ᠠᠩᠬᠠᠷ︕ ᠵᠤᠨ ᠤ ᠤᠯᠠᠷᠢᠯ ᠳᠤ ᠢᠩᠭᠢᠵᠦ ᠢᠳᠡᠵᠦ ᠪᠣᠯᠬᠤ ᠦᠭᠡᠢ᠂ ᠬᠦᠢᠳᠡᠨ ᠣᠮᠳᠠᠭᠠᠨ ᠣᠣᠭᠤᠬᠤ ᠨᠢ ᠪᠡᠶ᠎ᠡ ᠶᠢᠨ ᠲᠣᠯᠠᠭᠠᠨ ᠢ ᠪᠠᠭᠤᠷᠠᠭᠤᠯᠵᠦ ᠴᠢᠳᠠᠬᠤ ᠤᠤ︖
ᠨᠡᠶᠢᠲᠡᠯᠡᠭᠰᠡᠨ ᠴᠠᠭ᠄
2020/7/15
   ᠠᠭᠠᠬᠢᠮ᠎ᠠ ᠬᠠᠯᠠᠭᠤᠨ ᠡᠳᠦᠷ ᠬᠦᠢᠳᠡᠨ ᠣᠮᠳᠠᠭᠠᠨ ᠣᠣᠭᠤᠭᠰᠠᠨ ᠤ ᠲᠠᠷᠠᠭ᠎ᠠ ᠲᠠᠨ ᠳᠤ ᠮᠠᠰᠢ ᠲᠠᠭᠠᠳᠠᠢ ᠰᠠᠨᠠᠭᠳᠠᠳᠠᠭ ᠪᠠᠶᠢᠬ᠎ᠠ᠃ ᠬᠡᠪᠡᠴᠦ ᠬᠦᠢᠲᠡᠨ ᠤᠮᠳᠠᠭᠠᠨ ᠨᠢ ᠦᠨᠡᠨ ᠳᠡᠭᠡᠨ ᠵᠦᠪᠬᠡᠨ ᠠᠮᠠᠨ ᠤ ᠬᠦᠨᠳᠡᠢ ᠶᠢᠨ ᠲᠣᠯᠠᠭᠠᠨ ᠤ ᠬᠡᠮᠵᠢᠶ᠎ᠠ ᠶᠢ ᠪᠠᠭᠤᠷᠠᠭᠤᠯᠵᠦ ᠴᠢᠳᠠᠬᠤ ᠠᠴᠠ ᠪᠢᠰᠢ ᠪᠡᠶ᠎ᠡ ᠶᠢᠨ ᠲᠣᠯᠠᠭᠠᠨ ᠢ ᠴᠢᠨᠢ ᠪᠠᠭᠤᠷᠠᠭᠤᠯᠵᠤ ᠴᠢᠳᠠᠬᠤ ᠦᠭᠡᠢ ᠶᠤᠮ᠃ ᠡᠭᠦᠨ ᠢᠶᠠᠷ ᠪᠠᠷᠠᠬᠤ ᠦᠭᠡᠢ ᠭᠡᠳᠡᠷᠭᠦ ᠪᠠᠨ ᠬᠠᠷᠢᠨ ᠴᠢᠰᠦᠨ ᠤ ᠡᠷᠬᠢᠯᠳᠡ ᠶᠢᠨ ᠬᠤᠷᠳᠣᠴᠨ ᠶᠢ ᠤᠳᠠᠭᠠᠰᠢᠷᠠᠭᠤᠯᠵᠤ᠂ ᠬᠥᠯᠥᠰᠦ ᠭᠠᠷᠬᠤ ᠦᠭᠡᠢ ᠪᠣᠯᠣᠨ᠎ᠠ᠃ ᠬᠦᠢᠳᠡᠨ ᠣᠮᠳᠠᠭᠠᠨ ᠣᠣᠭᠤᠬᠤ ᠨᠢ ᠪᠡᠶ᠎ᠡ ᠶᠢᠨ ᠲᠣᠯᠠᠭᠠᠨ ᠢ ᠪᠠᠭᠤᠷᠠᠭᠤᠯᠵᠦ ᠴᠢᠳᠠᠬᠤ ᠦᠬᠡᠢ ᠪᠠᠷ ᠦᠯᠦ ᠪᠠᠷᠠᠮ ᠬᠡᠲᠦ ᠶᠡᠭᠡ ᠤᠤᠭᠤᠬᠤ ᠨᠢ ᠪᠡᠶ᠎ᠡ ᠳᠤ ᠮᠠᠰᠢ ᠮᠠᠭᠤ ᠶᠤᠮ᠃ ᠬᠦᠮᠦᠨ ᠤ ᠪᠡᠶ᠎ᠡ ᠶᠢᠨ ᠲᠣᠯᠠᠭᠠᠨ ᠶᠡᠷᠦᠩᠬᠡᠢ  ᠳᠡᠭᠡᠨ 37℃ ᠣᠷᠴᠢᠮ ᠪᠠᠶᠢᠳᠠᠭ᠃ ᠬᠦᠢᠳᠡᠨ ᠣᠮᠳᠠᠭᠠᠨ ᠨᠢ ᠬᠦᠮᠦᠨ ᠤ ᠠᠮᠠᠨ ᠤ ᠬᠦᠨᠳᠡᠢ᠂ ᠣᠯᠠᠭᠠᠨ ᠬᠤᠭᠤᠯᠠᠢ ᠪᠠᠷ ᠲᠠᠮᠵᠢᠵᠦ ᠪᠡᠶ᠎ᠡ ᠳᠤ ᠣᠷᠣᠬᠤ ᠳᠤ ᠬᠢᠯᠭᠠᠰᠣᠨ ᠰᠣᠳᠠᠰᠣᠨ ᠤ ᠲᠣᠯᠠᠭᠠᠨ ᠣᠭᠵᠣᠮ ᠪᠠᠭᠤᠷᠠᠵᠦ ᠠᠪᠴᠢᠳᠠᠭ ᠪᠣᠯᠬᠤᠷ ᠡᠨᠡ ᠨᠢ ᠰᠢᠩᠬᠡᠬᠡᠯᠳᠡ ᠶᠢᠨ ᠰᠢᠰᠲ᠋ᠧᠮ ᠢ ᠰᠢᠭᠤᠳ ᠨᠦᠯᠦᠬᠡᠯᠡᠳᠡᠭ᠃ ᠵᠠᠷᠢᠮ ᠬᠦᠮᠦᠰ ᠵᠣᠨ ᠤ ᠣᠯᠠᠷᠢᠯ ᠳᠤ ᠬᠦᠢᠳᠡᠨ ᠣᠮᠳᠠᠭᠠᠨ ᠣᠣᠭᠤᠭᠰᠠᠨ ᠠᠴᠠ ᠪᠣᠯᠵᠦ ᠢᠳᠡᠬᠦ ᠲᠣᠷᠠᠰᠢᠯ ᠮᠠᠭᠤᠳᠠᠨ᠂ ᠬᠡᠳᠡᠰᠦ ᠡᠪᠡᠳᠴᠦ ᠰᠠᠭᠤᠯᠭᠠᠨ᠂ ᠨᠠᠷᠠᠰᠢᠬᠤ ᠪᠠᠶᠢᠳᠠᠯ ᠢᠯᠡᠷᠡᠳᠡᠭ᠃ ᠡᠶᠢᠮᠦ ᠠᠴᠠ ᠬᠦᠢᠳᠡᠨ ᠣᠮᠳᠠᠭᠠᠨ ᠳᠤ ᠪᠢᠲᠡᠭᠡᠢ ᠶᠡᠭᠡ ᠰᠢᠨᠤᠭᠠᠷᠠᠢ︕ ᠵᠣᠨ ᠤ ᠣᠯᠠᠷᠢᠯ ᠳᠤ ᠨᠣᠭᠤᠭᠠᠨ ᠪᠣᠷᠴᠠᠭ ᠤᠨ ᠰᠦᠮᠦᠰᠦ ᠠᠷᠪᠢᠨ ᠣᠣᠭᠤᠬᠤ ᠴᠢᠬᠤᠯᠠᠳᠠᠢ ᠤᠤ︖ ᠵᠣᠨ ᠤ ᠬᠠᠯᠠᠭᠤᠨ ᠳᠤ ᠣᠯᠠᠨ ᠬᠥᠮᠦᠨ ᠨᠣᠭᠤᠭᠠᠨ ᠪᠣᠷᠴᠠᠭ ᠤᠨ ᠰᠦᠮᠦᠰᠦ ᠣᠣᠭᠤᠵᠦ ᠰᠡᠷᠢᠬᠦᠴᠡᠳᠡᠭ᠃ ᠲᠣᠰᠬᠠᠢ ᠮᠡᠷᠬᠡᠵᠢᠯᠳᠡᠨ ᠰᠠᠨᠠᠭᠤᠯᠬᠤ ᠳᠠᠭᠠᠨ᠂ ᠨᠣᠭᠤᠭᠠᠨ ᠪᠣᠷᠴᠠᠭ ᠤᠨ ᠰᠦᠮᠦᠰᠦ ᠨᠢ ᠨᠢᠬᠡᠨ ᠬᠡᠮᠵᠢᠶᠠᠨ ᠳᠤ ᠬᠠᠯᠠᠭᠤᠨ ᠢ ᠪᠠᠭᠤᠷᠠᠭᠤᠯᠵᠦ᠂ ᠣᠮᠳᠠ ᠲᠠᠷᠣᠬᠤ ᠪᠣᠯᠪᠠᠴᠣ ᠬᠦᠮᠦᠨ ᠪᠦᠷᠢ ᠳᠤ ᠲᠣᠬᠢᠷᠠᠬᠤ ᠦᠬᠡᠢ ᠬᠡᠵᠡᠢ᠃ ᠬᠢᠳᠠᠳ ᠡᠮᠨᠡᠯᠬᠡ ᠶᠢᠨ ᠲᠠᠯ᠎ᠠ ᠠᠴᠠ ᠠᠪᠴᠤ ᠬᠡᠯᠡᠪᠡᠯ᠂ ᠰᠡᠷᠢᠭᠦᠨ ᠲᠠᠢ ᠬᠦᠮᠦᠨ ᠨᠣᠭᠤᠭᠠᠨ ᠪᠣᠷᠴᠠᠭ ᠤᠨ ᠰᠦᠮᠦᠰᠦ ᠶᠡᠭᠡ ᠤᠤᠭᠤᠵᠤ ᠪᠣᠯᠬᠤ ᠦᠭᠡᠢ᠃ ᠣᠴᠢᠷ ᠨᠢ ᠡᠶᠢᠮᠦᠷᠬᠦ ᠬᠦᠮᠦᠰ ᠲᠤ ᠪᠠᠶᠢᠩᠭᠤ ᠲᠠᠮᠢᠷᠳᠠᠬᠤ ᠪᠤᠶᠤ ᠰᠠᠭᠤᠯᠭᠠᠬᠤ ᠵᠡᠷᠬᠡ ᠢᠯᠡᠷᠡᠯ ᠭᠠᠷᠳᠠᠭ᠃ ᠨᠣᠭᠤᠭᠠᠨ ᠪᠣᠷᠴᠠᠭ ᠨᠢ ᠰᠡᠷᠢᠬᠦᠨ ᠴᠢᠨᠠᠷᠳᠠᠢ ᠬᠤᠭᠤᠯᠨ ᠪᠣᠯᠬᠤᠷ ᠰᠢᠩᠬᠡᠬᠡᠯᠳᠡ ᠶᠢ ᠮᠠᠭᠤᠳᠠᠭᠤᠯᠵᠦ᠂ ᠰᠡᠷᠢᠬᠦᠳᠡᠬᠦᠯᠳᠡᠭ᠃ ᠲᠠᠮᠢᠷ ᠲᠣᠷᠣᠢ ᠬᠦᠮᠦᠰ ᠴᠦ ᠨᠣᠭᠤᠭᠠᠨ ᠪᠣᠷᠴᠠᠭ ᠤᠨ ᠰᠦᠮᠦᠰᠦ ᠠᠷᠪᠢᠨ ᠣᠣᠭᠤᠵᠦ ᠪᠣᠯᠬᠤ ᠦᠬᠡᠢ᠃ ᠲᠠᠮᠢᠷ ᠲᠣᠷᠣᠢ ᠬᠦᠮᠦᠰ ᠤᠨ ᠰᠢᠩᠭᠡᠭᠡᠯᠲᠡ ᠶᠢᠨ ᠰᠢᠰᠲ᠋ᠧᠮ ᠨᠢ ᠴᠦ ᠲᠡᠶᠢᠮᠦ ᠰᠠᠶᠢᠨ ᠪᠢᠰᠢ ᠪᠠᠶᠢᠳᠠᠭ ᠪᠣᠯᠬᠤᠷ ᠨᠣᠭᠤᠭᠠᠨ ᠪᠣᠷᠴᠠᠭ ᠢ ᠠᠮᠠᠷᠬᠠᠨ ᠰᠢᠩᠬᠡᠬᠡᠵᠦ ᠲᠡᠶᠢᠯᠳᠡᠭ ᠦᠬᠡᠢ ᠶᠤᠮ᠃ ᠡᠶᠢᠮᠦ ᠠᠴᠠ ᠨᠠᠰᠣᠳᠠᠶᠢᠴᠣᠳ ᠪᠣᠯᠣᠨ ᠨᠢᠯᠬ᠎ᠠ ᠬᠡᠣᠬᠡᠳ ᠨᠣᠭᠤᠭᠠᠨ ᠪᠣᠷᠴᠠᠭ ᠤᠨ ᠰᠦᠮᠦᠰᠦ ᠣᠣᠭᠤᠭᠰᠠᠨ ᠤ ᠲᠠᠷᠠᠭ᠎ᠠ ᠰᠢᠩᠬᠡᠬᠡᠯᠳᠡ ᠮᠠᠭᠤᠳᠠᠭᠰᠠᠨ ᠠᠴᠠ ᠠᠮᠠᠷᠬᠠᠨ ᠰᠠᠭᠤᠯᠭᠠᠳᠠᠭ᠃ ᠬᠠᠯᠠᠭᠤᠨ ᠵᠣᠨ ᠳᠤ ᠬᠦᠮᠦᠨ ᠤ ᠪᠡᠶ᠎ᠡ ᠦᠨᠡᠨᠳᠡᠬᠡᠨ ᠬᠠᠯᠠᠭᠤᠨ ᠢ ᠭᠠᠳᠠᠭᠰᠢᠯᠠᠭᠤᠯᠵᠦ ᠪᠠᠶᠢᠳᠠᠭ᠃ ᠡᠶᠢᠮᠦ ᠠᠴᠠ ᠡᠳᠦᠷ ᠪᠦᠷᠢ ᠨᠣᠭᠤᠭᠠᠨ ᠪᠣᠷᠴᠠᠭ ᠤᠨ ᠰᠦᠮᠦᠰᠦ ᠣᠣᠭᠤᠬᠤ ᠱᠠᠭᠠᠷᠳᠠᠯᠭ᠎ᠠ ᠦᠬᠡᠢ᠃ ᠨᠢᠬᠡ ᠭᠠᠷᠠᠭ  ᠲᠤ 2 ᠠᠴᠠ 3 ᠣᠳᠠᠭ᠎ᠠ ᠣᠣᠭᠤᠪᠠᠯ ᠪᠣᠯᠴᠢᠬᠠᠨ᠎ᠠ᠃ ᠬᠦᠢᠳᠡᠨ ᠣᠮᠳᠠᠭᠠᠨ ᠢ ᠪᠣᠯᠬᠤ ᠶᠢᠨ ᠲᠣᠳᠣᠷ᠎ᠠ ᠤᠤᠭᠤᠬᠤ ᠦᠭᠡᠢ ᠪᠣᠯ ᠰᠠᠶᠢᠨ ᠭᠡᠵᠦ ᠲᠤᠰᠬᠠᠢ ᠮᠡᠷᠬᠡᠵᠢᠯᠳᠡᠨ ᠰᠠᠨᠠᠭᠤᠯᠵᠤ ᠪᠠᠶᠢᠨ᠎ᠠ᠃  
 
ᠢᠷᠡᠯᠲᠡ᠄ ᠬᠦᠯᠦᠨ ᠪᠤᠶᠢᠷ ᠤᠨ ᠷᠠᠳᠢᠤ᠋ ᠲᠧᠯᠸᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号