ᠭᠡᠭᠡᠨ ᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ ᠯᠢᠦ ᠸᠧᠶ ᠮᠠᠨᠭᠦ᠋ᠢ ᠪᠠᠯᠭᠠᠰᠤ ᠶᠢᠨ ᠳ᠋ᠠ ᠯᠢᠨ ᠺᠣᠮᠫᠠᠨᠢ ᠶᠢᠨ ᠨᠠᠮ ᠤᠨ ᠡᠭᠦᠷ ᠲᠤ ᠬᠦᠷᠴᠦ ᠨᠠᠮ ᠤᠨ ᠬᠢᠴᠢᠶᠡᠯ ᠤᠷᠤᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/9/7
 ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠦᠳᠤᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠪᠥᠭᠡᠳ ᠪᠦᠳᠤᠮᠵᠢᠲᠠᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠂ ᠠᠷᠠᠳ ᠲᠦᠮᠡᠨ ᠳᠤ ᠤᠶᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ 8 ᠰᠠᠷ᠎ᠠ ᠶᠢᠨ 25 ᠤ ᠡᠳᠦᠷ᠂ ᠭᠡᠭᠡᠨ ᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ ᠯᠢᠦ ᠸᠧᠶ ᠮᠠᠨᠭᠦ᠋ᠢ ᠪᠠᠯᠭᠠᠰᠤ ᠶᠢᠨ ᠳ᠋ᠠ ᠯᠢᠨ ᠺᠣᠮᠫᠠᠨᠢ ᠶᠢᠨ ᠨᠠᠮ ᠤᠨ ᠡᠭᠦᠷ ᠲᠤ ᠬᠦᠷᠴᠦ᠂ ︽ᠨᠠᠮᠴᠢ ᠴᠢᠨᠠᠷ ᠪᠠ ᠠᠷᠠᠳᠴᠢ ᠴᠢᠨᠠᠷ ᠤᠨ ᠨᠢᠭᠡᠳᠦᠯ ᠢ ᠪᠠᠷᠢᠮᠲᠠᠯᠠᠬᠤ︾ ᠪᠠᠷ ᠭᠤᠣᠯ ᠰᠡᠳᠦᠪ ᠪᠣᠯᠭᠠᠵᠤ᠂ ᠮᠠᠨᠭᠦ᠋ᠢ ᠪᠠᠯᠭᠠᠰᠤ ᠶᠢᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠳ᠋ᠠ ᠯᠢᠨ ᠺᠣᠮᠫᠠᠨᠢ ᠶᠢᠨ ᠨᠠᠮ ᠤᠨ ᠭᠡᠰᠢᠭᠦᠨ᠂ ᠨᠠᠮ ᠳᠤ ᠤᠷᠤᠬᠤ ᠭᠡᠵᠤ ᠪᠠᠶᠢᠭ᠎ᠠ ᠢᠳᠡᠪᠬᠢ ᠬᠡᠰᠢᠭᠦᠨ 30 ᠭᠠᠷᠤᠢ ᠬᠦᠮᠤᠰ  ᠲᠤ ᠬᠢᠴᠢᠶᠠᠯ ᠤᠷᠤᠵᠠᠢ᠃    ᠯᠢᠦ ᠸᠧᠶ ᠥᠪᠡᠷ ᠤᠨ ᠥᠩᠭᠡᠷᠡᠯᠲᠡ ᠪᠣᠯᠤᠨ ᠳ᠋ᠠ ᠯᠢᠨ ᠺᠣᠮᠫᠠᠨᠢ ᠶᠢᠨ ᠠᠷᠠᠳ ᠲᠦᠮᠡᠨ ᠲᠠᠢ ᠬᠠᠷᠢᠯᠴᠠᠭ᠎ᠠ ᠨᠢᠭᠲᠠ ᠪᠠᠶᠢᠬᠤ ᠣᠨᠴᠠᠯᠢᠭ ᠲᠠᠢ ᠤᠶᠠᠯᠳᠤᠭᠤᠯᠤᠨ᠂ ᠭᠤᠷᠪᠠᠨ ᠲᠠᠯ᠎ᠠ ᠠᠴᠠ  ︽ᠠᠷᠠᠳ ᠲᠦᠮᠡᠨ ᠢᠶᠠᠷ ᠭᠤᠣᠯ ᠪᠣᠯᠭᠠᠬᠤ︾ ᠠᠵᠢᠯ ᠤᠨ ᠤᠳᠤᠷᠢᠳᠤᠮᠵᠢ ᠪᠣᠯ ᠳᠠᠷᠤᠢ ᠨᠠᠮᠴᠢ ᠴᠢᠨᠠᠷ ᠢ ᠬᠠᠮᠠᠭᠠᠯᠠᠬᠤ ᠶᠠᠪᠤᠳᠠᠯ ᠪᠠᠶᠢᠵᠤ᠂ ᠨᠠᠮᠴᠢ ᠴᠢᠨᠠᠷ ᠬᠢᠭᠡᠳ ᠠᠷᠠᠳᠴᠢ ᠴᠢᠨᠠᠷ ᠬᠤᠶᠠᠷ ᠪᠣᠯ ᠵᠠᠶᠢᠯᠠᠰᠢ ᠦᠭᠡᠢ ᠬᠤᠯᠪᠣᠭ᠎ᠠ ᠲᠠᠢ ᠥᠪᠡᠷᠮᠢᠴᠡ ᠴᠢᠨᠠᠷ ᠪᠤᠯᠬᠤ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠶᠠᠷᠢᠵᠠᠢ᠃ ᠡᠭᠦᠨ ᠤ ᠬᠠᠮᠲᠤ ᠥᠷᠭᠡᠨ ᠤᠯᠠᠨ ᠨᠠᠮ ᠤᠨ ᠭᠡᠰᠢᠭᠦᠨ ᠢ ᠱᠠᠭᠠᠷᠳᠠᠭᠰᠠᠨ ᠨᠢ ᠨᠠᠮᠴᠢ ᠴᠢᠨᠠᠷ ᠢ ᠪᠠᠷᠢᠮᠳᠠᠯᠠᠨ᠂ ᠵᠣᠭᠰᠣᠯᠲᠠ ᠪᠠᠨ ᠲᠤᠳᠤᠷᠬᠠᠢ ᠪᠤᠯᠭᠠᠵᠤ᠂ ᠠᠷᠠᠳᠴᠢ ᠴᠢᠨᠠᠷ ᠢ ᠪᠠᠷᠢᠮᠳᠠᠯᠠᠨ᠂ ᠠᠷᠠᠳ ᠲᠦᠮᠡᠨ ᠳᠤ ᠤᠶᠢᠯᠡᠴᠢᠯᠡᠬᠦ ᠶᠢ ᠪᠡᠶᠡᠯᠡᠬᠦᠯᠵᠦ᠂ ᠨᠠᠮᠴᠢ ᠴᠢᠨᠠᠷ ᠪᠠ ᠠᠷᠠᠳᠴᠢ ᠴᠢᠨᠠᠷ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠠᠶᠢᠲᠤᠷ ᠦᠢᠯᠡᠳᠦᠯᠭᠡᠵᠢᠭᠦᠯᠵᠦ᠂ ᠰᠠᠶᠢᠲᠤᠷ ᠨᠢᠭᠡᠳᠬᠡᠵᠦ᠂ ᠨᠠᠮ ᠢ ᠰᠠᠨᠠᠭ᠎ᠠ ᠠᠮᠤᠷ ᠪᠠᠶᠢᠯᠭᠠᠵᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠬᠡᠷᠡᠭᠲᠡᠢ ᠭᠡᠵᠠᠢ᠃    ᠬᠤᠷᠠᠯ ᠳᠤ ᠣᠷᠣᠯᠴᠠᠭᠰᠠᠨ ᠨᠠᠮ ᠤᠨ   ᠭᠡᠰᠢᠭᠦᠨ ᠺᠠᠳ᠋ᠷᠴᠤᠳ᠂ ᠲᠣᠰ ᠤᠳᠠᠭᠠᠨ ᠤ ᠨᠠᠮ ᠤᠨ ᠬᠢᠴᠢᠶᠡᠯ ᠤᠨ ᠠᠭᠤᠯᠭ᠎ᠠ ᠨᠢ ᠪᠠᠶᠠᠯᠢᠭ᠂ ᠬᠡᠷᠡᠭ ᠤᠨ ᠵᠢᠱᠢᠶ᠎ᠡ ᠨᠢ ᠨᠠᠷᠢᠨ ᠪᠣᠳᠠᠲᠠᠶ ᠮᠥᠷᠲᠡᠭᠡᠨ ᠬᠦᠨ ᠤᠨᠤᠪᠴᠢᠲᠠᠢ ᠲᠠᠢ ᠪᠠᠶᠢᠨ᠎ᠠ ᠭᠡᠵᠦ ᠶᠠᠷᠢᠪᠠ᠃ ᠲᠡᠷᠡᠴᠢᠯᠡᠨ ᠬᠤᠶᠢᠰᠢᠳᠠ ᠶᠢᠨ ᠠᠵᠢᠯ ᠤᠨ ᠳᠤᠮᠳᠠ᠂ ᠠᠷᠠᠳ ᠲᠦᠮᠡᠨ ᠳᠤ ᠢᠳᠡᠪᠬᠢᠲᠡᠢ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ︽ᠬᠠᠮᠤᠭ ᠤᠨ ᠬᠦᠴᠤᠷᠭᠡᠭ ᠨᠠᠮ ᠤᠨ ᠡᠭᠦᠷ︾ ᠢ ᠪᠠᠶᠢᠭᠤᠯᠬᠤ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠎ᠠ  ᠭᠡᠵᠠᠢ᠃    ᠨᠠᠮ ᠤᠨ ᠬᠢᠴᠢᠶᠡᠯ ᠤᠨ ᠳᠠᠷᠠᠭ᠎ᠠ᠂ ᠯᠢᠦ ᠸᠧᠶ ᠳᠤᠳᠤᠭᠠᠲᠤ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠪᠤᠲᠠᠲᠠᠢ ᠭᠠᠵᠠᠷ ᠲᠤᠨᠢ ᠬᠦᠷᠴᠦ ᠰᠤᠷᠪᠤᠯᠵᠢᠯᠠᠬᠤ ᠬᠡᠯᠪᠡᠷᠢ ᠪᠠᠷ ᠪᠠᠶᠢᠴᠠᠭᠠᠨ ᠰᠤᠳᠤᠯᠤᠯᠲᠠ ᠥᠷᠨᠢᠭᠦᠯᠪᠡ᠃ ᠯᠢᠦ ᠸᠧᠶ ᠱᠠᠭᠠᠷᠳᠠᠭᠰᠠᠨ ᠨᠢ ᠮᠠᠨᠬᠦ᠋ᠢ ᠳ᠋ᠠ ᠯᠢᠨ ᠺᠣᠮᠫᠠᠨᠢ ᠶᠢ ︽ᠬᠠᠮᠤᠭ ᠤᠨ ᠬᠦᠴᠦᠷᠬᠡᠭ ᠨᠠᠮ ᠤᠨ ᠡᠭᠦᠷ︾ ᠡᠭᠦᠳᠦᠨ ᠪᠠᠶᠢᠭᠤᠯᠬᠤ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ᠭᠤᠤᠯᠳᠠᠯᠭ᠎ᠠ ᠶᠢ ᠲᠤᠪᠤᠶᠢᠯᠭᠠᠨ᠂ ︽ᠬᠠᠮᠤᠭ ᠤᠨ ᠬᠦᠴᠤᠷᠭᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠪᠠᠷᠢᠮᠵᠢᠶ᠎ᠠ ᠪᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠡᠵᠡᠮᠰᠢᠬᠦ ᠬᠡᠷᠡᠭᠲᠡᠢ᠃ ᠳ᠋ᠠ ᠯᠢᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ︽ᠲᠠᠪᠤᠨ ᠬᠦᠴᠦᠷᠬᠡᠭ︾ ᠤᠨ ᠨᠡᠶᠢᠲᠡᠯᠢᠭ ᠴᠢᠨᠠᠷᠲᠠᠶ ᠪᠠᠷᠢᠮᠵᠢᠶ᠎ᠠ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠨᠠᠮ ᠤᠨ ᠡᠭᠦᠷ ᠤᠨ 4  ᠵᠤᠶᠢᠯ ᠤᠨ ᠪᠣᠳᠠᠲᠠᠶ ᠥᠪᠡᠷᠮᠢᠴᠡ ᠴᠢᠨᠠᠷᠲᠠᠶ ᠪᠠᠷᠢᠮᠵᠢᠶ᠎ᠠ ᠶᠣᠰᠣᠭᠠᠷ ᠠᠵᠤ ᠠᠬᠤᠶᠢᠯᠠᠯ ᠤᠨ ᠠᠵᠤ ᠠᠬᠤᠶ ᠶᠢᠨ ᠬᠥᠭᠵᠢᠯᠲᠡ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠢ ᠳᠡᠰ ᠳᠠᠪᠰᠢᠭᠦᠯᠤᠨ ᠥᠭᠡᠷᠡᠴᠢᠯᠡᠬᠦ ᠠᠵᠢᠯ ᠢ ᠰᠠᠶᠢᠲᠤᠷ ᠬᠢᠵᠦ ᠪᠤᠳᠠᠳᠠᠶᠢᠵᠢᠭᠤᠯᠵᠦ᠂ ᠠᠷᠠᠳ ᠲᠦᠮᠡᠨ ᠳᠤ ᠬᠠᠯᠠᠭᠤᠨ ᠳᠣᠲᠣᠨᠣ ᠠᠷᠠᠳ ᠤᠨ ᠠᠮᠢᠳᠤᠷᠠᠯ ᠢ ᠴᠤᠭᠴᠠᠯᠠᠵᠤ ᠦᠭᠬᠦ ᠬᠡᠷᠡᠭᠲᠡᠢ ᠭᠡᠵᠠᠢ᠃ ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠠ ᠵᠤᠬᠢᠶᠠᠭᠴᠢ᠄ ᠬᠥ᠋ ᠸᠠᠨ‌‍ᠲ᠋ᠢᠩ   ᠭᠦᠸᠧ ᠱᠤᠤ ᠸᠧᠶ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号