ᠭᠡᠭᠡᠨ ᠭᠤᠤᠯ ᠬᠤᠲᠠ ︽ᠡᠶ᠎ᠡ ᠵᠤᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ︾ ᠭᠤᠤᠯ ᠰᠡᠳᠦᠪᠲᠦ ᠤᠬᠠᠭᠤᠯᠬᠤ ᠰᠠᠷ᠎ᠠ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2020/9/1
  ︽ᠠᠵᠤ ᠠᠬᠤᠶᠢᠯᠠᠯ ᠨᠢ ᠠᠵᠢᠯᠲᠠᠨ ᠢᠶᠠᠨ ᠬᠠᠶᠢᠷᠠᠯᠠᠨ ᠬᠠᠯᠠᠮᠵᠢᠯᠠᠵᠤ᠂ ᠠᠵᠢᠯᠲᠠᠨ ᠨᠢ ᠠᠵᠤ ᠠᠬᠤᠶᠢᠯᠠᠯ ᠢᠶᠠᠨ ᠬᠠᠶᠢᠷᠠᠯᠠᠬᠤ︾ ᠡᠶ᠎ᠡ ᠵᠤᠬᠢᠴᠠᠩᠭᠤᠢ ᠰᠣᠶᠣᠯ ᠢ ᠪᠠᠳᠠᠷᠠᠭᠤᠯᠵᠤ᠂ ᠠᠵᠤ ᠠᠬᠤᠶᠢᠯᠠᠯ ᠤᠬᠠᠮᠰᠠᠷ ᠠᠴᠠ ᠪᠠᠨ ᠨᠡᠶᠢᠭᠡᠮ ᠤᠨ ᠬᠠᠷᠢᠭᠤᠴᠠᠯᠭ᠎ᠠ ᠪᠠᠨ  ᠬᠦᠢᠴᠡᠳᠬᠡᠵᠦ᠂ ᠠᠵᠢᠯᠴᠢᠨ ᠢ ᠪᠦᠯᠬᠦᠮᠳᠡᠭᠦᠯᠦᠨ ᠭᠠᠪᠢᠶ᠎ᠠ ᠪᠠᠶᠢᠭᠤᠯᠵᠤ ᠤᠶᠢᠯᠡᠰ ᠪᠦᠳᠤᠭᠡᠬᠦ ᠶᠢ ᠬᠦᠳᠤᠯᠤᠨ ᠵᠢᠯᠤᠭᠤᠳᠴᠤ᠂ ᠡᠶ᠎ᠡ ᠵᠤᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠦᠮᠤᠰ ᠲᠤ ᠤᠶᠢᠯᠠᠭᠠᠭᠳᠠᠬᠤ ᠬᠡᠮᠵᠢᠶ᠎ᠡ᠂ ᠣᠷᠣᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠯᠮᠦᠷᠢ ᠶᠢᠨ ᠬᠠᠷᠢᠴᠠᠭᠠᠨ ᠤ ᠡᠶ᠎ᠡ ᠵᠤᠬᠢᠴᠠᠩᠭᠤᠢ ᠲᠣᠭᠲᠠᠭᠤᠨ ᠪᠠᠶᠢᠬᠤ ᠪᠠ ᠠᠵᠤ ᠠᠬᠤᠶᠢᠯᠠᠯ ᠤᠨ ᠦᠷᠬᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠲᠠ᠂ ᠭᠡᠭᠡᠨ ᠭᠤᠣᠯ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠡ᠂ ᠠᠵᠢᠯᠴᠢᠨ ᠤ ᠶᠡᠷᠦᠩᠬᠡᠢ ᠡᠪᠯᠡᠯ᠂ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠠᠴᠠ ︽ᠡᠶ᠎ᠡ ᠵᠤᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ︾ ᠭᠤᠣᠯ ᠰᠡᠳᠦᠪᠲᠦ ᠤᠬᠠᠭᠤᠯᠬᠤ ᠰᠠᠷ᠎ᠠ ᠶᠢᠨ ᠬᠦᠳᠡᠯᠭᠡᠭᠡᠨ ᠥᠷᠨᠢᠭᠦᠯᠪᠡ᠃    ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠯᠭᠦᠮᠡᠯ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤᠨᠢ ᠠᠰᠠᠭᠤᠨ ᠯᠠᠪᠯᠠᠬᠤ ᠶᠢ ᠬᠦᠯᠢᠶᠡᠨ ᠠᠪᠬᠤ ᠵᠡᠷᠭᠡ ᠬᠡᠯᠪᠡᠷᠢ ᠪᠠᠷ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠨ᠂ ᠬᠥᠳᠡᠯᠮᠦᠷᠢ ᠶᠢᠨ ᠬᠠᠷᠢᠴᠠᠭ᠎ᠠ ᠶᠢ ᠲᠤᠭᠳᠠᠪᠤᠷᠢᠵᠢᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠵᠤ᠂ ᠭᠠᠶᠢᠯᠢ ᠬᠥᠩᠭᠡᠯᠡᠵᠦ ᠰᠤᠶᠢᠳᠬᠡᠯ ᠢ ᠪᠠᠭᠤᠷᠠᠭᠤᠯᠤᠨ᠂ ᠠᠵᠤ ᠠᠬᠤᠶᠢᠯᠠᠯ ᠤᠨ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠨ ᠤᠶᠢᠯᠡᠳᠪᠤᠷᠢᠯᠡᠯ ᠢᠶᠠᠨ ᠰᠡᠷᠭᠦᠭᠡᠵᠦ ᠡᠷᠡᠭᠦᠯ ᠢᠶᠠᠷ ᠬᠥᠭᠵᠢᠬᠦ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠬᠠᠭᠤᠯᠵᠠᠢ᠃  ᠴᠢᠭᠯᠡᠯᠲᠦ ᠴᠢᠨᠠᠷᠲᠠᠶ ᠤᠬᠠᠭᠤᠯᠬᠤ ᠬᠦᠳᠡᠯᠭᠡᠭᠡᠨ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠬᠥᠳᠡᠯᠮᠦᠷᠢᠯᠡᠭᠴᠢᠳ ᠪᠣᠯᠤᠨ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷ ᠢ ᠤᠯᠠᠮ ᠴᠢᠩᠭᠠᠳᠬᠠᠵᠦ᠂ ᠬᠥᠳᠡᠯᠮᠦᠷᠢᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠪᠣᠯᠤᠨ ᠬᠥᠮᠦᠨ ᠬᠡᠷᠡᠭᠯᠡᠬᠦ ᠨᠢᠭᠡᠴᠢ ᠶᠢᠨ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠦᠨ᠂ ᠪᠦᠬᠦ ᠬᠤᠲᠠ ᠶᠢᠨ ᠨᠡᠶᠢᠭᠡᠮ ᠤᠨ ᠲᠤᠭᠳᠠᠭᠤᠨ ᠢ ᠬᠠᠮᠠᠭᠠᠯᠠᠵᠤ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠯᠴᠠᠭ᠎ᠠ ᠶᠢ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠵᠠᠢ᠃ ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠠ ᠵᠣᠬᠢᠶᠠᠭᠴᠢ᠄ ᠯᠢ ᠰᠢᠶᠤᠤ ᠰᠢᠤᠸᠠᠢ   ᠷᠧᠨ ᠪᠦᠦ ᠵᠧᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号