ᠭᠡᠭᠡᠨ ᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶ᠎ᠡ ᠪᠠᠷ ᠬᠤᠭᠤᠯᠠ ᠵᠠᠬᠢᠶᠠᠯᠠᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠵᠦ ᠬᠠᠤᠯᠢ ᠬᠡᠷᠡᠭᠵᠢᠭᠦᠯᠬᠦ  ᠡᠷᠴᠢᠮ ᠢᠶᠠᠨ ᠲᠦᠪᠯᠡᠷᠡᠭᠦᠯᠤᠨ ᠬᠢᠨᠠᠨ ᠬᠠᠮᠢᠶᠠᠷᠴᠠᠢ
ᠨᠡᠶᠢᠲᠡᠯᠡᠭᠰᠡᠨ ᠴᠠᠭ᠄
2020/9/8
  ᠰᠦᠯᠵᠢᠶᠡᠨ ᠤ ᠬᠤᠭᠤᠯᠠ ᠵᠠᠬᠢᠶᠠᠯᠠᠬᠤ ᠤᠶᠢᠯᠡᠴᠢᠯᠡᠭᠡ ᠶᠢ ᠳᠦᠷᠢᠮᠵᠢᠭᠦᠯᠵᠦ᠂ ᠰᠦᠯᠵᠢᠶᠡᠨ ᠤ ᠬᠤᠭᠤᠯᠠ ᠵᠠᠬᠢᠶᠠᠯᠠᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠦᠯᠤᠭᠡ᠂ ᠣᠶᠢᠷ᠎ᠠ ᠳᠤ᠂ ᠭᠡᠭᠡᠨ ᠭᠤᠤᠯ ᠬᠤᠲᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶ᠎ᠡ ᠪᠠᠷ ᠬᠤᠭᠤᠯᠠ ᠵᠠᠬᠢᠶᠠᠯᠠᠬᠤ ᠲᠠᠪᠴᠠᠩ ᠳᠠᠭᠡᠷᠠᠬᠢ ᠢᠳᠡᠭᠡᠨ ᠤᠮᠳᠠᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃   ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠂ ᠭᠤᠤᠯᠳᠠᠭᠤ ᠭᠡᠭᠡᠨ ᠭᠤᠤᠯ ᠬᠤᠲᠠ ᠶᠢᠨ ᠸᠠᠩ ᠲᠦᠸᠧ ᠲᠤᠤᠷ ᠰᠦᠯᠵᠢᠶᠡᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠡᠵᠡᠩᠨᠡᠵᠦ ᠪᠠᠶᠢᠭ᠎ᠠ ︵ᠮᠧᠶ ᠲᠤᠸᠠᠨ ᠲᠠᠪᠴᠠᠩ︶ ᠢᠳᠡᠭᠡᠨ ᠤᠮᠳᠠᠭᠠᠨ ᠤ ᠲᠠᠪᠴᠠᠩ᠂ ᠥᠪᠥᠷ ᠮᠣᠩᠭᠤᠯ ᠤᠨ ᠴᠧᠩ ᠮᠡᠳᠡᠭᠡ ᠵᠠᠩᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠵᠡᠩᠨᠡᠵᠦ ᠪᠠᠶᠢᠭ᠎ᠠ ︵ᠧ ᠯᠧ ᠮᠧ ᠲᠠᠪᠴᠠᠩ︶ ᠢᠳᠡᠭᠡᠨ ᠤᠮᠳᠠᠭᠠᠨ ᠤ ᠲᠠᠪᠴᠠᠩ ᠤᠨ ᠳᠣᠲᠣᠷᠠᠬᠢ ᠪᠣᠢ ᠪᠦᠬᠦᠢ ᠢᠳᠡᠭᠡᠨ ᠤᠮᠳᠠᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠳᠤ ᠴᠢᠭᠯᠡᠭᠦᠯᠦᠨ᠂ ᠲᠤᠰ ᠪᠦᠷᠢ ᠪᠠᠶᠢᠴᠠᠭᠠᠯᠲᠠ ᠬᠢᠵᠠᠢ᠃       ᠪᠠᠶᠢᠴᠠᠭᠠᠯᠲᠠ ᠳᠤ ᠣᠯᠵᠤ ᠮᠡᠳᠡᠭᠰᠡᠨ ᠨᠢ᠂ ᠢᠳᠡᠭᠡᠨ ᠤᠮᠳᠠᠭᠠᠨ ᠤ ᠳᠣᠭᠢᠷᠠᠭᠤᠯᠤᠨ ᠬᠦᠷᠭᠡᠬᠦ ᠬᠤᠶᠠᠷ ᠲᠠᠪᠴᠠᠩ ᠳᠤ ᠴᠥᠮ ᠠᠳᠠᠯᠢ ᠪᠤᠰᠤ ᠬᠡᠮᠵᠢᠶ᠎ᠡ ᠪᠠᠷ ᠳᠣᠤᠷᠠᠬᠢ ᠮᠡᠲᠦ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠳᠤ ᠬᠤᠭᠤᠯᠡ ᠵᠠᠬᠢᠶᠠᠯᠠᠭᠰᠠᠨ ᠳᠡᠮᠳᠡᠭᠯᠡᠯ ᠢ ᠬᠠᠳᠠᠭᠠᠯᠠᠬᠤ ᠡᠭᠦᠷᠭᠡ ᠪᠠᠨ ᠲᠣᠭᠲᠠᠭᠠᠯ ᠶᠣᠰᠣᠭᠠᠷ ᠬᠦᠢᠴᠡᠳᠭᠡᠭᠰᠡᠨ ᠥᠬᠡᠶ᠃ ᠬᠤᠶᠠᠷ ᠲᠤ ᠰᠦᠯᠵᠢᠶᠡᠨ ᠳᠤ ᠣᠷᠣᠭᠤᠯᠤᠭᠰᠠᠨ ᠢᠳᠡᠭᠡᠨ ᠤᠮᠳᠠᠭᠠᠨ ᠤ ᠤᠶᠢᠯᠡᠴᠢᠯᠡᠭᠡ ᠬᠠᠩᠭᠠᠭᠴᠢ ᠶᠢᠨ ᠢᠳᠡᠭᠡᠨ ᠤ ᠡᠵᠡᠩᠨᠡᠯ ᠤᠨ ᠵᠥᠪᠰᠢᠶᠡᠷᠡᠯ ᠤᠨ ᠦᠨᠡᠮᠯᠡᠯ ᠤᠨ ᠪᠡᠶᠡᠴᠢ ᠴᠣᠭᠴᠠ ᠶᠢᠨ ᠡᠵᠡᠩᠨᠡᠯᠲᠡ ᠶᠢᠨ ᠪᠠᠶᠢᠳᠠᠯ ᠳᠤ ᠬᠢᠨᠠᠨ ᠬᠠᠷᠭᠤᠭᠤᠯᠤᠯᠲᠠ ᠬᠢᠭᠰᠡᠨ ᠥᠬᠡᠶ︔ ᠭᠤᠷᠪᠠ ᠳᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠲᠡᠮᠳᠡᠭᠯᠡᠯ ᠢ ᠱᠠᠭᠠᠷᠳᠠᠯᠭ᠎ᠠ ᠶᠣᠰᠣᠭᠠᠷ ᠬᠠᠳᠠᠭᠠᠯᠠᠭᠰᠠᠨ ᠥᠬᠡᠶ︔ ᠳᠥᠷᠪᠡ ᠳᠤ ᠲᠠᠪᠴᠠᠩ ᠤᠨ ᠳᠣᠲᠣᠷᠠᠬᠢ ᠢᠳᠡᠭᠡᠨ ᠤᠮᠳᠠᠭᠠᠨ ᠤ ᠤᠶᠢᠯᠡᠴᠢᠯᠡᠭᠡ ᠬᠠᠩᠭᠠᠭᠴᠢ ᠳᠤ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠭᠤᠤᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠨᠢ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠬᠢᠨᠠᠨ ᠵᠥᠪᠰᠢᠶᠡᠷᠡᠭᠰᠡᠨ ᠦᠭᠡᠢ ᠪᠠᠶᠢᠳᠠᠯ ᠳᠣᠤᠷ᠎ᠠ ᠰᠦᠯᠵᠢᠶᠡᠨ ᠳᠡᠭᠡᠷ᠎ᠡ ᠬᠤᠭᠤᠯᠠ ᠬᠦᠷᠭᠡᠬᠦ ᠲᠠᠪᠴᠠᠩ ᠳᠤ ᠣᠷᠣᠵᠤ ᠰᠦᠯᠵᠢᠶᠡᠨ ᠳᠡᠭᠡᠷ᠎ᠡ ᠪᠣᠷᠣᠯᠠᠭᠤᠯᠬᠤ ᠠᠵᠢᠯᠯᠠᠭ᠎ᠠ ᠬᠢᠭᠰᠡᠨ ᠪᠠᠶᠢᠨ᠎ᠠ᠃       ᠪᠠᠶᠢᠴᠠᠭᠠᠯᠲᠠ ᠶᠢᠨ ᠳᠤᠮᠳᠠ ᠢᠯᠡᠷᠡᠭᠦᠯᠤᠭ᠍ᠰᠡᠨ ᠠᠰᠠᠭᠤᠳᠠᠯ ᠢ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠳᠤ ᠰᠢᠯᠵᠢᠭᠦᠯᠦᠨ ᠲᠤᠰᠢᠶᠠᠵᠤ᠂ ︽ᠰᠦᠯᠵᠢᠶᠡᠨ ᠤ ᠢᠳᠡᠭᠡᠨ ᠤᠮᠳᠠᠭᠠᠨ ᠤ ᠤᠶᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃ ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠵᠤᠬᠢᠶᠠᠭᠴᠢ᠄
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号