ᠭᠡᠭᠡᠨ ᠭᠤᠤᠯ ᠠᠴᠠ ᠮᠠᠨᠬᠦ᠋ᠢ ᠬᠦᠷᠬᠦ ᠵᠠᠰᠠᠮᠠᠯ ᠵᠠᠮ ︵ᠭᠡᠭᠡᠨ ᠭᠤᠤᠯ ᠠᠴᠠ ᠵᠢᠨᠯᠢᠨ ᠬᠦᠷᠬᠦ ᠬᠡᠰᠡᠭ︶ ᠢ ᠪᠢᠲᠡᠭᠦᠮᠵᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020/9/21
  ᠭᠡᠭᠡᠨ ᠭᠤᠣᠯ ᠠᠴᠠ ᠮᠠᠨᠬᠦ᠋ᠢ ᠬᠦᠷᠬᠦ ᠵᠠᠰᠠᠮᠠᠯ ᠵᠠᠮ ︵ᠭᠡᠭᠡᠨ ᠭᠤᠣᠯ ᠠᠴᠠ ᠵᠢᠨᠯᠢᠨ ᠬᠦᠷᠬᠦ ᠬᠡᠰᠡᠭ︶ ᠰᠡᠯᠪᠢᠨ ᠵᠠᠰᠠᠬᠤ ᠬᠡᠷᠡᠭᠴᠡᠭᠡ ᠠᠴᠠ ᠪᠣᠯᠵᠤ᠂ ᠣᠳᠣ ᠭᠡᠭᠡᠨ ᠭᠤᠤᠯ ᠠᠴᠠ ᠵᠢᠨᠯᠢᠨ ᠬᠦᠷᠬᠦ ᠵᠠᠰᠠᠮᠠᠯ ᠵᠠᠮ ᠢ ᠲᠦᠷ ᠪᠢᠲᠡᠭᠦᠮᠵᠢᠯᠡᠪᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ︾ ᠢ ᠦᠨᠳᠤᠰᠤᠯᠡᠨ᠂ ᠭᠡᠭᠡᠨ ᠭᠤᠤᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2020 ᠣᠨ ᠤ 9 ᠰᠠᠷ᠎ᠠ ᠶᠢᠨ 13 ᠤ ᠡᠳᠦᠷ ᠠᠴᠠ 9 ᠰᠠᠷ᠎ᠠ ᠶᠢᠨ 23 ᠤ ᠡᠳᠦᠷ ᠪᠣᠯᠲᠠᠯ᠎ᠠ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠪᠣᠯᠤᠨ᠎ᠠ᠃ ᠪᠢᠲᠡᠭᠦᠮᠵᠢᠯᠡᠬᠦ ᠴᠠᠭ᠄ ᠡᠳᠦᠷ ᠪᠦᠷᠢ 6᠄ 00 — 19᠄ 00᠃ ᠪᠠᠷᠢᠯᠭ᠎ᠠ ᠶᠢᠨ ᠠᠵᠢᠯ ᠠᠴᠠ ᠪᠣᠯᠤᠭᠰᠠᠨ ᠲᠦᠭᠦᠮ ᠦᠭᠡᠢ ᠪᠠᠶᠢᠳᠠᠯ ᠢ ᠥᠷᠭᠡᠨ ᠣᠯᠠᠨ ᠬᠤᠲᠠ ᠶᠢᠨ ᠠᠷᠠᠳ ᠠᠭᠤᠴᠢᠯᠠᠭᠠᠷᠠᠢ᠃ ᠥᠷᠭᠡᠨ ᠣᠯᠠᠨ ᠭᠠᠳᠠᠭᠰᠢ ᠭᠠᠷᠬᠤ ᠬᠥᠮᠦᠰ ᠠᠯᠪᠠᠨ ᠵᠠᠷ ᠤᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠭᠠᠳᠠᠭᠰᠢ ᠭᠠᠷᠬᠤ ᠲᠥᠯᠥᠪᠯᠡᠭᠡ ᠪᠠᠨ ᠤᠷᠢᠳᠴᠢᠯᠠᠨ ᠲᠥᠯᠥᠪᠵᠢᠭᠦᠯᠬᠦ ᠪᠣᠯᠪᠠᠤ᠃ ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠠ ᠶᠢᠨ ᠵᠠᠮ ᠬᠠᠷᠢᠯᠴᠠᠭ᠎ᠠ ᠳᠡᠭᠡᠭᠡᠪᠤᠷᠢ ᠶᠢᠨ ᠲᠤᠪᠴᠢᠶ᠎ᠡ    ᠵᠤᠬᠢᠶᠠᠭᠴᠢ᠄ ᠲᠤᠳᠤᠷᠬᠠᠢ ᠦᠭᠡᠢ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号