ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2020 ᠣᠨ ᠤ ᠶᠢᠰᠦᠳᠦᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/27
  8 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠡ ᠶᠢᠨ ᠱᠦᠵᠢ ᠰᠦᠨ ᠰᠢᠶᠤᠤ ᠯᠢᠶᠠᠩ ᠬᠤᠲᠠ ᠶᠢᠨ ᠨᠠᠮ ᠤᠨ ᠬᠤᠷᠢᠶ᠎ᠡ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ ᠶᠢᠰᠦᠳᠦᠭᠡᠷ  ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃  ᠭᠡᠭᠡᠨ ᠭᠤᠣᠯ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠡᠷᠬᠢᠯᠡᠭᠴᠢ ᠴᠧ ᠴᠢ ᠮᠢᠩ᠂ ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠳᠡᠳ᠋ ᠱᠦᠵᠢ ᠭᠤᠤ ᠱᠠᠨ ᠵᠡᠷᠭᠡ ᠭᠡᠷ ᠲᠡᠭᠡᠨ ᠪᠠᠶᠢᠭ᠎ᠠ ᠬᠤᠳᠠ ᠶᠢᠨ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠠᠮᠢᠭ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠤᠷᠤᠯᠴᠠᠵᠠᠢ᠂ ᠬᠦᠯᠤᠨ ᠪᠤᠶᠢᠷ ᠬᠤᠲᠡ ᠶᠢᠨ ᠨᠠᠮ ᠤᠨ ᠬᠤᠷᠢᠶ᠎ᠡ ᠶᠢᠨ ᠤᠬᠠᠭᠤᠯᠬᠤ ᠬᠡᠯᠳᠡᠰ ᠤᠨ ᠳᠡᠳ᠋ ᠬᠡᠯᠳᠡᠰ ᠤᠨ ᠳᠠᠷᠤᠭ᠎ᠠ ᠯᠢᠦ ᠯᠢ ᠳ᠋ᠦᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠳᠠ ᠶᠢᠨ ᠨᠠᠮ ᠤᠨ ᠬᠤᠷᠢᠶ᠎ᠡ ᠶᠢᠨ ᠲᠤᠭᠤᠷᠢᠨ ᠰᠤᠨᠤᠰᠴᠤ ᠰᠤᠯᠡ ᠰᠤᠨᠤᠰᠬᠤ ᠠᠵᠢᠯ ᠤᠨ ᠳᠤᠭᠤᠶᠢᠯᠠᠩ ᠬᠤᠷᠠᠯ ᠳᠤ ᠬᠦᠷᠤᠯᠴᠠᠨ ᠵᠢᠯᠤᠭᠤᠳᠤᠯᠭ᠎ᠠ ᠬᠢᠵᠠᠢ᠃  
 
  ᠰᠦᠨ ᠰᠢᠶᠤᠤ ᠯᠢᠶᠠᠩ ᠵᠡᠷᠭᠡ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠡ ᠶᠢᠨ ᠱᠦᠵᠢ ᠢᠦᠢ ᠯᠢ ᠰᠢᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠯᠤᠨ ᠪᠤᠶᠢᠷ ᠬᠤᠲᠡ ᠶᠢᠨ ᠲᠦᠷᠪᠡᠳᠤᠭᠡᠷ ᠬᠤᠭᠤᠴᠠᠭᠠᠨ ᠤ ᠬᠤᠷᠢᠶᠡᠨ ᠤ ᠠᠷᠪᠠᠨ ᠬᠤᠶᠠᠳᠤᠭᠠᠷ ᠪᠦᠭᠦᠳᠡ  ᠬᠤᠷᠠᠯᠳᠤᠭᠠᠨ ᠳᠠᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠪᠠᠷ ᠳᠠᠮᠵᠢᠨ᠂ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠵᠦ᠂「ᠠᠵᠢᠯ ᠤᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠲᠤᠬᠠᠢ᠂ ᠲᠠᠨᠢᠯᠲᠠ ᠶᠢᠨ ᠠᠰᠠᠭᠤᠳᠠᠯ᠂ ᠤᠳᠤᠷᠢᠳᠤᠮᠵᠢ ᠶᠢᠨ ᠠᠰᠠᠭᠤᠳᠠᠯ ᠪᠠ ᠨᠠᠶᠢᠳᠠᠪᠤᠷᠢᠵᠢᠭᠤᠯᠬᠤ ᠠᠰᠠᠭᠤᠳᠠᠯ ᠢ ᠬᠡᠷᠬᠢᠨ ᠰᠠᠶᠢᠲᠤᠷ ᠰᠢᠢᠳᠪᠤᠷᠢᠯᠡᠬᠦ」ᠲᠤᠬᠠᠢ ᠶᠠᠷᠢᠯᠴᠠᠨ᠂  ᠲᠤᠰ ᠪᠡᠶ᠎ᠡ ᠶᠢᠨ ᠤᠨᠤᠯ ᠤᠨ ᠰᠤᠷᠤᠯᠴᠠᠯᠭ᠎ᠠ ᠶᠢ ᠰᠠᠶᠢᠲᠤᠷ ᠬᠢᠵᠦ᠂ ᠦᠵᠡᠯ ᠰᠠᠨᠠᠭ᠎ᠠ ᠤᠯᠤᠰ ᠲᠦᠷᠤ ᠶᠢᠨ ᠳᠠᠪᠲᠠᠯᠲᠠ ᠶᠢ ᠬᠦᠯᠢᠶᠡᠨ᠂ ᠠᠵᠢᠯ ᠬᠢᠵᠦ ᠦᠢᠯᠡᠰ ᠪᠤᠰᠬᠠᠬᠤ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠳᠤ ᠤᠶᠢᠯᠡᠴᠢᠯᠡᠨ ᠬᠦᠴᠢᠷ ᠠᠰᠠᠭᠤᠳᠠᠯ ᠢ ᠰᠢᠢᠳᠪᠤᠷᠢᠯᠡᠵᠤ᠂ ᠲᠥᠪ ᠭᠤᠣᠯᠴᠢ ᠠᠷᠢᠭᠤᠨ ᠴᠢᠭᠡᠴᠢ ᠬᠡᠪ ᠳᠠᠭᠤᠷᠢᠶᠠᠯ ᠪᠣᠯᠬᠤ ᠪᠠᠷ ᠭᠤᠣᠯ ᠰᠡᠳᠦᠪ ᠪᠣᠯᠭᠠᠨ ᠰᠤᠳᠤᠯᠤᠨ ᠶᠠᠷᠢᠯᠴᠠᠪᠠ᠃  
   ᠰᠦᠨ ᠰᠢᠶᠣᠤ ᠯᠢᠶᠠᠩ ᠵᠢᠭᠠᠵᠤ ᠭᠠᠷᠭᠠᠭᠰᠠᠨ ᠨᠢ᠂ ᠪᠦᠬᠦ ᠬᠤᠲᠡ ᠳᠠᠶᠠᠭᠠᠷ ᠢᠦᠢ ᠯᠢ ᠰᠢᠨ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠯᠤᠨ ᠪᠤᠶᠢᠷ ᠬᠤᠲᠡ ᠶᠢᠨ ᠲᠦᠷᠪᠡᠳᠤᠭᠡᠷ ᠬᠤᠭᠤᠴᠠᠭᠠᠨ ᠤ ᠬᠤᠷᠢᠶᠡᠨ ᠤ ᠠᠷᠪᠠᠨ ᠬᠤᠶᠠᠳᠤᠭᠠᠷ ᠪᠦᠭᠦᠳᠡ ᠬᠤᠷᠠᠯ ᠳᠡᠭᠡᠷᠡᠬᠢ ᠶᠠᠷᠢᠶᠡᠨ ᠤ ᠵᠣᠷᠢᠭ ᠰᠠᠨᠠᠭ᠎ᠠ ᠶᠢ ᠵᠥᠪ ᠤᠶᠢᠯᠡᠭᠠᠨ ᠬᠢᠨᠠᠮᠠᠭᠠᠶ ᠰᠤᠷᠤᠯᠴᠠᠵᠤ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠵᠡᠯ ᠰᠠᠨᠠᠭ᠎ᠠ᠂ ᠰᠤᠷᠤᠯᠴᠠᠯᠭ᠎ᠠ᠂ ᠠᠷᠭ᠎ᠠ ᠪᠠᠷᠢᠯ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠤᠨ ᠵᠢᠯᠤᠭᠤᠳᠬᠤ ᠤᠶᠢᠯᠡᠳᠤᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠢ ᠠᠬᠢᠭᠤᠯᠬᠤ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠭᠡᠭᠡᠨ ᠭᠤᠣᠯ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠳᠠᠨ ᠲᠦᠭᠰᠢᠭᠦᠷᠢᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠭᠠᠭᠤᠯᠤᠨ ᠨᠢᠭᠡᠨ ᠤᠳᠠᠭᠠᠨ ᠤ ᠶᠡᠭᠡ ᠥᠭᠡᠷᠡᠴᠢᠯᠡᠯᠲᠡ ᠬᠢᠵᠦ᠂ ᠦᠵᠡᠯ ᠰᠠᠨᠠᠭ᠎ᠠ ᠪᠠᠨ ᠦᠭᠡᠷᠡᠴᠢᠯᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢᠨ᠎ᠡ ᠦᠵᠡᠯ ᠰᠠᠨᠠᠭ᠎ᠠ ᠶᠢ ᠰᠢᠰᠲ᠋ᠧᠮ ᠲᠠᠢ ᠰᠤᠷᠤᠯᠴᠠᠵᠤ᠂ ᠲᠠᠷᠢᠬᠢ ᠲᠣᠯᠣᠭᠠᠶ ᠪᠠᠨ ᠵᠡᠪᠰᠡᠭᠯᠡᠨ᠂ ᠤᠶᠢᠯᠡᠳᠤᠯᠭᠡ ᠶᠢ ᠵᠢᠯᠣᠭᠤᠳᠴᠤ ᠂ ᠡᠯ᠎ᠡ ᠵᠤᠶᠢᠯ ᠤᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃   ᠬᠠᠭᠤᠴᠢᠨ᠂ ᠬᠠᠭᠤᠴᠢᠷᠠᠭᠰᠠᠨ ᠪᠠ ᠴᠠᠭ ᠤᠨ ᠪᠠᠶᠢᠳᠠᠯ ᠲᠠᠢ ᠨᠡᠶᠢᠴᠡᠬᠦ ᠦᠭᠡᠢ ᠦᠵᠡᠯ ᠰᠠᠨᠠᠭ᠎ᠠ ᠶᠢ ᠳᠠᠶᠠᠭᠳᠠᠵᠤ᠂ ᠠᠵᠢᠯ ᠬᠢᠵᠦ ᠦᠢᠯᠡᠰ ᠪᠣᠰᠬᠠᠬᠤ ᠣᠷᠭᠢᠯᠤᠮ᠎ᠠ ᠰᠡᠳᠬᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠰᠢᠨ᠎ᠡ ᠪᠠᠶᠢᠳᠠᠯ ᠳᠤ ᠵᠣᠬᠢᠴᠠᠬᠤ ᠬᠤᠷᠴᠠ ᠰᠡᠷᠭᠡᠭ ᠴᠢᠨᠠᠷ ᠪᠠ ᠤᠷᠢᠳᠴᠢᠯᠠᠬᠤ ᠴᠢᠨᠠᠷ ᠢ ᠴᠢᠩᠭᠠᠳᠬᠠᠵᠤ᠂ ᠰᠢᠨ᠎ᠡ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠨᠠᠷᠢᠯᠢᠭ ᠰᠤᠷᠤᠯᠴᠠᠨ᠂ ᠠᠵᠢᠯ ᠤᠨ ᠢᠶᠠᠨ ᠪᠦᠬᠦ ᠶᠠᠪᠤᠴᠠ ᠳᠤ ᠲᠤᠭᠤᠰᠢᠯᠠᠭᠤᠯᠤᠨ᠂ ᠰᠣᠷᠣᠭᠰᠠᠨ ᠮᠡᠳᠡᠯᠭᠡ ᠪᠣᠯᠤᠨ ᠪᠣᠳᠠᠲᠤ ᠠᠵᠢᠯ ᠢᠶᠠᠨ ᠨᠢᠭᠲᠠ ᠤᠶᠠᠯᠳᠤᠭᠤᠯᠵᠤ᠂ ᠥᠪᠡᠷ ᠤᠨ ᠠᠰᠠᠭᠤᠳᠠᠯ ᠢᠶᠠᠨ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠨ ᠰᠤᠷᠤᠯᠴᠠᠬᠤ ᠬᠡᠷᠡᠭᠲᠡᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢᠰᠲ᠋ᠧᠮ ᠲᠠᠢ ᠰᠤᠷᠤᠯᠴᠠᠵᠦ᠂ ᠨᠠᠰᠤᠨ ᠲᠤᠷᠰᠢ ᠰᠤᠷᠤᠯᠴᠠᠬᠤ ᠦᠵᠡᠯ ᠰᠠᠨᠠᠭ᠎ᠠ ᠶᠢ ᠪᠤᠢ ᠪᠣᠯᠭᠠᠵᠤ᠂ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠨᠠᠮ ᠤᠨ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠭᠦᠨ ᠭᠦᠨᠵᠡᠭᠡᠶ ᠰᠤᠷᠤᠯᠴᠠᠵᠤ᠂ ᠭᠦᠨ ᠤᠬᠠᠭᠠᠨ ᠢ ᠰᠤᠷᠤᠯᠴᠠᠬᠤ ᠶᠢ ᠪᠠᠷᠢᠮᠲᠠᠯᠠᠬᠤ ᠬᠡᠷᠡᠭᠲᠡᠢ᠂ ᠭᠠᠭᠴᠠ ᠬᠦ ᠭᠦᠨ ᠤᠬᠠᠭᠠᠨ ᠢ ᠰᠠᠶᠢᠲᠤᠷ ᠰᠤᠷᠤᠯᠴᠠᠪᠠᠯ ᠰᠠᠶ᠋ᠢ ᠠᠰᠠᠭᠤᠳᠠᠯ ᠢ ᠰᠢᠢᠳᠪᠤᠷᠢᠯᠡᠬᠦ ᠠᠷᠭ᠎ᠠ ᠪᠠᠶᠢᠵᠤ ᠴᠢᠳᠠᠨ᠎ᠠ᠃ ᠪᠤᠳᠠᠳᠠᠢ ᠲᠠᠢ ᠤᠶᠠᠯᠳᠤᠭᠤᠯᠤᠨ  ᠰᠤᠷᠤᠯᠴᠠᠬᠤ ᠬᠡᠷᠡᠭᠲᠡᠢ᠂ ᠭᠡᠭᠡᠨ ᠭᠤᠤᠯ ᠤᠨ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠤᠷᠢᠯᠡᠵᠦ᠂ ᠭᠡᠭᠡᠨ ᠭᠤᠤᠯ ᠤᠨ ᠬᠥᠭᠵᠢᠯᠲᠡ ᠶᠢ ᠰᠠᠶᠢᠲᠤᠷ ᠰᠤᠳᠤᠯᠬᠤ ᠬᠡᠷᠡᠭᠲᠡᠶ᠃ ᠣᠪᠣᠷ ᠰᠤᠷᠳᠠᠯ ᠢᠶᠠᠨ ᠦᠭᠡᠷᠡᠴᠢᠯᠡᠬᠦ ᠬᠡᠷᠡᠭᠲᠡᠢ᠂ ᠦᠨᠡᠨᠴᠢ ᠨᠠᠷᠢᠯᠢᠭ ᠣᠪᠣᠷ ᠰᠤᠷᠲᠠᠯ᠂ ᠠᠵᠢᠯ ᠤᠶᠢᠯᠡᠰ ᠢᠶᠠᠨ ᠳᠡᠭᠡᠳᠦᠯᠡᠬᠦ ᠰᠤᠷᠲᠠᠯ᠂ ᠬᠠᠷᠢᠭᠤᠴᠠᠯᠭ᠎ᠠ ᠡᠭᠦᠷᠭᠡᠯᠡᠬᠦ ᠰᠤᠷᠲᠠᠯ᠂ ᠬᠠᠮᠵᠢᠯᠴᠠᠬᠤ ᠰᠤᠷᠲᠠᠯ᠂ ᠥᠪᠡᠷ ᠢ ᠪᠠᠨ ᠱᠠᠭᠠᠷᠳᠠᠬᠤ ᠰᠤᠷᠲᠠᠯ ᠢ ᠪᠣᠶ ᠪᠣᠯᠭᠠᠵᠤ᠂ ᠪᠠᠭ᠎ᠠ ᠶᠠᠪᠤᠳᠠᠯ ᠳᠤ ᠥᠪᠡᠷ ᠤᠨ ᠪᠡᠶ᠎ᠡ ᠪᠠᠨ ᠬᠠᠮᠢᠶᠠᠷᠴᠤ᠂ ᠶᠡᠭᠡ ᠶᠠᠪᠤᠳᠠᠯ ᠳᠤ ᠲᠤᠭᠳᠠᠭᠤᠨ ᠪᠠᠶᠢᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠳᠠᠯᠠᠵᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠠᠢ᠃    
   ᠯᠢᠦ ᠯᠢ ᠳ᠋ᠦᠩ ᠵᠢᠭᠠᠬᠤ ᠭᠠᠷᠭᠠᠭᠰᠠᠨ ᠨᠢ᠂ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠡ ᠠᠴᠠ ᠣᠨᠣᠯ ᠰᠤᠷᠤᠯᠴᠠᠬᠤ ᠭᠤᠤᠯ ᠳᠤᠭᠤᠶᠢᠯᠠᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠤᠷᠤᠯᠴᠠᠬᠤ ᠠᠭᠤᠯᠭ᠎ᠠ ᠪᠠᠷ ᠪᠠᠶᠠᠯᠢᠭ᠂ ᠰᠤᠳᠤᠯᠤᠨ ᠶᠠᠷᠢᠯᠴᠠᠬᠤ ᠪᠡᠯᠡᠳᠬᠡᠯ ᠬᠦᠢᠴᠡᠳ᠂ ᠰᠤᠷᠤᠯᠴᠠᠨ ᠰᠤᠳᠤᠯᠤᠯᠲᠠ ᠶᠢᠨ ᠦᠷ᠎ᠡ ᠪᠦᠲᠦᠮᠵᠢ ᠢᠯᠡᠷᠬᠡᠶ᠃ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠭᠤᠣᠯ ᠰᠡᠳᠦᠪ ᠨᠢ ᠲᠤᠳᠤᠷᠬᠠᠢ᠂ ᠭᠤᠣᠯ ᠱᠤᠭᠤᠮ ᠨᠢ ᠲᠤᠪᠤᠶᠢᠮ᠎ᠠ᠂ ᠠᠵᠢᠯ ᠤᠨ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶᠠᠨ ᠤ ᠵᠣᠷᠢᠭ ᠰᠠᠨᠠᠭ᠎ᠠ᠂ ᠢᠦᠢ ᠯᠢ ᠰᠢᠨ ᠱᠦᠵᠢ ᠵᠢᠨ‌‍ᠲ᠋ᠤᠮᠳᠠᠳᠤ ᠤᠯᠤᠰ ᠤᠨ ᠡᠪ ᠬᠠᠮᠲᠤ ᠨᠠᠮ ᠤᠨ ᠬᠦᠯᠤᠨ ᠪᠤᠶᠢᠷ ᠬᠤᠲᠡ ᠶᠢᠨ ᠲᠦᠷᠪᠡᠳᠤᠭᠡᠷ ᠬᠤᠭᠤᠴᠠᠭᠠᠨ ᠤ ᠬᠤᠷᠢᠶᠡᠨ ᠤ ᠠᠷᠪᠠᠨ ᠬᠤᠶᠠᠳᠤᠭᠠᠷ ᠪᠦᠭᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠᠷ ᠭᠤᠣᠯᠯᠠᠭᠤᠯᠤᠨ ᠭᠦᠨᠵᠡᠭᠡᠢ ᠨᠠᠷᠢᠨ ᠨᠢᠭᠲᠠ ᠰᠤᠳᠤᠯᠤᠯᠲᠠ ᠬᠢᠪᠡ ᠭᠡᠵᠠᠢ ᠃        ᠯᠢᠦ ᠯᠢ ᠳ᠋ᠦᠩ ᠱᠠᠭᠠᠷᠳᠠᠭᠰᠠᠨ ᠨᠢ᠂ ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠠᠮ ᠤᠨ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠭᠤᠣᠯ‌‍ᠲ᠋ᠤᠭᠤᠶᠢᠯᠠᠩ ᠤᠨ ᠰᠤᠷᠤᠯᠴᠠᠯᠭ᠎ᠠ ᠶᠢᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠵᠦ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ  ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠨᠢᠭᠲᠠᠷᠠᠭᠤᠯᠵᠤ᠂ ᠦᠷᠭᠦᠯᠵᠢᠯᠡᠨ ᠲᠦᠪᠯᠡᠷᠡᠭᠦᠯᠤᠨ ᠰᠤᠷᠤᠯᠴᠠᠬᠤ ᠦᠷ᠎ᠡ ᠪᠦᠲᠦᠮᠵᠢ ᠳᠡᠭᠡᠷ᠎ᠡ ᠪᠠᠨ ᠬᠦᠴᠦ ᠲᠠᠯᠪᠢᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠭᠡᠭᠡᠨ ᠭᠤᠤᠯ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠢ ᠭᠡᠵᠠᠢ᠃ ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠰᠢᠶᠧ ᠵᠢᠶᠠ   ᠯᠢᠦ ᠭᠤᠸᠠᠩ ᠴᠧᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号