ᠭᠡᠭᠡᠨ ᠭᠤᠤᠯ ᠬᠤᠲᠠ ᠶᠢᠨ 2021 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2021/1/15
2021 ᠣᠨ ᠤ ᠬᠠᠪᠤᠷ ᠤᠨ ᠴᠡᠷᠢᠭ ᠡᠯᠰᠡᠬᠦ ᠠᠵᠢᠯ ᠨᠢᠭᠡᠨᠲᠡ ᠪᠦᠬᠦ ᠲᠠᠯ᠎ᠠ ᠪᠠᠷ ᠡᠬᠢᠯᠡᠪᠡ᠂ ᠥᠷᠭᠡᠨ ᠤᠯᠠᠨ ᠠᠷᠠᠳ ᠲᠦᠮᠡᠨ ᠪᠣᠯᠤᠨ ᠵᠣᠬᠢᠬᠤ ᠨᠠᠰᠤᠨ ᠤ ᠵᠠᠯᠠᠭᠤᠴᠤᠳ ᠲᠤ ᠡᠨᠡ ᠵᠢᠯ ᠤᠨ ᠴᠡᠷᠢᠭ ᠡᠯᠰᠡᠬᠦ ᠴᠠᠭ ᠬᠤᠭᠤᠴᠠᠭ᠎ᠠ᠂ ᠲᠦᠷᠦ ᠶᠢᠨ ᠪᠤᠳᠤᠯᠭ᠎ᠠ ᠲᠣᠭᠲᠠᠭᠠᠯ ᠪᠣᠯᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠠᠭ ᠲᠤᠬᠠᠢ ᠳᠤᠨᠢ ᠤᠢᠢᠯᠠᠭᠠᠭᠤᠯᠬᠤ ᠶᠢᠨ ᠲᠥᠯᠥᠭᠡ᠂ ᠤᠳᠤ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ :ᠨᠢᠭᠡ᠂ ᠳᠡᠭᠡᠷ᠎ᠡ ᠬᠠᠭᠠᠰ ᠵᠢᠯ ᠤᠨ ᠨᠡᠷ᠎ᠡ ᠮᠡᠳᠡᠭᠦᠯᠬᠦ ᠴᠠᠭᠡᠷᠡᠭᠲᠡᠶ ᠵᠠᠯᠠᠭᠤᠴᠤᠳ᠄ 2020 ᠣᠨ ᠤ 12 ᠰᠠᠷ᠎ᠠ ᠶᠢᠨ 10   ᠤ ᠡᠳᠦᠷ ᠠᠴᠠ 2021 ᠣᠨ ᠤ 2 ᠰᠠᠷ᠎ᠠ  ᠶᠢᠨ 20 ᠤ ᠡᠳᠦᠷ ᠪᠣᠯᠲᠠᠯ᠎ᠠ᠃ᠡᠮᠡᠭᠲᠡᠶ ᠵᠠᠯᠠᠭᠤᠴᠤᠳ᠄ 2020 ᠣᠨ ᠤ 12 ᠰᠠᠷ᠎ᠠ ᠶᠢᠨ 10   ᠤ ᠡᠳᠦᠷ ᠠᠴᠠ 2021 ᠣᠨ ᠤ 2 ᠰᠠᠷ᠎ᠠ  ᠶᠢᠨ 15 ᠤ ᠡᠳᠦᠷ ᠪᠣᠯᠲᠠᠯ᠎ᠠ᠃ᠬᠤᠶᠠᠷ᠂ ᠡᠯᠰᠡᠬᠦ ᠡᠲᠡᠭᠡᠳ ᠪᠠ ᠬᠡᠪᠴᠢᠶ᠎ᠡ    ᠡᠷᠡᠭᠲᠡᠢ ᠵᠠᠯᠠᠭᠤᠴᠤᠳ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ( ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ )   ᠠᠴᠠ ᠲᠡᠭᠦᠰᠦᠭᠰᠡᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ ( ᠳᠡᠭᠡᠳᠦ ᠵᠡᠷᠭᠡ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠠᠭᠲᠠᠨ᠎ᠠ )   ᠠᠴᠠ ᠣᠶᠤᠲᠠᠨ ᠡᠯᠰᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠰᠤᠷᠤᠯᠴᠠᠭᠰᠠᠨ ᠨᠠᠮᠲᠠᠷ ᠢᠶᠠᠷ ᠥᠨᠳᠥᠷ ᠵᠠᠯᠠᠭᠤᠴᠤᠳ ᠢ ᠡᠩ ᠲᠡᠷᠢᠭᠦᠨ ᠳᠤ ᠴᠡᠷᠢᠭ ᠲᠤ ᠣᠷᠣᠭᠤᠯᠬᠤ ᠶᠢ ᠵᠥᠪᠰᠢᠶᠡᠷᠡᠵᠦ᠂ ᠶᠡᠭᠡ ᠰᠤᠷᠭᠠᠭᠤᠯᠢ ᠲᠡᠭᠦᠰᠦᠭᠰᠡᠳ ᠤᠨ ᠴᠡᠷᠢᠭ ᠲᠤ ᠣᠷᠣᠬᠤ ᠶᠢ ᠡᠩ ᠲᠡᠷᠢᠭᠦᠨ  ᠳᠤ ᠵᠥᠪᠰᠢᠶᠡᠷᠡᠨ᠎ᠡ᠃ᠡᠮᠡᠭᠲᠡᠶ ᠵᠠᠯᠠᠭᠤᠴᠤᠳ᠄ ᠡᠩ ᠤᠨ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠣᠷᠣᠭᠴᠢ ᠵᠢᠴᠢ ᠲᠡᠭᠦᠰᠤᠭ᠍ᠰᠡᠨ ᠰᠣᠷᠣᠭᠴᠢ᠃    ᠳᠡᠭᠡᠳᠦ ᠬᠠᠭᠠᠰ ᠵᠢᠯ ᠳᠤ ᠡᠩ ᠤᠨ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠪᠠ ᠨᠡᠶᠢᠭᠡᠮ ᠤᠨ ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠤᠷᠢᠳᠠᠪᠠᠷ ᠡᠯᠰᠡᠨ᠎ᠡ᠃ᠭᠤᠷᠪᠠ᠂ ᠴᠡᠷᠢᠭ ᠲᠤ ᠡᠯᠰᠡᠬᠦ ᠨᠠᠰᠤ    ᠡᠷᠡᠭᠲᠡᠢ ᠵᠠᠯᠠᠭᠤᠴᠤᠳ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ( ᠳᠤᠮᠳᠠ ᠵᠡᠷᠭᠡ ᠶᠢᠨ ᠲᠤᠰᠬᠠᠶ ᠮᠡᠷᠭᠡᠵᠢᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠶᠢ ᠪᠠᠭᠲᠠᠭᠠᠨ᠎ᠠ )   ᠠᠴᠠ ᠲᠡᠭᠦᠰᠦᠭᠰᠡᠳ ᠵᠢᠴᠢ ᠡᠩ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ᠂ ᠪᠦᠬᠦᠯᠢ 18 ᠨᠠᠰᠤᠨ ᠠᠴᠠ 22 ᠨᠠᠰᠤ ᠬᠦᠷᠲᠡᠯᠡᠬᠢ ( 1999 ᠣᠨ ᠤ 1 ᠰᠠᠷ᠎ᠠ ᠶᠢᠨ 1   ᠤ ᠡᠳᠦᠷ ᠠᠴᠠ 2003 ᠣᠨ ᠤ 12 ᠰᠠᠷ᠎ᠠ ᠶᠢᠨ 31 ᠤ ᠡᠳᠦᠷ ᠲᠦᠷᠤᠭ᠍ᠰᠡᠨ ) ᠳᠡᠭᠡᠳᠦ ᠵᠡᠷᠭᠡ ᠶᠢᠨ ᠠᠵᠢᠯ ᠮᠡᠷᠭᠡᠵᠢᠯ ( ᠲᠤᠰᠬᠠᠢ ᠮᠡᠷᠭᠡᠵᠢᠯ )᠂ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠪᠦᠬᠦᠯᠢ 18 ᠨᠠᠰᠤᠨ ᠠᠴᠠ 24 ᠨᠠᠰᠤ ᠬᠦᠷᠦᠭᠰᠡᠨ ( 1997 ᠣᠨ ᠤ 1 ᠰᠠᠷ᠎ᠠ ᠶᠢᠨ 1 ᠤ ᠡᠳᠦᠷ ᠠᠴᠠ 2003 ᠣᠨ ᠤ 12 ᠰᠠᠷ᠎ᠠ ᠶᠢᠨ 31 ᠤ ᠡᠳᠦᠷ ᠲᠦᠷᠤᠭ᠍ᠰᠡᠨ )᠃    ᠡᠮᠡᠭᠲᠡᠶ ᠵᠠᠯᠠᠭᠤᠴᠤᠳ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠭᠦᠰᠤᠭ᠍ᠰᠡᠨ ᠵᠢᠴᠢ ᠲᠡᠭᠦᠨ  ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ᠂ ᠪᠦᠬᠦᠯᠢ 18 ᠨᠠᠰᠤᠨ ᠠᠴᠠ 22 ᠪᠦᠬᠦᠯᠢ ᠨᠠᠰᠤᠨ ( 1999 ᠣᠨ ᠤ 1 ᠰᠠᠷ᠎ᠠ ᠶᠢᠨ 1 ᠤ ᠡᠳᠦᠷ ᠠᠴᠠ 2003 ᠣᠨ ᠤ 12 ᠰᠠᠷ᠎ᠠ ᠶᠢᠨ 31   ᠤ ᠡᠳᠦᠷ ᠲᠦᠷᠤᠭ᠍ᠰᠡᠨ )   ᠳᠤ ᠬᠦᠷᠦᠭᠰᠡᠨ᠂ 2020 ᠣᠨ ᠤ ᠡᠩ ᠤᠨ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠰᠤᠷᠭᠠᠭᠤᠯᠢ ᠠᠴᠠ ᠲᠡᠭᠦᠰᠤᠭ᠍ᠰᠡᠨ ᠰᠣᠷᠣᠭᠴᠢ 2021 ᠣᠨ ᠤ ᠳᠡᠭᠡᠷ᠎ᠡ ᠬᠠᠭᠠᠰ ᠵᠢᠯ ᠤᠨ ᠡᠮᠡᠭᠲᠡᠶ ᠴᠡᠷᠢᠭ ᠤᠨ ᠡᠯᠰᠡᠯᠲᠡ ᠳᠤ ᠨᠡᠷ᠎ᠡ ᠮᠡᠳᠡᠬᠦᠯᠤᠨ ᠤᠷᠤᠯᠴᠠᠵᠤ ᠪᠤᠯᠤᠨ᠎ᠠ᠂ ᠨᠠᠰᠤ ᠶᠢ ᠨᠢ ᠪᠦᠬᠦᠯᠢ 23 ᠨᠠᠰᠤ ᠬᠦᠷᠲᠡᠯ᠎ᠡ ᠤᠷᠲᠤᠳᠬᠠᠵᠤ ᠪᠣᠯᠤᠨ᠎ᠠ᠃ᠳᠥᠷᠪᠡ᠂ ᠡᠯᠰᠡᠬᠦ ᠨᠥᠬᠦᠴᠡᠯ    ᠪᠡᠶ᠎ᠡ ᠶᠢᠨ ᠦᠨᠳᠦᠰᠦᠨ ᠪᠠᠶᠢᠳᠠᠯ ᠤᠨ ᠨᠦᠬᠦᠴᠡᠯ᠄ 1 . ᠪᠡᠶ᠎ᠡ ᠶᠢᠨ ᠥᠨᠳᠥᠷ᠄ ᠡᠷᠡᠭᠲᠡᠶ 160 cm   ᠠᠴᠠ ᠳᠡᠭᠡᠭᠰᠢ᠂ ᠡᠮᠡᠭᠲᠡᠶ 158 cm   ᠠᠴᠠ ᠳᠡᠭᠡᠭᠰᠢ᠃ 2 . ᠪᠡᠶ᠎ᠡ ᠶᠢᠨ ᠬᠦᠨᠳᠦ᠄ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠬᠦ ᠮᠥᠷᠲᠡᠭᠡᠨ ᠥᠯᠥᠨ ᠦᠶ᠎ᠡ ᠶᠢᠨ ᠴᠢᠰᠤᠨ ᠰᠢᠬᠢᠷ <7.0mmol/L᠂ ᠬᠢᠷᠢ ᠲᠠᠩᠴᠠᠨ᠎ᠡ᠃ ᠡᠷᠡᠭᠲᠡᠶ᠄ 17.5≤BMI<30 . ᠡᠮᠡᠭᠲᠡᠶ᠄ 17≤BMI<24᠃ 3 . ᠬᠠᠷᠠᠭ᠎ᠠ᠄ ᠬᠤᠶᠠᠷ ᠨᠢᠳᠦᠨ ᠤ ᠬᠠᠷᠠᠭ᠎ᠠ 4.5   ᠠᠴᠠ ᠳᠣᠣᠷ᠎ᠠ ᠪᠠᠶᠢᠵᠤ ᠪᠣᠯᠬᠤ ᠦᠭᠡᠶ᠃ ᠪᠣᠳᠠᠲᠠᠶ ᠨᠥᠬᠦᠴᠡᠯ ᠢ《 ᠴᠡᠷᠢᠭ ᠲᠤ ᠡᠯᠰᠡᠭᠳᠡᠬᠦ ᠠᠷᠠᠳ ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠬᠤ ᠪᠠᠷᠢᠮᠵᠢᠶ᠎ᠠ 》ᠶᠣᠰᠣᠭᠠᠷ ᠬᠡᠷᠡᠭᠵᠢᠭᠦᠯᠦᠨ᠎ᠡ᠃
ᠲᠠᠪᠤ᠂ ᠨᠡᠷ᠎ᠡ ᠮᠡᠳᠡᠭᠦᠯᠬᠦ ᠠᠷᠭ᠎ᠠ ᠮᠠᠶ᠋ᠢᠭ
ᠪᠦᠬᠦ ᠤᠯᠤᠰ ᠤᠨ ᠴᠡᠷᠢᠭ ᠡᠯᠰᠡᠬᠦ ᠰᠦᠯᠵᠢᠶᠡᠨ ᠳᠤ ᠭᠠᠷᠴᠤ (https://www.gfbzb.gov.cn/) ᠰᠦᠯᠵᠢᠶᠡᠨ ᠳᠡᠭᠡᠷ᠎ᠡ ᠨᠡᠷ᠎ᠡ ᠮᠡᠳᠡᠬᠦᠯᠤᠨ᠎ᠡ᠂ ᠡᠰᠡᠬᠦᠯ᠎ᠡ ᠡᠷᠦᠬᠡ ᠠᠮᠠ ᠶᠢᠨ ᠳᠠᠩᠰᠠ ᠪᠠᠶᠢᠭ᠎ᠠ ᠰᠢᠶᠠᠩ ᠪᠠᠯᠭᠠᠰᠤ ( ᠵᠡᠭᠡᠯᠢ ᠭᠤᠳᠤᠮᠵᠢ )   ᠶᠢᠨ ᠵᠡᠪᠰᠡᠭᠲᠦ ᠬᠦᠴᠦᠨ ᠤ ᠬᠡᠯᠲᠡᠰ ᠲᠤ ᠣᠴᠢᠵᠤ ᠨᠡᠷ᠎ᠡ ᠮᠡᠳᠡᠭᠦᠯᠦᠨ᠎ᠡ᠃ᠣᠨᠴᠠᠭᠠᠶᠢᠯᠠᠨ ᠰᠠᠨᠠᠭᠤᠯᠬᠤ ᠨᠢ᠄ ᠨᠡᠷ᠎ᠡ ᠮᠡᠳᠡᠭᠦᠯᠬᠦ ᠠᠴᠠ ᠡᠮᠦᠨ᠎ᠡ ᠴᠡᠷᠢᠭ ᠤᠨ ᠠᠯᠪᠠᠨ ᠤ ᠳᠠᠩᠰᠠᠯᠠᠯᠲᠠ ᠶᠢ ᠬᠢᠬᠦ ᠬᠡᠷᠡᠭᠲᠡᠢ᠃    ᠥᠷᠭᠡᠨ ᠣᠯᠠᠨ ᠲᠣᠬᠢᠷᠠᠮᠵᠢᠲᠠᠶ ᠨᠠᠰᠤᠨ ᠤ ᠵᠠᠯᠠᠭᠤᠴᠤᠳ ᠡᠬᠡ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠢᠳᠡᠪᠬᠢᠲᠡᠶ ᠨᠡᠷ᠎ᠡ ᠮᠡᠳᠡᠭᠦᠯᠦᠨ ᠴᠡᠷᠢᠭ ᠲᠤ ᠣᠷᠣᠬᠤ ᠶᠢ ᠪᠠᠶᠠᠷᠯᠠᠨ ᠤᠭᠲᠤᠵᠤ ᠪᠠᠶᠢᠨ᠎ᠠ᠂ ᠲᠠ ᠨᠠᠷ ᠴᠡᠷᠢᠭ ᠤᠨ ᠬᠤᠸᠠᠷᠠᠨ ᠳᠤ ᠢᠳᠡᠪᠬᠢᠲᠡᠶ ᠣᠷᠣᠯᠴᠠᠵᠤ᠂ ᠵᠠᠯᠠᠭᠤ ᠨᠠᠰᠤᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠᠨ ᠪᠠᠳᠠᠷᠠᠭᠤᠯᠵᠤ᠂ ᠵᠠᠯᠠᠭᠤ ᠨᠠᠰᠤᠨ ᠤ ᠬᠦᠰᠡᠯ ᠵᠡᠭᠦᠳᠦ ᠪᠠᠨ ᠬᠥᠭᠡᠭᠡᠴᠡᠯᠳᠦᠵᠦ᠂ ᠬᠥᠮᠦᠨ ᠤ ᠠᠮᠢᠳᠤᠷᠠᠯ ᠤᠨ ᠳᠠᠪᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ ᠤ ᠴᠡᠷᠢᠭ ᠡᠯᠰᠡᠬᠦ ᠠᠯᠪᠠᠨ ᠭᠡᠷ2021 ᠣᠨ ᠤ 1 ᠰᠠᠷ᠎ᠠ ᠶᠢᠨ 11 ᠤ ᠡᠳᠦᠷ            
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号