ᠳ᠋ᠧᠯᠪᠤᠷ ᠡᠷᠡᠭᠦᠯ ᠬᠠᠮᠠᠭᠠᠯᠠᠯ ᠤᠨ ᠬᠤᠷᠢᠶ᠎ᠠ ᠰᠠᠶᠢᠨ ᠲᠤᠷᠠᠴᠤᠤᠯ ᠤᠨ ᠦᠢᠯᠡᠴᠢᠯᠡᠭᠡ ᠬᠢᠪᠡ
ᠨᠡᠶᠢᠲᠡᠯᠡᠭᠰᠡᠨ ᠴᠠᠭ᠄
2020/7/24
  ᠲᠤᠰ ᠰᠤᠨᠢᠨ ᠤ ᠮᠡᠳᠡᠭᠡ ᠤᠷᠴᠢᠮᠬᠠᠨ ᠬᠡᠬᠡᠨ ᠭᠤᠤᠯ ᠬᠤᠳᠠ ᠶᠢᠨ ᠳ᠋ᠧᠯᠪᠤᠷ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠨᠠᠮ ᠤᠨ ᠡᠭᠦᠷ ᠠᠴᠠ ᠨᠠᠮ ᠤᠨ ᠭᠡᠰᠢᠭᠦᠨ ᠰᠠᠶᠢᠨ ᠲᠤᠷᠠᠴᠤᠤᠯ ᠢᠶᠠᠨ ᠵᠤᠬᠢᠶᠠᠨ ᠪᠠᠶᠢᠭᠤᠯᠵᠦ ᠨᠡᠶᠢᠭᠡᠮ ᠲᠤᠭᠤᠷᠢᠭ ᠲᠤ ᠬᠦᠨᠵᠡᠭᠡᠶᠢᠷᠡᠨ᠂ ᠡᠪᠡᠳᠴᠢᠲᠡᠳ ᠲᠤ ᠡᠷᠡᠬᠦᠯ ᠡᠩᠭᠡ ᠶᠢᠨ ᠦᠢᠯᠡᠴᠢᠯᠡᠭᠡ ᠬᠠᠨᠭ᠍ᠭᠠᠭᠰᠠᠨ ᠪᠠᠶᠢᠨ᠎ᠠ᠃     ᠨᠠᠮ ᠤᠨ ᠭᠡᠰᠢᠭᠦᠨ ᠰᠠᠶᠢᠨ ᠲᠤᠷᠠᠴᠤᠤᠯ ᠤᠷᠢᠳ ᠬᠤᠵᠢᠳ 3 ᠬᠦᠨᠲᠦ ᠡᠪᠡᠳᠴᠢᠯᠡᠭᠰᠡᠨ ᠡᠪᠡᠳᠴᠢᠲᠡᠨ ᠤ ᠭᠡᠷ ᠲᠤ ᠤᠴᠢᠵᠦ᠂ ᠬᠡᠲᠦ ᠲᠤᠯᠬᠢᠶᠡᠨ ᠤ ᠪᠠᠶᠢᠴᠠᠭᠠᠯᠳᠠ᠂ ᠵᠢᠷᠦᠬᠡᠨ ᠯᠤᠭᠰᠢᠯᠲᠠ ᠶᠢᠨ ᠵᠢᠷᠤᠭ᠂ ᠴᠢᠰᠤᠨ ᠰᠢᠬᠢᠷ ᠤᠨ ᠪᠠᠶᠢᠴᠠᠭᠠᠯᠳᠠ ᠵᠡᠷᠭᠡ ᠶᠢ ᠬᠢᠵᠦ ᠦᠭᠴᠦ᠂ ᠪᠠᠶᠢᠴᠠᠭᠠᠯᠲᠠ ᠶᠢᠨ ᠦᠷ᠎ᠠ ᠳ᠋ᠥ᠋ᠩ ᠢ ᠨᠢ ᠦᠨᠳᠦᠰᠦᠯᠡᠨ᠂ ᠤᠷᠢᠳᠴᠢᠯᠠᠨ ᠰᠡᠷᠭᠡᠶᠢᠯᠡᠬᠦ ᠪᠠ ᠡᠮᠴᠢᠯᠡᠨ ᠵᠠᠰᠠᠬᠤ ᠲᠦᠰᠦᠪ ᠵᠡᠷᠭᠡ ᠶᠢ ᠨᠠᠷᠢᠨ ᠨᠢᠮᠪᠠᠢ ᠲᠠᠶᠢᠯᠪᠤᠷᠢᠯᠠᠨ ᠦᠭᠪᠡ᠃ ᠡᠭᠦᠨ ᠠᠴᠠ ᠭᠠᠳᠠᠨ᠎ᠠ ᠪᠠᠰᠠ ᠡᠪᠡᠳᠴᠢᠲᠡᠨ ᠳᠤ ᠢᠳᠡᠭᠡᠨ ᠤᠮᠳᠠᠭᠠᠨ ᠤ ᠲᠠᠯ᠎ᠠ ᠪᠠᠷ ᠠᠩᠬᠠᠷᠬᠤ ᠵᠦᠢᠯᠡᠰ ᠢ ᠲᠠᠶᠢᠯᠪᠤᠷᠢᠯᠠᠨ ᠦᠭᠴᠦ᠂ ᠡᠷᠡᠭᠦᠯ ᠬᠠᠮᠠᠭᠠᠯᠠᠯ ᠤᠨ ᠬᠡᠷᠡᠭᠯᠡᠭᠡᠨ ᠤ ᠵᠦᠢᠯᠡᠰ ᠬᠦ᠋ᠷᠭᠡᠪᠡ᠃     ᠲᠤᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠤᠭᠤᠷᠢᠭ ᠤᠨ ᠠᠷᠠᠳ ᠤᠯᠠᠨ ᠤ ᠬᠠᠯᠠᠭᠤᠨ ᠬᠦᠷᠢᠶᠡᠯᠡᠯ ᠢ ᠤᠯᠵᠦ᠂ ᠲᠤᠰ ᠨᠡᠶᠢᠭᠡᠮ ᠲᠤᠭᠤᠷᠢᠭ ᠤᠨ ᠡᠪᠡᠳᠴᠢᠲᠡᠨ ᠠᠴᠠ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠨᠠᠮ ᠤᠨ ᠭᠡᠰᠢᠭᠦᠨ ᠰᠠᠶᠢᠨ ᠲᠤᠷᠠᠴᠤᠤᠯ ᠳᠤ ᠲᠠᠯᠠᠷᠬᠠᠵᠦ ᠪᠠᠶᠢᠬᠤ ᠰᠡᠳᠬᠢᠯᠭᠡ ᠪᠠᠨ ᠢᠯᠡᠳᠬᠡᠵᠦ ᠪᠠᠶᠢᠯ᠎ᠠ᠃ ᠮᠦᠨ ᠴᠦ᠂ ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ ᠨᠠᠮ ᠤᠨ ᠭᠡᠰᠢᠭᠦᠳ ᠤᠨ ᠨᠠᠮᠴᠢ ᠴᠢᠨ᠋ᠨᠷ ᠪᠠ ᠦᠨᠳᠦᠰᠦᠨ ᠱᠠᠲᠤᠨ ᠳᠤ ᠬᠦᠨᠵᠡᠭᠡᠶᠢᠷᠡᠨ ᠠᠷᠠᠳ ᠲᠦᠮᠡᠨ ᠳᠤ ᠦᠢᠯᠡᠴᠢᠯᠡᠬᠦ ᠰᠠᠶᠢᠨ ᠲᠤᠷᠠᠴᠢ ᠴᠢᠨᠠᠷ ᠢ ᠦᠨᠡᠡ ᠬᠦ ᠲᠡᠭᠡᠭᠰᠢᠯᠡᠬᠦᠯᠵᠦ ᠴᠢᠳᠠᠵᠠᠢ᠃ᠵᠣᠬᠢᠶᠠᠭᠴᠢ᠄ ᠵᠠᠩ ᠶᠢᠨ ᠱᠧᠨ   ᠡᠦ ᠱᠤᠤ ᠴᠢᠩ  ᠨᠠᠶᠢᠷᠠᠭᠤᠯᠤᠭᠴᠢ᠄ ᠴᠡᠴᠡᠭ
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号