ ᠂ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠶᠢ ᠨᠢᠭᠡᠳᠦᠯᠲᠡᠢ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ︔     ︵ᠵᠢᠷᠭᠤᠭ᠎ᠠ︶ ᠭᠠᠯ ᠤᠨ ᠪᠠᠶᠢᠳᠠᠯ ᠢ ᠬᠢᠨᠠᠨ ᠬᠡᠮᠵᠢᠬᠦ᠂ ᠭᠠᠯ ᠤᠨ ᠠᠶᠤᠯ ᠢ ᠵᠢᠱᠢᠬᠦ᠂ ᠤᠷᠢᠳᠴᠢᠯᠠᠨ ᠮᠡᠳᠡᠭᠡᠯᠡᠬᠦ ᠪᠠ ᠭᠠᠯ ᠲᠦᠢᠮᠡᠷ ᠢ ᠲᠣᠬᠢᠷᠠᠭᠤᠯᠬᠤ᠂ ᠪᠦᠷᠢᠳᠬᠡᠬᠦ᠂ ᠳᠠᠩᠰᠠ ᠡᠪᠬᠡᠮᠡᠯ ᠪᠠᠶᠢᠭᠤᠯᠬᠤ ᠠᠵᠢᠯ ᠢ ᠬᠠᠷᠢᠭᠤᠴᠠᠵᠤ᠂ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠵᠦᠢᠯ ᠢ ᠴᠠᠭ ᠲᠤᠬᠠᠢ ᠳᠤᠨᠢ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠪᠠ ᠳᠣᠷᠣᠭᠰᠢ ᠤᠯᠠᠮᠵᠢᠯᠠᠬᠤ ᠬᠡᠷᠡᠭᠲᠡᠢ     ︵ᠲᠤᠯᠤᠭ᠎ᠠ︶ ᠭᠠᠵᠠᠷ ᠣᠷᠣᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠨ ᠬᠤᠭᠤᠷᠣᠨᠳᠣᠬᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠮᠢᠶ᠎ᠠ ᠪᠦᠬᠦᠢ ᠬᠦᠨᠳᠦ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃    ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠤᠯᠤᠰ ᠤᠨ ᠦᠮᠴᠢᠯᠡᠯᠲᠦ ᠣᠢ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ ᠬᠠᠷᠢᠶ᠎ᠠ ᠤᠯᠤᠰ ᠤᠨ ᠦᠮᠴᠢᠯᠡᠯᠲᠦ ᠣᠢ ᠰᠢᠭᠤᠶ ᠶᠢᠨ ᠲᠣᠪᠴᠢᠶ᠎ᠠ  ᠶᠢᠨ ᠣᠢ ᠰᠢᠭᠤᠶ ᠶᠢᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠡᠮᠦᠨᠡᠬᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠵᠡᠪᠰᠡᠭᠲᠦ ᠴᠠᠭᠳᠠᠭ᠎ᠠ ᠶᠢᠨ ᠤᠢ ᠰᠢᠭᠤᠢ ᠶᠢᠨ ᠴᠡᠷᠢᠭ ᠠᠩᠭᠢ ᠪᠠ ᠠᠭᠠᠷ ᠤᠨ ᠤᠢ ᠰᠢᠭᠤᠢ ᠶᠢ ᠬᠠᠮᠠᠭᠠᠯᠠᠬᠤ ᠥᠷᠲᠡᠭᠡ ᠶᠢ ᠵᠢᠯᠣᠭᠤᠳᠤᠨ ᠳᠠᠶᠢᠴᠢᠯᠠᠵᠤ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠵᠦ ᠪᠣᠯᠤᠨ᠎ᠠ᠃    ᠠᠷᠪᠠᠨ ᠲᠠᠪᠤᠳᠤᠭᠠᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠤ ᠣᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠲᠠᠯᠠᠪᠠᠢ᠂ ᠮᠠᠯᠵᠢᠯ ᠤᠨ ᠲᠠᠯᠠᠪᠠᠢ᠂ ᠲᠡᠮᠦᠷ ᠵᠠᠮ ᠵᠢᠴᠢ ᠪᠤᠰᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠴᠡᠷᠢᠭ ᠠᠩᠭᠢ᠂ ᠭᠠᠴᠠᠭ᠎ᠠ ᠲᠣᠰᠬᠤᠨ ᠵᠡᠷᠭᠡ ᠳᠤ ᠵᠤᠬᠢᠴᠠᠭᠰᠠᠨ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠪᠠᠶᠢᠭᠤᠯᠵᠤ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠬᠤ ᠬᠡᠷᠡᠭᠲᠡᠶ᠃     ᠠᠷᠪᠠᠨ ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠲᠤᠰᠬᠠᠢ ᠮᠡᠷᠭᠡᠵᠢᠯ ᠤᠨ ᠡᠩᠨᠡᠭᠡ ᠪᠠᠶᠢᠭᠤᠯᠬᠤ ᠬᠡᠷᠡᠭᠲᠡᠢ᠃     ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠬᠠᠭᠠᠰ ᠲᠤᠰᠬᠠᠢ ᠮᠡᠷᠭᠡᠵᠢᠯ ᠤᠨ ᠡᠩᠨᠡᠭᠡ ᠪᠤᠶᠤ ᠤᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠢ᠃     ᠭᠠᠴᠠᠭ᠎ᠠ ᠲᠣᠰᠬᠤᠨ ᠬᠡᠷᠡᠭᠴᠡᠭᠡ ᠪᠠᠨ ᠦᠨᠳᠦᠰᠦᠯᠡᠨ ᠣᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ ᠪᠣᠯᠤᠨ᠎ᠠ᠃     ᠤᠯᠤᠰ ᠤᠨ ᠦᠮᠴᠢᠯᠡᠯᠲᠦ ᠣᠢ ᠰᠢᠭᠤᠶ ᠶᠢᠨ ᠲᠣᠪᠴᠢᠶ᠎ᠠ ᠪᠠ ᠣᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠲᠠᠯᠠᠪᠠᠢ᠂ ᠮᠠᠯᠵᠢᠯ ᠤᠨ ᠲᠠᠯᠠᠪᠠᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠢ ᠰᠢᠭᠤᠶ ᠶᠢᠨ ᠴᠡᠴᠡᠷᠯᠢᠭ᠂ ᠵᠢᠭᠤᠯᠴᠢᠯᠠᠯ ᠤᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠦᠶ᠋ᠯᠡᠳᠪᠦᠷᠢ ᠠᠭᠤᠷᠬᠠᠶ ᠶᠢᠨ ᠠᠵᠤ ᠠᠬᠤᠢᠯᠠᠯ᠂ ᠬᠡᠭᠡᠷ᠎ᠡ ᠭᠠᠳᠠᠨᠠᠬᠢ ᠪᠠᠷᠢᠯᠭ᠎ᠠ ᠶᠢᠨ ᠠᠵᠤ ᠠᠬᠤᠶᠢᠯᠠᠯ ᠵᠡᠷᠭᠡ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠠᠴᠠ ᠣᠢ ᠰᠢᠭᠤᠶ ᠲᠠᠯ᠎ᠠ ᠨᠤᠲᠤᠭ ᠤᠨ ᠭᠠᠯ ᠤᠨᠲᠠᠷᠠᠭᠠᠬᠤ ᠲᠤᠰᠬᠠᠶ ᠮᠡᠷᠭᠡᠵᠢᠯ᠂ ᠬᠠᠭᠠᠰ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ᠃     ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃     ᠠᠷᠪᠠᠨ ᠳᠣᠯᠣᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠲᠤᠰᠬᠠᠢ ᠮᠡᠷᠭᠡᠵᠢᠯ᠂ ᠬᠠᠭᠠᠰ ᠲᠤᠰᠬᠠᠢ ᠮᠡᠷᠭᠡᠵᠢᠯ ᠤᠨ ᠡᠩᠨᠡᠭᠡ ᠪᠠ ᠤᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠣᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠡᠩᠨᠡᠭᠡ ᠨᠢ ᠲᠤᠬᠠᠢ ᠶᠢᠨ ᠭᠠᠵᠠᠷ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠶᠢᠨ ᠵᠢᠯᠣᠭᠤᠳᠤᠯᠭ᠎ᠠ᠂ ᠰᠢᠯᠵᠢᠭᠦᠯᠦᠯᠲᠡ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃ ᠠᠷᠪᠠᠨ ᠨᠠᠢᠮᠠᠳᠤᠭᠠᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠭᠴᠢᠳ ᠲᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠦᠨᠡᠮᠯᠡᠯ ᠬᠢᠨᠠᠨ ᠤᠯᠭᠤᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠠᠮᠢᠶᠠᠷᠤᠨ᠂ ᠭᠠᠯ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠭᠠᠯ ᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠬᠡᠷᠡᠭ ᠢ ᠪᠠᠶᠢᠴᠠᠭᠠᠬᠤ ᠬᠡᠷᠡᠭᠲᠡᠶ᠃ ᠭᠤᠷᠪᠠᠳᠤᠭᠠᠷ ᠪᠦᠯᠦᠭ    ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠤᠷᠢᠳᠴᠢᠯᠠᠨ ᠰᠡᠷᠭᠡᠶᠢᠯᠡᠯᠲᠡ    ᠠᠷᠪᠠ ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ  ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃    ᠬᠤᠷᠢᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠰᠢᠭᠤ ᠰᠢᠶᠠᠨ ︵ᠬᠤᠳᠠ᠂ ᠲᠣᠭᠤᠷᠢᠭ︶ ᠢᠶᠠᠷ ᠨᠢᠭᠡᠴᠢ ᠪᠣᠯᠭᠠᠨ ᠤᠢ ᠰᠢᠭᠤᠢ᠂ ᠲᠠᠯ᠎ᠠ ᠨᠤᠲᠤᠭ ᠤᠨ ᠭᠠᠯ ᠤᠨ ᠠᠶᠤᠯ ᠤᠨ ᠣᠷᠣᠨ ᠬᠤᠪᠢᠶᠠᠷᠢᠯᠠᠯ ᠲᠠᠰ ᠢ ᠲᠣᠭᠲᠠᠭᠠᠬᠤ ᠬᠡᠷᠡᠭᠲᠡᠢ᠃   ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠤᠭᠲᠠᠭᠠᠬᠤ ᠬᠡᠷᠡᠭᠲᠡᠢ᠃    ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠤᠯᠤᠰ ᠤᠨ ᠦᠮᠴᠢᠯᠡᠯᠲᠦ ᠤᠢ ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠡᠵᠡᠩᠨᠡᠯᠲᠡ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠠᠨ ᠭᠠᠯ ᠢ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠬᠡᠷᠡᠭᠲᠡᠢ᠃ ᠤᠢ ᠰᠢᠭᠤᠢ ᠲᠠᠯ᠎ᠠ ᠨᠤᠲᠤᠭ ᠤᠨ ᠭᠠᠯ ᠤᠨ ᠠᠶᠤᠯ ᠤᠨ ᠣᠷᠣᠨ ᠬᠤᠪᠢᠶᠠᠷᠢᠯᠠᠯ ᠲᠠᠰ ᠪᠣᠯᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃    ᠬᠤᠷᠢᠨ ᠨᠢᠭᠡᠳᠦᠭᠡᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠵᠣᠬᠢᠶᠠᠨ ᠪᠠᠶᠢᠭᠤᠯᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠳᠣᠣᠷᠠᠬᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠰᠠᠭᠤᠷᠢ ᠪᠦᠲᠦᠭᠡᠨ ᠪᠠᠶᠢᠭᠤᠯᠤᠯᠲᠠ ᠶᠢ ᠬᠢᠬᠦ ᠬᠡᠷᠡᠭᠲᠡᠢ᠄    ︵ᠨᠢᠭᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠤ ᠤᠯᠤᠰ ᠤᠨ ᠬᠢᠯᠢ ᠶᠢᠨ ᠳᠣᠲᠣᠷ᠎ᠠ ᠲᠠᠯ᠎ᠠ ᠵᠢᠴᠢ ᠤᠢ ᠰᠢᠭᠤᠢ ᠮᠠᠯᠵᠢᠬᠤ ᠣᠷᠣᠨ ᠤ ᠲᠥᠪᠯᠡᠷᠡᠭᠰᠡᠨ ᠰᠠᠭᠤᠭᠠᠯᠢ ᠠᠷᠠᠳ ᠤᠨ ᠴᠡᠭ᠂ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠰᠠᠩ ᠬᠥᠮᠥᠷᠭᠡ᠂ ᠰᠤᠷᠭᠠᠭᠤᠯᠢ᠂ ᠴᠡᠷᠢᠭ ᠠᠩᠭᠢ ᠶᠢᠨ ᠬᠤᠸᠠᠷᠠᠨ᠂ ᠴᠢᠬᠤᠯᠠ ᠪᠡᠯᠡᠳᠬᠡᠮᠵᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠬᠠᠭᠤᠴᠢᠳ ᠪᠣᠯᠤᠨ ᠬᠤᠪᠢᠰᠬᠠᠯ ᠤᠨ ᠳᠤᠷᠠᠰᠬᠠᠯᠲᠤ ᠭᠠᠵᠠᠷ ᠤᠨ ᠤᠶᠢᠷ᠎ᠠ ᠬᠠᠪᠢ ᠳᠤ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠪᠠᠶᠢᠷᠢᠯᠠᠭᠤᠯᠬᠤ ᠪᠤᠶᠤ ᠭᠠᠯ ᠢ ᠰᠡᠷᠭᠡᠶᠢᠯᠡᠬᠦ ᠣᠢ ᠶᠢᠨ ᠪᠦᠰᠡ ᠪᠠᠶᠢᠭᠤᠯᠤᠨ᠎ᠠ︔    ︵ᠬᠤᠶᠠᠷ︶ ᠭᠠᠯ ᠢ ᠰᠡᠷᠭᠡᠶᠢᠯᠡᠬᠦ ᠵᠠᠮ ᠲᠡᠭᠡᠭᠡᠪᠦᠷᠢ ᠶᠢᠨ ᠪᠠᠭᠠᠵᠢ᠂ ᠭᠠᠯ ᠤᠨᠲᠠᠷᠠᠭᠠᠬᠤ ᠲᠣᠨᠣᠭᠯᠠᠯ ᠪᠠᠭᠠᠵᠢ ᠬᠡᠷᠡᠭᠰᠡᠯ᠂ ᠪᠠᠷᠠᠯᠠᠬᠤ ᠪᠠ ᠮᠡᠳᠡᠭᠡ ᠬᠤᠯᠪᠣᠭᠠᠨ ᠤ ᠪᠡᠯᠡᠳᠭᠡᠮᠵᠢ ᠲᠥᠬᠦᠭᠡᠷᠦᠮᠵᠢ ᠵᠡᠷᠭᠡ ᠶᠢ ᠲᠤᠬᠢᠷᠠᠭᠤᠯᠤᠨ᠎ᠠ︔    ︵ᠭᠤᠷᠪᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠳᠤ ᠭᠠᠯ ᠢ ᠰᠡᠷᠭᠡᠶᠢᠯᠡᠬᠦ ᠪᠠᠷᠠᠯᠠᠬᠤ ᠴᠠᠮᠬᠠᠭ ᠪᠠᠶᠢᠭᠤᠯᠤᠨ᠎ᠠ︔    ︵ᠳᠥᠷᠪᠡ︶ ᠭᠠᠯ ᠢ ᠰᠡᠷᠭᠡᠶᠢᠯᠡᠬᠦ ᠭᠤᠣᠯᠳᠠᠯᠭ᠎ᠠ ᠲᠠᠢ ᠭᠠᠵᠠᠷ ᠣᠷᠣᠨ ᠳᠤ ᠭᠠᠯ ᠢ ᠰᠡᠷᠭᠡᠶᠢᠯᠡᠬᠦ ᠮᠠᠰᠢᠨ ᠮᠧᠬᠠᠨᠢᠭ ᠤᠨ ᠥᠷᠲᠡᠭᠡ ᠪᠠᠶᠢᠭᠤᠯᠵᠤ᠂ ᠭᠠᠯ ᠢ ᠰᠡᠷᠭᠡᠶᠢᠯᠡᠬᠦ ᠵᠠᠮ ᠵᠠᠰᠠᠵᠤ᠂ ᠭᠠᠯ ᠢ ᠰᠡᠷᠭᠡᠶᠢᠯᠡᠬᠦ ᠡᠳ᠋ ᠪᠣᠳᠠᠰ ᠤᠨ ᠬᠠᠳᠠᠭᠠᠯᠠᠮᠵᠢ ᠶᠢᠨ ᠬᠥᠮᠥᠷᠭᠡ ᠪᠠᠶᠢᠭᠤᠯᠵᠤ᠂ ᠴᠢᠬᠤᠯᠠ ᠪᠦᠬᠦᠢ ᠭᠠᠯ ᠢ ᠰᠡᠷᠭᠡᠶᠢᠯᠡᠬᠦ ᠡᠳ᠋ ᠪᠣᠳᠠᠰ ᠢ ᠨᠦᠬᠡᠴᠡᠯᠡᠨ᠎ᠡ︔    ︵ᠲᠠᠪᠤ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠳᠤ᠂ ᠭᠠᠯ ᠤᠨ ᠠᠶᠤᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠪᠠ ᠤᠷᠢᠳᠴᠢᠯᠠᠨ ᠮᠡᠳᠡᠭᠡᠯᠡᠬᠦ ᠥᠷᠲᠡᠭᠡ ᠴᠡᠭ ᠪᠠᠶᠢᠭᠤᠯᠤᠨ᠎ᠠ︔    ︵ᠵᠢᠷᠭᠤᠭ᠎ᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠮᠡᠳᠡᠭᠡ ᠵᠠᠩᠭᠢ ᠶᠢᠨ ᠰᠦᠯᠵᠢᠶ᠎ᠡ ᠪᠠ ᠵᠢᠯᠣᠭᠤᠳᠬᠤ ᠰᠢᠰᠲ᠋ᠧᠮ ᠢ ᠪᠠᠶᠢᠭᠤᠯᠤᠨ᠎ᠠ︔    ︵ᠲᠤᠯᠤᠭ᠎ᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠦᠭᠰᠢᠭᠦᠷᠢ ᠮᠡᠳᠡᠭᠦᠯᠬᠦ ᠳ᠋ᠢᠶᠠᠩᠬᠤᠸᠠ 12119 ᠶᠢ ᠨᠡᠪᠲᠡᠷᠡᠭᠦᠯᠦᠨ᠎ᠡ᠃    ᠬᠤᠷᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ  ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ᠤᠯᠤᠰ ᠤᠨ ᠦᠮᠴᠢᠯᠡᠯᠲᠦ ᠣᠢ ᠰᠢᠭᠤᠶ ᠶᠢᠨ ᠲᠣᠪᠴᠢᠶ᠎ᠠ ᠪᠠ ᠣᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠲᠠᠯᠠᠪᠠᠢ᠂ ᠮᠠᠯᠵᠢᠯ ᠤᠨ ᠲᠠᠯᠠᠪᠠᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠢ ᠰᠢᠭᠤᠶ ᠶᠢᠨ ᠴᠡᠴᠡᠷᠯᠢᠭ᠂ ᠵᠢᠭᠤᠯᠴᠢᠯᠠᠯ ᠤᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠦᠶ᠋ᠯᠡᠳᠪᠦᠷᠢ ᠠᠭᠤᠷᠬᠠᠶ ᠶᠢᠨ ᠠᠵᠤ ᠠᠬᠤᠢᠯᠠᠯ ᠵᠡᠷᠭᠡ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠣᠬᠢᠶᠠᠨ ᠪᠠᠶᠢᠭᠤᠯᠤᠨ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠶᠢ ᠲᠣᠭᠲᠠᠭᠠᠬᠤ ᠬᠡᠷᠡᠭᠲᠡᠢ᠃    ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠢ᠃   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠨᠢᠭᠡᠴᠢ ᠠᠴᠠ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠵᠢᠯ ᠪᠦᠷᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃    ᠬᠤᠷᠢᠨ ᠭᠤᠷᠪᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠨᠢᠭᠡᠴᠢ ᠶᠢ ᠲᠣᠭᠲᠠᠭᠠᠨ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃   ᠣᠢ ᠰᠢᠭᠤᠶ᠂ ᠣᠢ ᠮᠣᠳᠣ᠂ ᠤᠶᠢᠲᠤ ᠭᠠᠵᠠᠷ ᠪᠠ ᠪᠠᠶᠢᠭᠠᠯᠢᠯᠢᠭ ᠲᠠᠯ᠎ᠠ ᠨᠤᠲᠤᠭ᠂ ᠲᠠᠷᠢᠮᠠᠯ ᠪᠡᠯᠴᠢᠭᠡᠷ ᠢ ᠡᠵᠡᠩᠨᠡᠬᠦ ᠨᠢᠭᠡᠴᠢ ᠪᠣᠯᠤᠨ ᠬᠤᠪᠢ ᠬᠥᠮᠥᠨ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭᠠᠲᠠᠨ ᠢ ᠲᠣᠭᠲᠠᠭᠠᠬᠤ ᠬᠡᠷᠡᠭᠲᠡᠶ᠃   ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠬᠥᠮᠥᠨ ᠪᠠ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠶᠢᠨ ᠴᠢᠳᠠᠪᠤᠷᠢ ᠲᠠᠢ ᠬᠥᠮᠦᠨ ᠤ ᠬᠠᠷᠠᠭᠠᠯᠵᠠᠨ ᠬᠠᠮᠠᠭᠠᠯᠠᠭᠴᠢ ᠨᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠠᠭᠠᠯᠵᠠᠨ ᠬᠠᠮᠠᠭᠠᠯᠠᠭᠳᠠᠭᠴᠢ ᠶᠢᠨ ᠭᠠᠯ ᠲᠦᠢᠮᠡᠷ ᠲᠠᠯᠪᠢᠬᠤ ᠠᠴᠠ ᠰᠡᠷᠭᠡᠶᠢᠯᠡᠬᠦ ᠬᠡᠷᠡᠭᠲᠡᠶ᠃    ᠬᠤᠷᠢᠨ ᠳᠥᠷᠪᠡᠳᠦᠭᠡᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠨᠢᠭᠡᠴᠢ ᠪᠠ ᠭᠠᠴᠠᠭ᠎ᠠ ᠲᠤᠰᠬᠤᠨ ᠳᠣᠤᠷ᠎ᠠ ᠵᠢᠭᠰᠠᠭᠠᠭᠰᠠᠨ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠶ᠋ᠴᠡᠳᠬᠡᠬᠦ ᠬᠡᠷᠡᠭᠲᠡᠶ᠄    ︵ᠨᠢᠭᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠳᠦᠷᠢᠮ ᠢ ᠲᠣᠭᠲᠠᠭᠠᠬᠤ ᠬᠡᠷᠡᠭᠲᠡᠢ︔    ︵ᠬᠤᠶᠠᠷ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠵᠦ᠂ ᠭᠠᠯ ᠢ ᠰᠡᠷᠭᠡᠶᠢᠯᠡᠬᠦ ᠬᠠᠷᠢᠭᠤᠴᠠᠯᠭᠠᠲᠠᠨ ᠪᠠ ᠬᠠᠷᠢᠭᠤᠴᠠᠯᠭ᠎ᠠ ᠶᠢᠨ ᠣᠷᠣᠨ ᠢ ᠲᠣᠭᠲᠠᠭᠠᠬᠤ ᠬᠡᠷᠡᠭᠲᠡᠢ︔    ︵ᠭᠤᠷᠪᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠬᠡᠷᠡᠭᠲᠡᠢ︔    ︵ᠳᠥᠷᠪᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ  ᠶᠢ ᠲᠣᠭᠲᠠᠮᠠᠯ ᠬᠤᠭᠤᠴᠠᠭ᠎ᠠ ᠲᠠᠢ ᠦᠷᠨᠢᠭᠦᠯᠵᠦ᠂ ᠭᠠᠯ ᠲᠦᠢᠮᠡᠷ ᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ︔    ︵ᠲᠠᠪᠤ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ᠂ ᠲᠦᠬᠦᠭᠡᠷᠦᠮᠵᠢ ᠪᠠ ᠤᠬᠠᠭᠤᠯᠬᠤ ᠲᠡᠮᠳᠡᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠠᠮᠠᠭᠠᠯᠠᠬᠤ ᠬᠡᠷᠡᠭᠲᠡᠢ᠃    ᠬᠤᠷᠢᠨ ᠲᠠᠪᠤᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠠᠷᠠᠳ ᠢᠷᠭᠡᠳ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃    ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠪᠠ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠨᠢᠭᠡᠴᠢ ᠠᠴᠠ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃    ᠵᠠᠮ ᠲᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠵᠤ ᠣᠯᠤᠭᠰᠠᠨ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠶᠢᠳᠠᠯ ᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃    ᠰᠤᠷᠭᠠᠭᠤᠯᠢ ᠠᠴᠠ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠬᠡᠷᠡᠭᠲᠡᠢ᠃   ᠬᠤᠷᠢᠨ ᠵᠢᠷᠭᠤᠳᠤᠭᠠᠷ ᠵᠤᠷᠪᠤᠰ  ᠰᠢᠭᠤᠶᠢᠲᠤ ᠣᠷᠣᠨ᠂ ᠲᠠᠯ᠎ᠠ ᠨᠤᠲᠤᠭ ᠲᠤ ᠬᠠᠤᠯᠢ ᠶᠣᠰᠣᠭᠠᠷ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠡᠷᠬᠢᠯᠡᠬᠦ᠂ ᠵᠢᠭᠤᠯᠴᠢᠯᠠᠯ ᠤᠨ ᠣᠷᠣᠨ ᠪᠠᠶᠢᠭᠤᠯᠬᠤ ᠪᠤᠶᠤ ᠨᠡᠭᠡᠭᠡᠯᠲᠡ ᠶᠢᠨ ᠣᠷᠣᠨ ᠰᠢᠨ᠎ᠡ ᠪᠠᠷ ᠪᠠᠶᠢᠭᠤᠯᠬᠤ ᠳᠤ᠂ ᠲᠡᠭᠦᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠡᠯᠡᠳᠭᠡᠮᠵᠢ ᠶᠢ ᠲᠤᠰ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠰᠢᠯᠭᠠᠨ ᠠᠪᠬᠤ ᠬᠡᠷᠡᠭᠲᠡᠶ︔ ᠰᠢᠭᠤᠶᠢᠲᠤ ᠣᠷᠣᠨ ᠳᠤ ᠦᠷᠬᠦᠯᠵᠢᠯᠡᠨ ᠣᠶᠢᠵᠢᠭᠤᠯᠬᠤ ᠳᠠᠭᠠᠨ ᠤᠢ ᠰᠢᠭᠤᠶ ᠶᠢᠨ ᠭᠠᠯ ᠢ ᠰᠡᠷᠭᠡᠶᠢᠯᠡᠬᠦ ᠪᠡᠯᠡᠳᠭᠡᠮᠵᠢ ᠶᠢ ᠬᠠᠮᠲᠤ ᠳᠤᠨᠢ ᠢᠵᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃    ᠰᠢᠭᠤᠶᠢᠲᠤ ᠣᠷᠣᠨ᠂ ᠲᠠᠯ᠎ᠠ ᠨᠤᠲᠤᠭ ᠲᠤ ᠨᠣᠴᠣᠮᠠᠲᠠᠭᠠᠶ ᠳᠡᠯᠪᠡᠷᠡᠮᠡᠲᠡᠭᠡᠢ ᠠᠶᠤᠯᠲᠤ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠭᠠᠯ ᠢ ᠰᠡᠷᠭᠡᠶᠢᠯᠡᠬᠦ ᠠᠶᠤᠯᠭᠦᠶ ᠭᠠᠵᠠᠷ ᠣᠷᠣᠨ  ᠳᠤ ᠲᠤᠬᠢᠷᠠᠭᠤᠯᠬᠤ ᠬᠡᠷᠡᠭᠲᠡᠶ᠃    ᠬᠤᠷᠢᠨ ᠳᠣᠯᠣᠳᠤᠭᠠᠷ ᠵᠤᠷᠪᠤᠰ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠰᠢᠲᠠᠮᠠᠬᠠᠶ ᠬᠡᠢ᠂ ᠬᠢᠮᠢ ᠶᠢᠨ ᠠᠵᠤ ᠦᠶ᠋ᠯᠡᠳᠪᠦᠷᠢ ᠶᠢᠨ ᠳᠠᠮᠵᠢᠭᠤᠯᠬᠤ ᠬᠤᠭᠤᠯᠠᠶ ᠶᠢᠨ ᠬᠠᠮᠢᠶᠠᠷᠤᠯᠲᠠ ᠶᠢᠨ ᠨᠢᠭᠡᠴᠢ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠨᠢ ᠬᠡᠭᠡᠷ᠎ᠡ ᠭᠠᠳᠠᠨ᠎ᠠ ᠠᠵᠢᠯᠯᠠᠬᠤ ᠳᠠᠭᠠᠨ ᠭᠠᠯ ᠠᠮᠠᠷᠬᠠᠨ ᠭᠠᠷᠳᠠᠭ ᠭᠠᠵᠠᠷ ᠪᠠ ᠣᠷᠣᠨ ᠪᠦᠰᠡ ᠳᠤ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠪᠠ ᠭᠠᠯ ᠢ ᠰᠡᠷᠭᠡᠶᠢᠯᠡᠬᠦ ᠰᠡᠷᠡᠮᠵᠢᠭᠦᠯᠦᠨ ᠤᠬᠠᠭᠤᠯᠬᠤ ᠲᠡᠮᠳᠡᠭ ᠲᠠᠯᠪᠢᠬᠤ ᠬᠡᠷᠡᠭᠲᠡᠶ ᠪᠥᠭᠡᠳ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃    ᠬᠤᠷᠢᠨ ᠨᠠᠢᠮᠠᠳᠤᠭᠠᠷ ᠵᠤᠷᠪᠤᠰ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ  ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ︔ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠭᠠᠯ ᠲᠦᠢᠮᠡᠷ ᠤᠨ ᠳᠠᠯᠳᠠ ᠬᠡᠮ ᠢ ᠴᠠᠭ ᠲᠤᠬᠠᠢ ᠳᠤᠨᠢ ᠴᠡᠭᠴᠡᠯᠡᠨ ᠰᠠᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠳᠠᠯᠳᠠ ᠬᠡᠮ ᠢ ᠠᠷᠢᠯᠭᠠᠬᠤ ᠬᠡᠷᠡᠭᠲᠡᠢ᠃    ᠪᠠᠶᠢᠴᠠᠭᠠᠭᠳᠠᠬᠤ ᠨᠢᠭᠡᠴᠢ ᠢᠳᠡᠪᠬᠢᠲᠡᠶ ᠬᠠᠮᠵᠢᠯᠴᠠᠬᠤ ᠬᠡᠷᠡᠭᠲᠡᠶ᠂ ᠬᠤᠷᠢᠭᠯᠠᠨ ᠰᠠᠭᠠᠲᠠᠭᠠᠵᠤ᠂ ᠬᠠᠷᠰᠢᠯᠠᠵᠤ ᠪᠣᠯᠬᠤ ᠦᠭᠡᠢ᠃    ᠬᠤᠷᠢ ᠶᠢᠰᠦᠳᠦᠭᠡᠷ ᠵᠤᠷᠪᠤᠰ   ᠵᠢᠯ ᠪᠦᠷᠢ ᠶᠢᠨ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ᠂ 9 ᠳ᠋ᠦ᠋ᠭᠡᠷ ᠰᠠᠷ᠎ᠠ ᠶᠢᠨ 15 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠤᠯ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠤᠭᠤᠴᠠᠭ᠎ᠠ ᠪᠤᠯᠤᠨ᠎ᠠ ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠪᠠ ᠭᠠᠯ ᠲᠦᠢᠮᠡᠷ ᠡᠭᠦᠰᠬᠦ ᠵᠢᠮ᠎ᠡ ᠶᠣᠰᠣ ᠶᠢ ᠦᠨᠳᠦᠰᠦᠯᠡᠨ᠂ ᠭᠠᠯ ᠰᠡᠷᠭᠡᠶᠢᠯᠡᠬᠦ ᠬᠤᠭᠤᠴᠠᠭ᠎ᠠ ᠳᠤ ᠤᠷᠢᠳᠴᠢᠯᠠᠨ ᠣᠷᠣᠬᠤ ᠪᠤᠶᠤ ᠤᠷᠲᠤᠳᠬᠠᠬᠤ ᠶᠢ ᠲᠣᠭᠲᠠᠭᠠᠵᠤ ᠪᠣᠯᠤᠨ᠎ᠠ᠃   ᠭᠤᠴᠢᠳᠤᠭᠠᠷ ᠵᠤᠷᠪᠤᠰ   ᠭᠠᠯ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠬᠤᠷᠢᠨ ᠳᠥᠷᠪᠡᠨ ᠴᠠᠭ ᠤᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠢ᠃   ᠭᠤᠴᠢᠨ ᠨᠢᠭᠡᠳᠦᠭᠡᠷ ᠵᠤᠷᠪᠤᠰ ᠟ᠭᠠᠯ ᠰᠡᠷᠭᠡᠶᠢᠯᠡᠬᠦ ᠬᠤᠭᠤᠴᠠᠭᠠᠨ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠥᠨᠳᠥᠷ ᠳᠤᠯᠠᠭᠠᠨ᠂ ᠭᠠᠩ ᠬᠠᠭᠤᠷᠠᠢ᠂ ᠶᠡᠭᠡ ᠰᠠᠯᠬᠢ ᠵᠡᠷᠭᠡ ᠦᠨᠳᠦᠷ ᠭᠠᠯ ᠤᠨ ᠠᠶᠤᠯᠲᠠᠢ ᠴᠠᠭ ᠠᠭᠤᠷ ᠢ ᠦᠨᠳᠦᠰᠦᠯᠡᠨ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠤ ᠣᠷᠣᠨ ᠢ ᠬᠤᠪᠢᠶᠠᠷᠢᠯᠠᠨ ᠲᠣᠭᠲᠠᠭᠠᠵᠤ᠂ ᠦᠨᠳᠦᠷ ᠭᠠᠯ ᠤᠨ ᠠᠶᠤᠯᠲᠠᠢ ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ ᠦᠨᠳᠦᠷ ᠭᠠᠯ ᠤᠨ ᠠᠶᠤᠯᠲᠠᠢ ᠰᠡᠷᠡᠮᠵᠢ ᠶᠢᠨ ᠳᠣᠬᠢᠶ᠎ᠠ ᠥᠭᠬᠦ ᠬᠡᠷᠡᠭᠲᠡᠢ᠃ ᠴᠢᠬᠤᠯᠠᠲᠠᠢ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠠᠷᠯᠢᠭ ᠨᠡᠶᠢᠲᠡᠯᠡᠵᠦ᠂ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠡᠭᠦᠰᠴᠦ ᠮᠡᠳᠡᠬᠦ ᠰᠠᠭᠤᠭᠠᠯᠢ ᠠᠷᠠᠳ ᠤᠨ ᠠᠮᠢᠳᠤᠷᠠᠯ ᠳᠤ ᠭᠠᠯ ᠬᠡᠷᠡᠭᠯᠡᠬᠦ ᠶᠢ ᠴᠢᠩᠭ᠎ᠠ ᠬᠠᠮᠢᠶᠠᠷᠤᠨ᠎ᠠ᠃    ᠭᠤᠴᠢᠨ ᠬᠤᠶᠠᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠠᠢ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠥᠨ ᠴᠦᠮ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠤ ᠣᠷᠣᠨ ᠳᠤ ᠳᠤᠷ᠎ᠠ ᠪᠠᠷ ᠣᠷᠣᠵᠤ ᠪᠣᠯᠬᠤ ᠥᠬᠡᠶ᠃ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠂ ᠠᠶᠤᠯ ᠠᠴᠠ ᠠᠪᠤᠷᠠᠬᠤ ᠵᠡᠷᠭᠡ ᠠᠴᠠ ᠪᠣᠯᠵᠤ ᠦᠨᠡᠬᠡᠷ ᠣᠷᠣᠬᠤ ᠴᠢᠬᠤᠯᠠᠲᠠᠶ ᠪᠣᠯ ᠬᠠᠤᠯᠢ ᠶᠣᠰᠣᠭᠠᠷ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃    ᠵᠥᠪᠰᠢᠶᠡᠷᠡᠭᠦᠯᠦᠭᠡᠳ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠤ ᠣᠷᠣᠨ ᠳᠤ ᠣᠷᠣᠭᠰᠠᠨ ᠪᠣᠯ ᠵᠥᠪᠰᠢᠶᠡᠷᠡᠭᠰᠡᠨ ᠴᠠᠭ ᠬᠤᠭᠤᠴᠠᠭ᠎ᠠ᠂ ᠭᠠᠵᠠᠷ ᠣᠷᠣᠨ᠂ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ᠃    ᠭᠤᠴᠢᠨ ᠭᠤᠷᠪᠠᠳᠤᠭᠠᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠵᠤ ᠪᠣᠯᠤᠨ᠎ᠠ᠃ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠠᠶᠢᠴᠠᠭᠠᠯᠲᠠ ᠶᠢᠨ ᠡᠭᠦᠷᠭᠡ ᠶᠢ ᠭᠦᠶ᠋ᠴᠡᠳᠬᠡᠵᠦ ᠪᠠᠶᠢᠭ᠎ᠠ ᠬᠥᠮᠦᠰ ᠲᠤᠰᠬᠠᠶ ᠲᠡᠮᠳᠡᠭ ᠵᠡᠭᠦᠵᠦ᠂ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠳᠤ ᠣᠷᠣᠭᠰᠠᠨ ᠲᠡᠷᠭᠡ ᠤᠨᠤᠭ᠎ᠠ᠂ ᠬᠦᠮᠦᠰ ᠲᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠪᠠ ᠭᠠᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠢᠵᠦ᠂ ᠭᠠᠯ ᠢ ᠰᠡᠷᠭᠡᠶᠢᠯᠡᠬᠦ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠥᠨ ᠬᠤᠷᠢᠭᠯᠠᠨ ᠰᠠᠭᠠᠲᠠᠭᠠᠵᠤ᠂ ᠲᠡᠪᠴᠢᠵᠦ ᠪᠣᠯᠬᠤ ᠥᠬᠡᠶ᠃    ᠭᠤᠴᠢᠨ ᠳᠥᠷᠪᠡᠳᠦᠭᠡᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠲᠠᠯ᠎ᠠ ᠨᠤᠲᠤᠭ  ᠤᠨ ᠭᠠᠯ ᠢ ᠰᠡᠷᠭᠡᠶᠢᠯᠡᠬᠦ ᠣᠷᠣᠨ ᠳᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠬᠤ᠂ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠭᠠᠵᠠᠷ ︵ᠳᠠᠯᠠᠩ︶᠂ ᠲᠡᠵᠢᠭᠡᠯ ᠡᠪᠡᠰᠦ᠂ ᠡᠰᠢ ᠰᠦᠷᠡᠯ ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠳᠤ ᠡᠭᠡᠭᠡᠬᠦ᠂ ᠬᠡᠭᠡᠷ᠎ᠡ ᠲᠤᠭᠤᠭᠠᠯᠠᠬᠤ ᠪᠠ ᠬᠤᠸᠠᠷ ᠫᠤᠤᠵᠢᠩ᠂ ᠳᠡᠭᠳᠡᠭᠦᠷ ᠳ᠋ᠧᠩᠯᠦ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃    ᠭᠤᠴᠢᠨ ᠲᠠᠪᠤᠳᠤᠭᠠᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠤ ᠳᠣᠲᠣᠷ᠎ᠠ᠂ ᠦᠢᠯᠡᠳᠪᠦᠷᠢᠯᠡᠯ ᠠᠮᠢᠳᠤᠷᠠᠯ ᠤᠨ ᠣᠨᠴᠠᠭᠠᠢ ᠪᠠᠶᠢᠳᠠᠯ ᠠᠴᠠ ᠪᠣᠯᠵᠤ ᠦᠨᠡᠨ ᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠢ ᠪᠠᠶᠢᠪᠠᠯ᠂ ᠳᠣᠣᠷ᠎ᠠ ᠵᠢᠭᠰᠠᠭᠠᠭᠰᠠᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠄    ︵ᠨᠢᠭᠡ︶ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠰᠢᠲᠠᠭᠠᠵᠤ᠂ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠴᠢᠬᠤᠯᠠᠲᠠᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ  ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠬᠦ ᠬᠡᠷᠡᠭᠲᠡᠢ᠂ ᠵᠦᠪᠰᠢᠶᠡᠷᠡᠭᠦᠯᠦᠭᠡᠳ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠳᠡᠭᠡᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠵᠤ᠂ ᠭᠠᠯ ᠤᠨᠲᠠᠷᠠᠭᠠᠬᠤ ᠬᠥᠮᠦᠰ ᠲᠤᠬᠢᠷᠠᠭᠤᠯᠤᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠡᠯᠡᠳᠬᠡᠵᠦ᠂ ᠳᠥᠷᠪᠡᠳᠦᠭᠡᠷ ᠳᠡᠰ ᠤᠨ ᠰᠠᠯᠬᠢᠨ ᠠᠴᠠ ᠳᠣᠷᠣᠭᠰᠢᠬᠢ ᠴᠠᠭ ᠠᠭᠤᠷ ᠲᠤ ᠵᠣᠬᠢᠶᠠᠨ ᠪᠠᠶᠢᠭᠤᠯᠤᠯᠲᠠ ᠲᠠᠢ ᠪᠠᠷ ᠭᠠᠯ ᠬᠡᠷᠡᠭᠯᠡᠬᠦ ᠶᠢᠨ ᠬᠠᠮᠲᠤ ᠭᠠᠯ ᠬᠡᠷᠡᠭᠯᠡᠬᠦ ᠴᠠᠭ ᠢᠶᠠᠨ ᠬᠥᠷᠰᠢ ᠵᠡᠷᠭᠡᠯᠡᠳᠡᠭᠡ ᠭᠠᠵᠠᠷ ᠣᠷᠣᠨ ᠳᠤ ᠮᠡᠳᠡᠭᠳᠡᠬᠦ ᠬᠡᠷᠡᠭᠲᠡᠢ᠃    ︵ᠬᠤᠶᠠᠷ︶ ᠬᠡᠭᠡᠷ᠎ᠡ ᠭᠠᠳᠠᠨ᠎ᠠ ᠠᠮᠢᠳᠣᠷᠠᠵᠤ ᠭᠠᠯ ᠬᠡᠷᠡᠭᠯᠡᠬᠦ ᠴᠢᠬᠤᠯᠠᠲᠠᠶ ᠪᠠᠶᠢᠪᠠᠯ᠂ ᠠᠶᠤᠯᠭᠦᠶ ᠭᠠᠵᠠᠷ ᠢ ᠰᠣᠩᠭᠤᠵᠤ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠪᠤᠶᠤ ᠭᠠᠯ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠂ ᠭᠠᠯ ᠬᠡᠷᠡᠭᠯᠡᠭᠰᠡᠨ ᠤ ᠲᠠᠷᠠᠭ᠎ᠠ ᠡᠷᠬᠡᠪᠰᠢ ᠦᠯᠡᠳᠡᠪᠦᠷᠢ ᠭᠠᠯ ᠢ ᠲᠦᠢᠯᠪᠤᠷᠢᠲᠠᠶ ᠠᠷᠢᠯᠭᠠᠬᠤ ᠬᠡᠷᠡᠭᠲᠡᠶ᠃    ᠭᠤᠴᠢᠨ ᠵᠢᠷᠭᠤᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠲᠡᠷᠭᠡ ᠤᠨᠤᠭ᠎ᠠ᠂ ᠪᠠᠭᠠᠵᠢ ᠬᠡᠷᠡᠭᠰᠡᠯ᠂ ᠴᠢᠮᠡᠭᠡ ᠬᠤᠯᠪᠣᠭ᠎ᠠ ᠵᠡᠷᠭᠡ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠠᠮᠠᠭᠠᠯᠠᠵᠤ᠂ ᠰᠢᠨᠡᠳᠬᠡᠬᠦ ᠬᠡᠷᠡᠭᠲᠡᠢ᠃    ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠶ ᠲᠡᠷᠭᠡ ᠤᠨᠤᠭ᠎ᠠ ᠨᠢ ᠲᠡᠷᠭᠡ ᠬᠤᠳᠠᠯᠳᠤᠨ ᠠᠪᠬᠤ ᠭᠠᠶᠢᠯᠢ᠂ ᠲᠡᠷᠭᠡ ᠨᠡᠪᠲᠡᠷᠡᠭᠦᠯᠬᠦ ᠵᠠᠷᠤᠳᠠᠯ ᠲᠤᠰᠢᠶᠠᠬᠤ ᠦᠭᠡᠢ ᠪᠦᠭᠡᠳ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠶ ᠫᠠᠶᠢᠰᠠ ᠦᠨᠡᠮᠯᠡᠯ ᠲᠣᠬᠢᠷᠠᠭᠤᠯᠤᠨ᠎ᠠ᠃ ᠭᠠᠯ ᠤᠨᠲᠠᠷᠠᠭᠠᠬᠤ ᠡᠭᠦᠷᠭᠡ ᠶᠢ ᠭᠦᠢᠴᠡᠳᠭᠡᠬᠦ ᠪᠠᠷ ᠲᠦᠷ ᠴᠠᠭ ᠲᠠᠲᠠᠵᠤ ᠬᠡᠷᠡᠭᠯᠡᠬᠦ ᠲᠡᠷᠭᠡ ᠤᠨᠤᠭ᠎ᠠ ᠨᠢ ᠭᠠᠯ ᠤᠨᠲᠠᠷᠠᠭᠠᠬᠤ ᠬᠤᠭᠤᠴᠠᠭᠠᠨ ᠳᠤ ᠲᠡᠷᠭᠡ ᠨᠡᠪᠲᠡᠷᠡᠭᠦᠯᠬᠦ ᠵᠠᠷᠤᠳᠠᠯ ᠲᠤᠰᠢᠶᠠᠬᠤ ᠥᠬᠡᠶ᠃    ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠶ ᠷᠠᠳᠢᠣ᠋ ᠬᠤᠯᠪᠣᠭ᠎ᠠ ᠨᠢ ᠷᠠᠳᠢᠣ᠋ ᠬᠤᠯᠪᠣᠭᠠᠨ ᠤ ᠳᠠᠪᠲᠠᠮᠵᠢ ᠶᠢ ᠡᠵᠡᠯᠡᠨ ᠬᠡᠷᠡᠭᠯᠡᠬᠦ ᠰᠦᠢᠳᠬᠡᠯ ᠲᠤᠰᠢᠶᠠᠬᠤ ᠥᠬᠡᠶ᠃    ᠭᠤᠴᠢᠨ ᠳᠣᠯᠣᠳᠤᠭᠠᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠥᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠡᠯᠡᠳᠬᠡᠮᠵᠢ ᠲᠥᠬᠦᠭᠡᠷᠦᠮᠵᠢ ᠶᠢ ᠡᠪᠳᠡᠬᠦ᠂ ᠡᠵᠡᠯᠡᠬᠦ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠶᠢ ᠬᠤᠷᠢᠭᠯᠠᠨ ᠬᠠᠷᠰᠢᠯᠠᠬᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠷᠠᠳᠢᠣ᠋ ᠬᠤᠯᠪᠣᠭ᠎ᠠ ᠶᠢᠨ ᠳᠠᠪᠲᠠᠮᠵᠢ ᠶᠢ ᠰᠢᠬᠠᠨ ᠡᠵᠡᠯᠡᠵᠦ ᠬᠠᠷᠰᠢᠯᠠᠵᠤ ᠪᠣᠯᠬᠤ ᠥᠬᠡᠶ᠃  
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号