ᠭᠡᠭᠡᠨ ᠭᠤᠤᠯ ᠬᠤᠲᠠ ᠶᠢᠨ 2020 ᠣᠨ ᠤ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ ᠠᠴᠠ ᠡᠮᠦᠨ᠎ᠡ ᠵᠠᠷᠯᠠᠨ ᠨᠠᠶᠢᠳᠡᠯᠡᠯᠲᠡ
ᠨᠡᠶᠢᠲᠡᠯᠡᠭᠰᠡᠨ ᠴᠠᠭ᠄
2020/9/3
   ᠳᠡᠭᠡᠲᠦ ᠱᠠᠲᠤᠨ ᠠᠴᠠ ᠭᠡᠭᠡᠨ ᠭᠤᠣᠯ ᠬᠤᠲᠠ ᠶᠢᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠭᠡᠭᠡᠨ ᠭᠤᠤᠯ ᠬᠤᠲᠠ ᠶᠢᠨ ᠬᠡᠰᠡᠭ ᠵᠠᠰᠠᠭ ᠵᠠᠬᠢᠷᠭᠠᠨ ᠤ ᠠᠵᠢᠯ ᠤᠶᠢᠯᠡᠰ ᠠᠵᠤ ᠠᠬᠤᠶᠢᠯᠠᠯ ᠤᠨ ᠨᠢᠭᠡᠴᠢ ᠳᠤ 2020 ᠤᠨ ᠤ ᠡᠳ᠋ ᠤᠨ ᠵᠠᠰᠠᠭ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠂ ᠡᠳᠦᠭᠡ ᠪᠠᠶᠢᠴᠠᠭᠠᠭᠳᠠᠬᠤ ᠨᠢᠭᠡᠴᠢ ᠶᠢᠨ ᠨᠡᠷᠡᠰ ᠢ ᠳᠣᠤᠷᠠᠬᠢ ᠮᠡᠲᠦ ᠨᠡᠶᠢᠲᠡᠯᠡᠨ᠎ᠡ᠄     ᠨᠢᠭᠡ᠂ ᠪᠠᠶᠢᠴᠠᠭᠠᠭᠳᠠᠬᠤ ᠨᠢᠭᠡᠴᠢ  ᠭᠡᠭᠡᠨ ᠭᠤᠤᠯ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠭᠡᠭᠡᠨ ᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠡᠭᠡᠨ ᠭᠤᠤᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠭᠡᠭᠡᠨ ᠭᠤᠤᠯ ᠬᠤᠲᠠ ᠶᠢᠨ ᠨᠡᠶᠢᠭᠡᠮ ᠤᠨ ᠪᠠᠳᠤᠯᠠᠭ᠎ᠠ ᠶᠢᠨ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠭᠡᠭᠡᠨ ᠭᠤᠤᠯ ᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠬᠤᠯᠪᠤᠭᠠᠲᠤ ᠬᠤᠷᠠᠯ ᠵᠡᠷᠭᠡ 6 ᠨᠢᠭᠡᠴᠢ᠃ ᠬᠤᠶᠠᠷ᠂ ᠪᠠᠶᠢᠴᠠᠭᠠᠬᠤ ᠠᠭᠤᠯᠭ᠎ᠠ ᠵᠢᠴᠢ ᠭᠤᠤᠯᠳᠠᠯᠭ᠎ᠠ   ᠡᠳ᠋ ᠤᠨ ᠵᠠᠰᠠᠭ ᠤᠨ ᠬᠢᠨᠠᠨ ᠪᠠᠶᠢᠴᠠᠭᠠᠬᠤ ᠳᠤ ᠪᠠᠶᠢᠴᠠᠭᠠᠭᠳᠠᠬᠤ ᠨᠢᠭᠡᠴᠢ ᠶᠢᠨ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠮᠢᠶᠠᠷᠤᠯᠲᠠ᠂ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ᠂ ᠲᠤᠭᠠᠨᠲᠤ ᠡᠵᠡᠮᠳᠡᠯ ᠤᠨ ᠲᠣᠭᠲᠠᠴᠠ ᠶᠢᠨ ᠪᠠᠶᠢᠭᠤᠯᠤᠯᠲᠠ ᠨᠢ ᠦᠨᠡᠨ ᠪᠣᠳᠠᠲᠠᠶ ᠪᠠᠶᠢᠬᠤ ᠡᠰᠡᠬᠦ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃    ᠭᠤᠷᠪᠠ᠂ ᠴᠠᠭ ᠤᠨ ᠬᠢᠵᠠᠭᠠᠷᠭᠡᠭᠡᠨ ᠭᠤᠤᠯ ᠬᠤᠲᠠ ᠶᠢᠨ ᠨᠢᠭᠲᠠᠯᠠᠨ ᠪᠤᠳᠤᠭᠴᠢ ᠶᠢ ᠬᠢᠨᠠᠨ ᠪᠠᠶᠢᠴᠠᠭᠠᠬᠤ ᠠᠵᠢᠯ 2020 ᠣᠨ ᠤ 9 ᠰᠠᠷ᠎ᠠ ᠶᠢᠨ 8 ᠤ ᠡᠳᠦᠷ ᠠᠴᠠ ᠡᠬᠢᠯᠡᠨ᠂ 2020 ᠣᠨ ᠤ 9 ᠰᠠᠷ᠎ᠠ ᠶᠢᠨ 30 ᠤ ᠡᠳᠦᠷ ᠳᠠᠭᠤᠰᠬᠠᠨ᠎ᠠ᠃ ᠬᠢᠨᠠᠯᠲᠠ ᠲᠠᠯᠪᠢᠬᠤ  ᠤᠳᠠᠰᠤ᠄ 0470-5225145
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号