2020 ᠣᠨ ᠤ ᠤᠯᠤᠰ ᠤᠨ ᠨᠢᠭᠡᠳᠦᠯᠳᠠᠢ ᠰᠢᠯᠭᠠᠯᠳᠠ ᠳᠤ ᠤᠷᠤᠯᠴᠠᠬᠤ ᠰᠢᠯᠭᠠᠭᠤᠯᠤᠭᠴᠢ ᠪᠤᠯᠤᠨ ᠬᠡᠷ ᠤᠨ ᠠᠬᠠᠮᠠᠳ ᠲᠤ ᠢᠯᠡᠭᠡᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2020/7/3
   ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠳᠠᠢ ᠰᠢᠯᠭᠠᠯᠲᠠ ᠪᠣᠯ ᠤᠯᠤᠰ ᠠᠴᠠ ᠴᠢᠳᠠᠪᠤᠷᠢᠲᠠᠨ ᠢ ᠰᠢᠯᠢᠨ ᠰᠣᠩᠭᠤᠬᠤ ᠰᠠᠭᠤᠷᠢ ᠴᠢᠨᠠᠷᠲᠠᠶ ᠭᠤᠭᠴᠤᠭ᠎ᠠ ᠮᠥᠨ᠂ ᠲᠡᠷᠡ ᠨᠢ ᠥᠷᠭᠡᠨ ᠣᠯᠠᠨ ᠰᠢᠯᠭᠠᠭᠤᠯᠤᠭᠴᠢ ᠪᠠ ᠬᠡᠷ ᠤᠨ ᠠᠬᠠᠮᠠᠳ ᠤᠨ ᠲᠣᠰ ᠪᠡᠶ᠎ᠡ ᠶᠢᠨ ᠠᠰᠢᠭ ᠲᠤᠰᠠ᠂ ᠰᠤᠷᠭᠠᠨ ᠬᠥᠮᠦᠵᠢᠯ ᠤᠨ ᠡᠷᠬᠡ ᠲᠡᠭᠰᠢ ᠲᠥᠪ ᠭᠤᠤᠯᠴᠢ᠂ ᠨᠡᠶᠢᠭᠡᠮ ᠤᠨ ᠡᠶ᠎ᠡ ᠲᠣᠭᠲᠠᠭᠤᠨ ᠵᠡᠷᠭᠡ ᠤᠯᠠᠨ ᠲᠠᠯ᠎ᠠ ᠳᠤ ᠬᠤᠯᠪᠣᠭᠳᠠᠵᠤ ᠪᠠᠶᠢᠳᠠᠭ᠃ ᠰᠢᠯᠭᠠᠭᠤᠯᠤᠭᠴᠢ ᠨᠢᠭᠡᠪᠦᠷᠢ ᠶᠢᠨ ᠰᠠᠨᠠᠭᠠᠨ ᠳᠠᠭᠠᠨ ᠬᠦᠷᠦᠭᠰᠡᠨ ᠬᠠᠮᠤᠭ ᠰᠠᠶᠢᠨ ᠬᠢᠷᠢ ᠪᠦᠲᠦᠮᠵᠢ ᠤᠯᠬᠤ ᠶᠢᠨ ᠲᠦᠯᠦᠭᠡ᠂ ᠮᠠᠨ ᠤ ᠰᠤᠷᠤᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠲᠠ ᠨᠠᠷ ᠲᠤ ᠠᠮᠤᠷ ᠲᠦᠪᠰᠢᠨ᠂ ᠡᠷᠬᠡ ᠲᠡᠭᠰᠢ᠂ ᠲᠥᠪ ᠭᠤᠤᠯᠴᠢ᠂ ᠠᠭᠤᠵᠢᠭᠤ ᠲᠠᠯᠪᠢᠭᠤᠨ᠂ ᠡᠶ᠎ᠡ ᠵᠣᠬᠢᠴᠠᠯ ᠲᠠᠢ ᠰᠢᠯᠭᠠᠯᠲᠠ ᠶᠢᠨ ᠣᠷᠴᠢᠨ ᠲᠣᠭᠤᠷᠢᠨ ᠢ ᠬᠠᠩᠭᠠᠨ᠎ᠠ᠃ ᠠᠳᠡ ᠪᠢᠳᠡ ᠲᠤᠤᠷᠠᠬᠢ ᠬᠡᠳᠦᠨ ᠵᠦᠢᠯ ᠢ ᠰᠠᠨᠠᠭᠤᠯᠤᠶ᠎ᠠ᠄     1. ᠰᠢᠯᠭᠠᠭᠤᠯᠤᠭᠴᠢ ᠪᠡᠶ᠎ᠡ ᠮᠠᠬᠠᠪᠣᠳ ᠢᠶᠠᠨ ᠬᠠᠶᠢᠷᠠᠯᠠᠨ ᠬᠠᠮᠠᠭᠠᠯᠠᠵᠤ᠂ ᠵᠦᠢ ᠵᠤᠬᠢᠰᠳᠠᠢ ᠰᠤᠷᠤᠯᠴᠠᠵᠤ ᠠᠮᠠᠷᠠᠨ᠂ ᠢᠳᠡᠭᠡᠨ ᠤᠮᠳᠠᠭᠠᠨ ᠢᠶᠠᠨ ᠵᠣᠬᠢᠰᠲᠠᠶ ᠲᠤᠬᠢᠷᠠᠭᠤᠯᠤᠨ᠂ ᠲᠤᠬᠢᠷᠠᠮᠵᠢᠳᠠᠢ ᠪᠠᠷ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠵᠤ᠂ ᠡᠪᠡᠳᠴᠢᠨ ᠢ ᠡᠰᠡᠷᠬᠦᠴᠡᠬᠦ ᠴᠢᠳᠠᠪᠤᠷᠢ ᠪᠠᠨ ᠳᠡᠭᠡᠭᠰᠢᠯᠡᠬᠦᠯᠬᠦ ᠶᠢ ᠬᠦᠰᠡᠵᠦ ᠪᠠᠶᠢᠨ᠎ᠠ᠃ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠᠨ ᠤ ᠲᠠᠯ᠎ᠠ ᠶᠢᠨ ᠱᠠᠭᠠᠷᠳᠠᠯᠭ᠎ᠠ ᠶᠢ ᠠᠩᠬᠠᠷᠴᠤ᠂ ᠣᠶᠤᠨᠴᠢ ᠪᠠᠷ ᠮᠠᠭᠠᠳᠯᠠᠵᠤ᠂ ᠴᠤᠤᠷᠬᠠᠯ ᠢ ᠲᠡᠪᠴᠢᠬᠦ ᠬᠡᠷᠡᠭᠲᠡᠶ᠃     2. ᠰᠢᠯᠭᠠᠭᠤᠯᠤᠭᠴᠢ ᠦᠨᠡᠨᠴᠢ ᠢᠲᠡᠭᠡᠮᠵᠢᠲᠡᠶ ᠰᠢᠯᠭᠠᠯᠳᠠ ᠶᠢᠨ ᠦᠵᠡᠯᠲᠡ ᠶᠢ ᠪᠤᠢ ᠪᠣᠯᠭᠠᠵᠤ᠂ ᠲᠣᠰ ᠬᠥᠮᠦᠨ ᠤ ᠭᠠᠷ ᠤᠨ ᠥᠰᠥᠭ ᠵᠢᠷᠤᠭᠰᠠᠨ ᠦᠨᠡᠨᠴᠢ ᠢᠲᠡᠭᠡᠮᠵᠢᠳᠠᠢ ᠪᠠᠷ ᠰᠢᠯᠭᠠᠯᠲᠠ ᠳᠤ ᠤᠷᠤᠯᠴᠠᠬᠤ ᠠᠮᠠᠯᠠᠯᠲᠠ ᠶᠢᠨ ᠪᠢᠴᠢᠭ ᠤᠨ ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠨ ᠰᠠᠬᠢᠵᠤ᠂ ᠰᠢᠯᠭᠠᠯᠲᠠ ᠶᠢᠨ ᠰᠠᠬᠢᠯᠭ᠎ᠠ ᠪᠠᠲᠤ ᠶᠢ ᠵᠢᠷᠤᠮᠯᠠᠬᠤ ᠬᠡᠷᠡᠭᠳᠡᠢ᠃     3. ᠰᠢᠯᠭᠠᠭᠤᠯᠬᠤ ᠵᠠᠮ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠴᠤ᠂ ᠠᠮᠠᠪᠴᠢ ︵ᠨᠢᠭᠡ ᠯᠡ ᠤᠳᠠᠭ᠎ᠠ ᠬᠡᠷᠡᠭᠯᠡᠬᠦ ᠠᠮᠠᠪᠴᠢ ᠪᠤᠶᠤ ᠡᠮᠨᠡᠯᠭᠡ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ︶᠂ ᠪᠡᠭᠡᠯᠡᠶ᠂ ᠴᠠᠭᠠᠰᠤᠨ ᠠᠯᠴᠢᠭᠤᠷ᠂ ᠭᠠᠷ ᠠᠷᠢᠭᠤᠳᠬᠠᠬᠤ ᠡᠳ᠋ ᠵᠡᠷᠭᠡ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠤᠷᠢᠳᠴᠢᠯᠠᠨ ᠪᠡᠯᠡᠳᠬᠡᠬᠦ ᠬᠡᠷᠡᠭᠲᠡᠶ᠃ ᠬᠡᠷᠪᠡ ᠬᠤᠪᠢ ᠶᠢᠨ ᠮᠠᠰᠢᠨ ᠲᠡᠷᠭᠡ᠂ ᠳᠤᠭᠤᠶ ᠲᠡᠷᠭᠡ ᠪᠠᠷ ᠪᠤᠶᠤ ᠠᠯᠬᠤᠵᠤ ᠰᠢᠯᠭᠠᠯᠲᠠ ᠶᠢᠨ ᠴᠡᠭ ᠲᠡᠭᠡᠨ ᠣᠴᠢᠪᠠᠯ ᠵᠠᠮ ᠳᠤᠮᠳᠠ ᠠᠮᠠᠪᠴᠢ ᠵᠡᠭᠦᠬᠦ ᠡᠰᠡᠬᠦ ᠪᠠᠨ ᠥᠪᠡᠷ ᠤᠨ ᠪᠠᠶᠢᠳᠠᠯ ᠢᠶᠠᠨ ᠦᠨᠳᠦᠰᠦᠯᠡᠨ ᠰᠤᠩᠭᠤᠵᠤ ᠪᠤᠯᠤᠨ᠎ᠠ᠃ ᠬᠡᠷᠪᠡ ᠲᠦᠷᠢᠶᠡᠰᠦᠨ ᠮᠠᠰᠢᠨ ᠪᠤᠶᠤ ᠰᠦᠯᠵᠢᠶ᠎ᠡ ᠪᠠᠷ ᠪᠣᠯᠵᠣᠬᠤ ᠲᠡᠷᠭᠡᠨ ᠳᠤ ᠰᠠᠭᠤᠵᠤ ᠰᠢᠯᠭᠠᠯᠲᠠ ᠶᠢᠨ ᠴᠡᠭ ᠲᠤ ᠣᠴᠢᠪᠡᠯ ᠲᠡᠷᠭᠡᠨ ᠳᠤ ᠰᠠᠭᠤᠬᠤ ᠳᠠᠭᠠᠨ ᠠᠷᠤ ᠮᠥᠷ ᠤᠨ ᠰᠠᠭᠤᠳᠠᠯ ᠳᠤ ᠰᠠᠭᠤᠬᠤ ᠶᠢᠨ ᠬᠠᠮᠲᠤ ᠪᠦᠬᠦ ᠶᠠᠪᠤᠴᠠ ᠳᠤ ᠠᠮᠠᠪᠴᠢ ᠵᠡᠭᠦᠵᠤ᠂ ᠲᠡᠷᠭᠡᠨ ᠠᠴᠠ ᠪᠠᠭᠤᠭᠰᠠᠨ ᠬᠤᠶᠢᠨ᠎ᠠ ᠭᠠᠷ ᠢᠶᠠᠨ ᠰᠠᠶᠢᠳᠦᠷ ᠠᠷᠢᠭᠤᠳᠬᠠᠬᠤ ᠬᠡᠷᠡᠭᠲᠡᠶ︔ ᠬᠡᠷᠪᠡ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠰᠢᠯᠭᠠᠯᠲᠠ ᠶᠢᠨ ᠴᠡᠭ ᠲᠤ ᠣᠴᠢᠪᠡᠯ᠂ ᠪᠦᠬᠦ ᠶᠠᠪᠤᠴᠠ ᠳᠤ ᠠᠮᠠᠪᠴᠢ ᠵᠡᠭᠦᠬᠦ ᠴᠢᠬᠤᠯᠠᠲᠠᠢ ᠪᠦᠭᠡᠳ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠭᠦᠵᠦ ᠭᠠᠷ ᠤᠨ ᠡᠷᠡᠭᠦᠯ ᠬᠠᠮᠠᠭᠠᠯᠠᠯ ᠢᠶᠠᠨ ᠰᠠᠶᠢᠲᠤᠷ ᠬᠢᠵᠦ᠂ ᠵᠠᠮ ᠳᠠᠭᠠᠨ ᠪᠤᠰᠤᠳ ᠡᠳ᠋ ᠪᠣᠳᠠᠰ ᠲᠠᠢ ᠬᠦᠷᠦᠯᠴᠡᠬᠦ ᠠᠴᠠ ᠵᠠᠶᠢᠯᠠᠰᠬᠢᠵᠦ᠂ ᠡᠷᠭᠢᠨ ᠲᠣᠭᠤᠷᠢᠨ ᠤ ᠠᠶᠠᠨᠴᠢᠳ ᠲᠠᠢ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠳᠡᠢ᠃      4. ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ ᠤᠷᠢᠳᠴᠢᠯᠠᠨ ᠬᠦᠷᠴᠦ ᠡᠮᠬᠢ ᠵᠢᠷᠤᠮ ᠲᠠᠢ ᠮᠥᠷᠯᠡᠨ ᠲᠠᠯᠠᠪᠠᠶ ᠳᠤ ᠣᠷᠣᠬᠤ ᠬᠡᠷᠡᠭᠳᠡᠢ ᠪᠦᠭᠡᠳ ᠰᠢᠯᠭᠠᠯᠲᠠ ᠶᠢᠨ ᠲᠠᠯᠠᠪᠤᠷ ᠢᠶᠠᠷ ᠣᠷᠣᠵᠤ ᠭᠠᠷᠬᠤ ᠳᠠᠭᠠᠨ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠲᠡᠶ︔ ᠰᠢᠯᠭᠠᠭᠤᠯᠤᠭᠴᠢ ᠶᠢᠨ ᠬᠡᠷ ᠤᠨ ᠠᠬᠠᠮᠠᠳ ᠪᠣᠯᠤᠨ ᠳᠠᠭᠠᠵᠤ ᠶᠠᠪᠤᠭ᠎ᠠ ᠬᠥᠮᠦᠰ ᠢ ᠲᠦᠷᠭᠡᠬᠡᠨ ᠲᠠᠷᠬᠠᠭᠠᠵᠤ᠂ ᠰᠢᠯᠭᠠᠯᠲᠠ ᠶᠢᠨ ᠴᠡᠭ ᠤᠨ ᠣᠶᠢᠷᠠᠯᠴᠠᠭ᠎ᠠ ᠴᠤᠭᠯᠠᠷᠡᠭᠤᠯᠵᠦ ᠪᠤᠯᠬᠤ ᠦᠭᠡᠢ᠃     5. ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠣᠷᠣᠬᠤ ᠳᠤ ᠡᠷᠬᠡᠪᠰᠢ ᠱᠠᠭᠠᠷᠳᠠᠯᠭ᠎ᠠ ᠶᠣᠰᠣᠭᠠᠷ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠵᠦ᠂ ᠪᠡᠶ᠎ᠡ ᠶᠢᠨ ᠬᠠᠯᠠᠭᠤᠨ ᠤ ᠬᠡᠮᠵᠢᠯᠲᠡ ᠬᠢᠷᠢ ᠲᠡᠩᠴᠡᠪᠡᠯ ᠰᠠᠶ᠋ᠢ ᠰᠢᠯᠭᠠᠯᠲᠠ ᠶᠢᠨ ᠴᠡᠭ ᠲᠤ ᠣᠷᠣᠵᠤ ᠪᠣᠯᠤᠨ᠎ᠠ᠃ ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠣᠷᠣᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠤᠨ ᠠᠵᠢᠯᠲᠠᠨ ᠤ ᠬᠠᠮᠢᠶᠠᠷᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠂ ᠰᠢᠯᠭᠠᠯᠲᠠ ᠶᠢᠨ ᠴᠡᠭ ᠤᠨ ᠳᠣᠲᠣᠷ᠎ᠠ ᠳᠤᠷ᠎ᠠ ᠪᠠᠷ ᠨᠠᠭᠠᠰᠢ ᠴᠠᠭᠠᠰᠢ ᠶᠠᠪᠤᠵᠤ ᠪᠣᠯᠬᠤ ᠦᠭᠡᠢ᠃ ᠰᠢᠯᠭᠠᠯᠳᠠ ᠶᠢᠨ ᠲᠠᠯᠠᠪᠤᠷ ᠲᠤ ᠤᠷᠤᠬᠤ ᠪᠠᠷ ᠬᠦᠯᠢᠶᠡᠵᠤ ᠪᠠᠶᠢᠭ᠎ᠠ ᠬᠤᠭᠤᠴᠠᠭᠠᠨ ᠳᠤ᠂ ᠠᠯᠢ ᠴᠢᠳᠠᠬᠤ ᠪᠠᠷ ᠪᠤᠰᠤᠳ ᠬᠥᠮᠦᠨ ᠲᠠᠢ 1 ᠮᠧᠲᠷ ᠠᠴᠠ ᠳᠡᠭᠡᠭᠰᠢ ᠠᠮᠤᠷ ᠲᠦᠪᠰᠢᠨ ᠤ ᠵᠠᠶ ᠲᠠᠢ ᠵᠤᠭᠰᠤᠬᠤ ᠬᠡᠷᠡᠭᠲᠡᠶ᠃ ᠰᠢᠯᠭᠠᠬᠤ ᠦᠶ᠎ᠡ ᠳᠤ ᠠᠮᠠᠪᠴᠢ ᠵᠡᠭᠦᠬᠦ ᠡᠰᠡᠬᠦ ︵ᠵᠠᠷᠴᠢᠮ ᠳᠡᠭᠡᠷ᠎ᠡ ᠪᠠᠨ ᠰᠢᠯᠭᠠᠭᠤᠯᠤᠭᠴᠢ ᠠᠮᠠᠪᠴᠢ ᠪᠡᠯᠡᠳᠬᠡᠬᠦ ᠬᠡᠷᠡᠭᠲᠡᠶ︶ ᠪᠠᠨ ᠥᠪᠡᠷ ᠲᠡᠭᠡᠨ ᠲᠣᠭᠲᠠᠭᠠᠨ᠎ᠠ᠃ ᠭᠡᠪᠡᠴᠦ ᠪᠡᠶ᠎ᠡ ᠪᠠᠨ ᠢᠯᠭᠠᠨ ᠲᠠᠨᠢᠭᠤᠯᠬᠤ ᠪᠠ ᠰᠢᠯᠭᠠᠨ ᠪᠠᠲᠤᠯᠠᠭᠤᠯᠬᠤ ᠳᠠᠭᠠᠨ ᠡᠷᠬᠡᠪᠰᠢ ᠠᠮᠠᠪᠴᠢ ᠪᠠᠨ ᠠᠪᠬᠤ ᠬᠡᠷᠡᠭᠲᠡᠶ᠃ ᠰᠢᠯᠭᠠᠯᠲᠠ ᠳᠠᠭᠤᠰᠤᠭᠰᠠᠨ ᠬᠤᠶᠢᠨ᠎ᠠ ᠰᠢᠯᠭᠠᠯᠲᠠ ᠶᠢᠨ ᠴᠡᠭ ᠤᠨ ᠱᠠᠭᠠᠷᠳᠠᠯᠭ᠎ᠠ ᠶᠣᠰᠣᠭᠠᠷ ᠡᠮᠬᠢ ᠵᠢᠷᠤᠮ ᠲᠠᠢ ᠪᠠᠷ ᠰᠢᠯᠭᠠᠯᠲᠠ ᠶᠢᠨ ᠴᠡᠭ ᠠᠴᠠ ᠭᠠᠷᠴᠦ᠂ ᠪᠦᠭᠡᠮᠨᠠᠷᠠᠨ ᠴᠤᠭᠯᠠᠷᠠᠬᠤ ᠶᠢ ᠰᠡᠷᠭᠡᠶᠢᠯᠡᠬᠦ ᠬᠡᠷᠡᠭᠳᠡᠢ᠃ ᠲᠤᠰᠠᠭᠠᠷᠯᠠᠬᠤ ᠪᠡᠯᠡᠳᠬᠡᠯ ᠰᠢᠯᠭᠠᠯᠲᠠ ᠶᠢᠨ ᠲᠠᠯᠠᠪᠤᠷ ᠲᠠᠬᠢ ᠰᠢᠯᠭᠠᠭᠤᠯᠤᠭᠴᠢ ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ᠃     6. ᠥᠷᠭᠡᠨ ᠣᠯᠠᠨ ᠰᠢᠯᠭᠠᠭᠤᠯᠤᠭᠴᠢ ᠳᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠪᠤᠢ ᠪᠤᠯᠭᠠᠨ᠂ ᠠᠮᠤᠷ ᠲᠦᠪᠰᠢᠨ ᠳᠥᠭᠦᠮ ᠳᠥᠲᠡ ᠰᠢᠯᠭᠠᠯᠲᠠ ᠶᠢᠨ ᠵᠠᠮ ᠬᠠᠩᠭᠠᠬᠤ ᠶᠢᠨ ᠲᠦᠯᠦᠭᠡ᠂ ᠭᠡᠷ ᠤᠨ ᠠᠬᠠᠮᠠᠳ ᠬᠡᠤᠬᠡᠳ ᠢᠶᠠᠨ ᠰᠢᠯᠭᠠᠯᠲᠠ ᠶᠢᠨ ᠴᠡᠭ ᠲᠤ ᠬᠦᠷᠭᠡᠭᠰᠡᠨ ᠬᠤᠶᠢᠨ᠎ᠠ ᠰᠠᠨᠠᠭᠠᠴᠢᠯᠠᠭ᠎ᠠ ᠠᠴᠠ ᠪᠠᠨ ᠳᠠᠷᠤᠢ ᠲᠦᠷᠭᠡᠨ ᠰᠢᠯᠭᠠᠯᠲᠠ ᠶᠢᠨ ᠴᠡᠭ ᠠᠴᠠ ᠰᠠᠯᠵᠤ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠳᠤ ᠴᠤᠭᠯᠠᠷᠠᠨ ᠵᠣᠭᠰᠣᠵᠤ ᠪᠤᠯᠬᠤ ᠥᠬᠡᠶ᠃     7. ᠰᠢᠯᠭᠠᠯᠳᠠ ᠶᠢᠨ ᠲᠠᠯᠠᠪᠤᠷ ᠠᠴᠠ ᠤᠢᠢᠷᠠᠬᠠᠨ ᠪᠠᠭᠤᠳᠠᠯ ᠳᠤ ᠰᠠᠭᠤᠬᠰᠠᠨ ᠰᠢᠯᠭᠠᠭᠤᠯᠤᠭᠰᠠᠳ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠭᠤᠳᠠᠯ ᠢ ᠰᠣᠩᠭᠤᠵᠤ᠂ ᠬᠤᠨᠤᠭ ᠪᠣᠯᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ᠪᠢᠳᠡ ᠦᠷᠭᠡᠨ ᠤᠯᠠᠨ ᠭᠡᠷ ᠤᠨ ᠠᠬᠠᠮᠠᠳ ᠲᠠᠢ ᠬᠠᠮᠲᠤ ᠪᠠᠷ ᠰᠢᠯᠭᠠᠭᠤᠯᠤᠭᠰᠠᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠶᠠᠪᠤᠵᠤ ᠰᠠᠭᠤᠬᠤ ᠢᠳᠡᠵᠤ ᠤᠤᠭᠤᠬᠤ ᠵᠡᠷᠭᠡ ᠤᠯᠠᠨ ᠲᠠᠯ᠎ᠠ ᠶᠢ ᠬᠠᠯᠠᠮᠵᠢᠯᠠᠵᠤ᠂ ᠲᠡᠳᠡᠨᠤᠰ ᠤᠨ ᠢᠲᠡᠭᠡᠯ ᠵᠣᠷᠢᠭ ᠢ ᠨᠢ ᠬᠦᠪᠴᠢᠯᠡᠨ᠂ ᠬᠠᠷᠰᠢ ᠰᠠᠭᠠᠳ ᠢ ᠨᠢ ᠠᠷᠢᠯᠭᠠᠵᠤ᠂ ᠬᠠᠮᠤᠭ ᠰᠠᠶᠢᠨ ᠪᠠᠶᠢᠳᠠᠯ ᠢᠶᠠᠷ ᠤᠯᠤᠰ ᠤᠨ ᠨᠢᠭᠡᠳᠦᠯᠳᠠᠢ ᠰᠢᠯᠭᠠᠯᠲᠠ ᠳᠤ ᠣᠷᠣᠯᠴᠠᠭᠤᠯᠬᠤ ᠪᠠᠷ ᠴᠢᠷᠮᠠᠶᠢᠵᠤ ᠪᠤᠢ᠃ 2020 ᠣᠨ ᠪᠣᠯ ᠨᠢᠭᠡᠨ ᠶᠡᠷᠦ ᠪᠤᠰᠤ ᠶᠢᠨ ᠵᠢᠯ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠᠶᠢᠡᠭᠭᠤᠵᠢᠭᠰᠠᠨ ᠶᠡᠭᠡ ᠣᠷᠴᠢᠨ ᠲᠣᠭᠤᠷᠢᠨ ᠳᠤ ᠤᠯᠤᠰ ᠤᠨ ᠨᠢᠭᠡᠳᠦᠯᠲᠡᠢ ᠰᠢᠯᠭᠠᠯᠲᠠ ᠴᠦ ᠬᠤᠶᠢᠰᠢᠯᠠᠭᠳᠠᠪᠠ᠃ ᠭᠡᠪᠡᠴᠦ ᠪᠢᠳᠡ ᠰᠢᠯᠭᠠᠭᠤᠯᠤᠭᠰᠡᠳ ᠤᠨ ᠯᠠᠪᠳᠠᠭᠤᠨ ᠲᠣᠭᠲᠠᠭᠤᠨ ᠢᠶᠠᠷ ᠰᠢᠯᠭᠠᠯᠳᠠ ᠳᠠᠭᠠᠨ ᠬᠠᠨᠳᠤᠵᠦ᠂ ᠪᠠᠶᠢᠪᠠᠰᠤ ᠵᠣᠬᠢᠬᠤ ᠬᠢᠷᠢ ᠬᠡᠮᠵᠢᠶ᠎ᠡ ᠪᠠᠨ ᠪᠠᠳᠠᠷᠠᠭᠤᠯᠤᠨ᠂ ᠥᠪᠡᠷ ᠤᠨ ᠬᠦᠰᠡᠵᠤ ᠰᠠᠨᠠᠭᠰᠠᠨ ᠶᠡᠭᠡ ᠳᠡᠭᠡᠳᠦ ᠰᠤᠷᠭᠠᠭᠤᠯᠢ ᠳᠠᠭᠠᠨ ᠰᠢᠯᠭᠠᠵᠤ ᠣᠷᠣᠬᠤ ᠳᠤ ᠢᠲᠡᠭᠡᠯ ᠲᠦᠬᠦᠷᠡᠩ᠃     ᠬᠦᠯᠦᠨ ᠪᠦᠢᠷ ᠬᠤᠳᠠ ᠶᠢᠨ ᠰᠤᠷᠤᠭᠴᠢ ᠡᠯᠰᠡᠬᠦ ᠰᠢᠯᠭᠠᠯᠳᠠ ᠶᠢᠨ ᠵᠦᠪᠯᠡᠯ ᠤᠨ ᠠᠯᠪᠠᠨ ᠭᠡᠷ           2020 ᠤᠨ ᠤ 6 ᠰᠠᠷ᠎ᠠ ᠶᠢᠨ 24 ᠤ ᠡᠳᠦᠷᠨᠠᠶᠢᠷᠠᠭᠤᠯᠤᠭᠴᠢ᠄ ᠴᠡᠴᠡᠭ
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号