ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ 〔2021〕2 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/1/16
 ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠳᠤᠯᠢᠶᠠᠨᠲᠠᠶ ᠴᠢᠨᠠᠷ ᠪᠠ ᠲᠤᠯᠭᠠᠮ ᠪᠠᠶᠢᠳᠠᠯ ᠢ ᠦᠨᠳᠦᠰᠦᠯᠡᠨ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠣᠶᠢᠷ ᠬᠤᠲᠠ ᠶᠢᠨ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠬᠤᠲᠠ ᠶᠢᠨ ᠠᠷᠠᠳ ᠲᠦᠮᠡᠨ ᠤ ᠠᠮᠤᠷ ᠠᠮᠤᠭᠤᠯᠠᠩ ᠢᠶᠠᠷ ᠰᠢᠨᠡᠯᠡᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 〔2021〕1 ᠳ᠋ᠦ᠋ᠭᠡᠷ ᠲᠣᠭᠠᠲᠤ ᠵᠠᠷᠯᠠᠯ ᠤᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠴᠢᠩᠭ᠎ᠠ ᠬᠠᠮᠢᠶᠠᠷᠤᠨ ᠡᠵᠡᠮᠳᠡᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠵᠠᠷᠯᠠᠶ᠎ᠠ᠄ᠨᠢᠭᠡ᠂ ᠮᠠᠨ ᠤ ᠬᠤᠲᠠ ᠳᠤ ᠢᠷᠡᠵᠦ ᠪᠤᠴᠠᠬᠤ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ    1 . ᠪᠣᠶ ᠪᠥᠬᠦᠶ ᠬᠢᠯᠢ ᠶᠢᠨ ᠭᠠᠳᠠᠨ᠎ᠠ ᠠᠴᠠ ᠮᠠᠨ ᠤ ᠬᠤᠲᠠ ᠳᠤ ᠢᠷᠡᠭᠰᠡᠨ‌‍ᠬᠥ᠋ᠮᠦᠰ ᠬᠢᠯᠢ ᠳᠤ ᠣᠷᠣᠵᠤ ᠢᠷᠡᠭᠰᠡᠨ ᠭᠠᠵᠠᠷ ᠲᠠᠭᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠬᠤᠲᠠ  ᠳᠤ ᠬᠦᠷᠴᠦ 《 14 + 2 》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠲᠤᠬᠠᠶᠢᠯᠠᠪᠠᠯ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠥᠪᠯᠡᠷᠡᠭᠦᠯᠦᠨ ᠲᠤᠰᠠᠭᠠᠷᠯᠠᠭᠰᠠᠨ 7 ᠳ᠋ᠤᠭᠠᠷ ᠡᠳᠦᠷ ᠪᠠ 14 ᠳ᠋ᠦ᠋ᠭᠡᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ  ᠤᠨ ᠰᠢᠯᠭᠠᠨ ᠪᠠᠶᠢᠴᠠᠭᠠᠯᠲᠠ ᠬᠢᠨ᠎ᠠ᠃    2 . ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠲᠠ ᠳᠤ ᠢᠷᠡᠵᠦ ᠢᠷᠡᠭᠰᠡᠨ ᠬᠥᠮᠦᠰ᠂ 《 14 + 7 + 7 + 2 + 1 》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠲᠤᠬᠠᠶᠢᠯᠠᠪᠠᠯ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ᠂ 7 ᠡᠳᠦᠷ ᠬᠡᠷ ᠲᠤᠨᠢ ᠲᠤᠰᠠᠭᠠᠷᠯᠠᠵᠤ᠂ 7 ᠡᠳᠦᠷ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ᠂ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ 7 ᠳ᠋ᠤᠭᠠᠷ ᠡᠳᠦᠷ ᠲᠤ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 14 ᠡᠳᠦᠷ ᠲᠤ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠ ᠨᠢᠭᠡ ᠤᠳᠠᠭᠠᠨ ᠤ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠰᠢᠯᠭᠠᠨ ᠪᠠᠶᠢᠴᠠᠭᠠᠨ᠎ᠠ᠃ 3 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠤᠶᠤ 3 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠡ ᠵᠠᠩᠭᠢ ᠶᠢᠨ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠲᠠᠢ ᠪᠠᠶᠢᠪᠠᠯ᠂《 14 + 7 + 7 + 1 + 1 》ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠭᠦᠯᠦᠨ᠎ᠡ᠂ ᠲᠤᠬᠠᠶᠢᠯᠠᠪᠠᠯ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 7 ᠡᠳᠦᠷ ᠬᠡᠷ ᠲᠡᠭᠡᠨ ᠲᠤᠰᠠᠭᠠᠷᠯᠠᠵᠤ᠂ 7 ᠡᠳᠦᠷ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ 14 ᠳ᠋ᠦ᠋ᠭᠡᠷ ᠡᠳᠦᠷ ᠲᠤ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠨᠢᠭᠡ ᠤᠳᠠᠭᠠᠨ ᠤ ᠴᠢᠰᠤᠨ ᠴᠠᠶᠢᠪᠠᠩ ᠤᠨ ᠡᠰᠡᠷᠭᠦ ᠴᠣᠭᠴᠠ ᠶᠢᠨ ᠪᠠᠶᠢᠴᠠᠭᠠᠨ ᠬᠡᠮᠵᠢᠯᠲᠡ ᠬᠢᠨ᠎ᠠ᠃    3 . ᠳᠤᠮᠳᠠ ᠲᠠᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ᠂《 14 + 7 + 2 》ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠲᠤᠬᠠᠶᠢᠯᠠᠪᠠᠯ 14 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 7 ᠡᠳᠦᠷ ᠤᠨ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ 7 ᠳ᠋ᠤᠭᠠᠷ ᠡᠳᠦᠷ ᠪᠠ 14 ᠳ᠋ᠦ᠋ᠭᠡᠷ ᠡᠳᠦᠷ ᠲᠤ ᠲᠣᠰ ᠲᠣᠰ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠡ᠂ 3 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠤᠶᠤ 3 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠡ ᠵᠠᠩᠭᠢ  ᠶᠢᠨ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠲᠠᠢ ᠪᠣᠯ᠂《 14 + 1 + 7 》ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠲᠤᠬᠠᠶᠢᠯᠠᠪᠠᠯ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 7 ᠡᠳᠦᠷ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ 14 ᠡᠳᠦᠷ ᠲᠤ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ᠃    4 . ᠬᠡᠷᠪᠡ ᠮᠠᠨ ᠤ ᠬᠤᠲᠠ ᠳᠤ ᠢᠷᠡᠵᠦ ᠲᠤᠰᠠᠭᠠᠷᠯᠠᠭᠰᠠᠨ ᠬᠤᠭᠤᠴᠠᠭᠠᠨ ᠳᠤ ᠲᠡᠳᠡᠨ ᠤ ᠭᠠᠷᠴᠤ ᠢᠷᠡᠭᠰᠡᠨ ᠭᠠᠵᠠᠷ ᠤᠨ ᠠᠶᠤᠯ ᠲᠦᠭᠰᠢᠭᠦᠷᠢ ᠶᠢᠨ ᠵᠡᠷᠭᠡ ᠳᠡᠰ ᠢ ᠪᠠᠭᠤᠷᠠᠭᠤᠯᠵᠤ ᠳᠤᠤᠷ᠎ᠠ ᠠᠶᠤᠯ ᠲᠦᠭᠰᠢᠭᠦᠷᠢᠲᠦ ᠭᠠᠵᠠᠷ ᠪᠣᠯᠭᠠᠪᠠᠯ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠᠷ ᠳᠡᠮᠵᠢᠨ ᠪᠢᠯᠢᠭ ᠴᠢᠨᠠᠷᠲᠠᠶ ᠪᠤᠯᠪᠠᠯ ᠲᠥᠪᠯᠡᠷᠡᠭᠦᠯᠦᠨ ᠲᠤᠰᠠᠭᠠᠷᠯᠠᠬᠤ ᠠᠴᠠ ᠲᠠᠶᠢᠯᠵᠤ᠂ ᠬᠡᠷ ᠲᠡᠭᠡᠨ ᠰᠠᠭᠤᠵᠤ ᠲᠤᠰᠠᠭᠠᠷᠯᠠᠬᠤ ᠪᠣᠯᠭᠠᠨ ᠥᠭᠡᠷᠡᠴᠢᠯᠡᠵᠦ ᠪᠣᠯᠤᠨ᠎ᠠ ( ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠥᠮᠦᠰ ᠢ  ᠬᠦᠷᠤᠭ᠍ᠰᠡᠨ ᠴᠠᠭ ᠠᠴᠠ ᠠᠪᠤᠭᠠᠳ 21 ᠳ᠋ᠦ᠋ᠭᠡᠷ ᠡᠳᠦᠷ ᠪᠣᠯᠲᠠᠯ᠎ᠠ ᠲᠤᠰᠠᠭᠠᠷᠯᠠᠨ᠎ᠠ᠂ ᠳᠤᠮᠳᠠ ᠵᠡᠷᠭᠡ ᠶᠢᠨ ᠠᠶᠤᠯ ᠲᠦᠭᠰᠢᠭᠦᠷᠢᠲᠡᠶ ᠭᠠᠵᠠᠷ ᠣᠷᠣᠨ ᠤ ᠬᠥᠮᠦᠰ ᠢ ᠬᠦᠷᠤᠭ᠍ᠰᠡᠨ ᠴᠠᠭ ᠠᠴᠠ ᠠᠪᠤᠭᠠᠳ 14 ᠳ᠋ᠦ᠋ᠭᠡᠷ ᠡᠳᠦᠷ ᠪᠣᠯᠲᠠᠯ᠎ᠠ ᠲᠤᠰᠠᠭᠠᠷᠯᠠᠨ᠎ᠠ)᠂ ᠲᠤᠰᠠᠭᠠᠷᠯᠠᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠬᠡᠪ ᠤᠨ ᠪᠤᠰᠤ ᠪᠠᠶᠢᠳᠠᠯ ᠥᠬᠡᠶ ᠪᠣᠯ᠂ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠡᠮᠬᠢ ᠵᠢᠷᠤᠮ ᠲᠠᠢ ᠪᠠᠷ ᠬᠦᠳᠡᠯᠭᠡᠭᠡᠨ ᠬᠢᠵᠦ ᠪᠣᠯᠤᠨ᠎ᠠ᠃ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ  ᠲᠠᠢ ᠨᠢᠭᠲᠠ ᠬᠠᠷᠢᠯᠴᠠᠭᠴᠢ᠂ ᠳᠡᠳ᠋ ᠨᠢᠭᠲᠠ ᠬᠠᠷᠢᠯᠴᠠᠭᠴᠢ ᠳᠤ ᠤᠯᠤᠰ ᠤᠨ ᠰᠡᠷᠭᠡᠶᠢᠯᠡᠨ ᠡᠵᠡᠮᠳᠡᠬᠦ ᠲᠥᠰᠦᠯ ᠤᠨ ᠱᠠᠭᠠᠷᠳᠠᠯᠭ᠎ᠠ ᠶᠣᠰᠣᠭᠠᠷ ᠵᠣᠬᠢᠬᠤ ᠲᠤᠰᠠᠭᠠᠷᠯᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    5. ᠬᠡᠷᠪᠡ ᠤᠯᠤᠰ ᠤᠨ ᠳᠣᠲᠣᠭᠠᠳᠤ ᠶᠢᠨ ᠶᠠᠮᠠᠷ ᠨᠢᠭᠡᠨ ᠮᠤᠵᠢ ᠣᠷᠣᠨ ᠤ ᠳᠣᠲᠣᠷᠠᠬᠢ 2 ᠵᠢᠴᠢ ᠲᠡᠭᠦᠨ  ᠠᠴᠠ ᠳᠡᠭᠡᠭᠰᠢᠬᠢ ᠬᠤᠲᠠ ᠳᠤ ᠬᠢᠵᠢᠭ ᠤᠨ ᠪᠠᠶᠢᠳᠠᠯ ᠭᠠᠷᠪᠠᠯ᠂ ᠲᠣᠰ ᠮᠤᠵᠢ ᠶᠢᠨ ᠪᠣᠶ ᠪᠥᠬᠦᠶ ᠳᠣᠤᠷ᠎ᠠ ᠲᠦᠭᠰᠢᠭᠦᠷᠢᠲᠡᠶ ᠭᠠᠵᠠᠷ ᠣᠷᠣᠨ ᠤ ᠪᠤᠴᠠᠵᠤ ᠢᠷᠡᠬᠦ ᠬᠥᠮᠦᠰ ᠴᠥᠮ 7 ᠡᠳᠦᠷ ᠤᠨ ᠲᠤᠳᠤᠷᠠᠬᠢ ᠪᠥᠭᠡᠮ ᠬᠦᠴᠢᠯ  ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠬᠠᠩᠭᠠᠬᠤ ᠪᠤᠶᠤ 7 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠡ ᠵᠠᠩᠭᠢ ᠶᠢ ᠪᠠᠭᠲᠠᠭᠠᠭᠰᠠᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠢᠶᠠᠨ ᠦᠵᠡᠭᠦᠯᠬᠦ ᠬᠡᠷᠡᠭᠲᠡᠶ᠃ ᠬᠠᠩᠭᠠᠵᠤ ᠳᠡᠶᠢᠯᠬᠦ ᠥᠬᠡᠶ ᠬᠥᠮᠦᠰ ᠢ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠵᠤ᠂ 24 ᠴᠠᠭ ᠤᠨ ᠳᠤᠲᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠪᠢᠯᠢᠭ ᠴᠢᠨᠠᠷ ᠲᠠᠢ ᠪᠣᠯ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃    6 . ᠭᠡᠭᠡᠨ ᠭᠤᠤᠯ ᠠᠴᠠ ᠭᠠᠳᠠᠨᠠᠬᠢ ᠤᠯᠤᠰ ᠤᠨ ᠳᠣᠲᠣᠭᠠᠳᠤ ᠶᠢᠨ ᠪᠤᠰᠤᠳ ᠳᠣᠤᠷ᠎ᠠ ᠠᠶᠤᠯ ᠲᠦᠭᠰᠢᠭᠦᠷᠢ  ᠲᠠᠢ ᠭᠠᠵᠠᠷ ᠣᠷᠣᠨ᠂ ᠬᠡᠭᠡᠨ ᠭᠤᠤᠯ ᠤᠨ ᠭᠠᠳᠠᠨ᠎ᠠ ᠠᠴᠠ ᠣᠷᠣᠵᠤ ᠢᠷᠡᠭᠰᠡᠨ ᠪᠤᠶᠤ ᠮᠠᠨ ᠤ ᠬᠤᠲᠠ ᠶᠢᠨ ᠲᠣᠰ ᠭᠠᠵᠠᠷ ᠠᠴᠠ ᠭᠠᠷᠴᠤ ᠬᠡᠭᠡᠨ ᠭᠤᠤᠯ ᠳᠤ ᠪᠤᠴᠠᠵᠤ ᠢᠷᠡᠭᠰᠡᠨ ᠬᠥᠮᠦᠰ ᠴᠥᠮ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠪᠤᠶᠤ 7 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠡ ᠵᠠᠩᠭᠢ ᠶᠢ ᠪᠠᠭᠲᠠᠭᠠᠭᠰᠠᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠢ ᠦᠵᠡᠭᠦᠯᠬᠦ ᠬᠡᠷᠡᠭᠲᠡᠶ᠃ ᠬᠠᠩᠭᠠᠵᠤ ᠳᠡᠶᠢᠯᠬᠦ ᠥᠬᠡᠶ ᠬᠥᠮᠦᠰ ᠡᠩ ᠲᠡᠷᠢᠭᠦᠨ  ᠳᠤ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠮᠠᠨ ᠤ ᠬᠤᠲᠠ ᠳᠤ ᠪᠤᠴᠠᠵᠤ ᠢᠷᠡᠭᠰᠡᠨ 24 ᠴᠠᠭ ᠤᠨ ᠳᠣᠲᠣᠷ᠎ᠠ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠪᠢᠯᠢᠭ ᠴᠢᠨᠠᠷᠲᠠᠶ ᠪᠥᠭᠡᠳ ᠬᠠᠷᠢᠶ᠎ᠠ ᠨᠡᠶᠢᠭᠡᠮ ᠲᠣᠭᠤᠷᠢᠭ ᠲᠠᠭᠠᠨ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃    7 . ᠠᠯᠪᠠᠨ ᠵᠠᠷ ᠢ ᠨᠡᠶᠢᠳᠡᠯᠡᠭᠰᠡᠨ ᠡᠳᠦᠷ ᠠᠴᠠ ᠡᠬᠢᠯᠡᠨ᠂ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠳᠡᠭᠡᠷᠡᠬᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ ᠬᠡᠷᠪᠡ ᠪᠤᠴᠠᠭᠰᠠᠨ ᠬᠥᠮᠦᠰ ᠤᠨ ᠲᠦᠭᠰᠢᠭᠦᠷᠢ ᠶᠢᠨ ᠲᠠᠰ ᠢ ᠣᠨᠣᠪᠴᠢᠲᠠᠶ ᠵᠠᠭᠠᠭᠯᠠᠨ ᠲᠣᠭᠲᠠᠭᠠᠵᠤ ᠳᠡᠶᠢᠯᠬᠦ ᠥᠬᠡᠶ ᠪᠣᠯ᠂ ᠬᠢᠵᠢᠭ ᠤᠨ ᠪᠠᠶᠢᠳᠠᠯ ᠤᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠪᠠᠶᠢᠭ᠎ᠠ ᠬᠤᠲᠠ ᠰᠢᠶᠠᠨ ᠲᠣᠭᠤᠷᠢᠭ ᠲᠤ ᠵᠢᠭᠤᠯᠴᠢᠯᠠᠨ ᠰᠠᠭᠤᠭᠰᠠᠨ ᠲᠡᠦᠬᠡ ᠲᠠᠢ ᠪᠦᠬᠦᠨ ᠢ ᠴᠥᠮ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠭᠰᠠᠨ ᠬᠥᠮᠦᠰ ᠢᠶᠠᠷ ᠦᠵᠡᠨ᠎ᠡ᠃ ᠲᠥᠪᠯᠡᠷᠡᠭᠦᠯᠦᠨ ᠲᠤᠰᠠᠭᠠᠷᠯᠠᠬᠤ ᠪᠠ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠠᠷᠤᠳᠠᠯ  ᠢ ᠥᠪᠡᠰᠦᠪᠡᠨ ᠰᠢᠶᠳᠪᠦᠷᠢᠯᠡᠨ᠎ᠡ᠃ᠬᠤᠶᠠᠷ᠂ ᠬᠢᠯᠢ ᠶᠢᠨ ᠭᠠᠳᠠᠨᠠᠬᠢ ᠵᠢᠴᠢ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠤ ᠮᠠᠨ ᠤ ᠬᠤᠲᠠ ᠳᠤ ᠣᠷᠣᠵᠤ ᠢᠷᠡᠬᠦ ᠪᠠᠷᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ    ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠪᠣᠶ ᠪᠥᠬᠦᠶ ᠡᠳ᠋ ᠪᠠᠷᠠᠭ᠎ᠠ ᠶᠢ ᠵᠠᠬ᠎ᠠ ᠳᠡᠯᠭᠡᠭᠦᠷ ᠲᠤ ᠣᠷᠣᠬᠤ ᠨᠢᠭᠡᠳᠦᠭᠡᠷ ᠥᠷᠲᠡᠭᠡ ᠴᠡᠭ  ᠲᠤ ᠭᠠᠳᠠᠷ ᠪᠣᠭᠤᠳᠠᠯ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠲᠥᠪᠯᠡᠷᠡᠭᠦᠯᠦᠨ ᠠᠷᠢᠭᠤᠳᠬᠠᠬᠤ ᠪᠠ ᠮᠡᠳᠡᠭᠡ ᠵᠠᠩᠭᠢ ᠶᠢ ᠳᠡᠩᠰᠡᠯᠡᠨ ᠲᠡᠮᠳᠡᠭᠯᠡᠵᠦ᠂ ᠢᠷᠡᠯᠲᠡ ᠶᠢ ᠨᠢ ᠪᠠᠶᠢᠴᠠᠭᠠᠵᠤ ᠪᠣᠯᠬᠤ᠂ ᠬᠠᠮᠢᠭ᠎ᠠ ᠣᠴᠢᠭᠰᠠᠨ ᠴᠤ ᠨᠡᠬᠡᠮᠵᠢᠯᠡᠵᠦ ᠪᠣᠯᠬᠤ ᠶᠢ ᠭᠦᠶᠴᠡᠳᠬᠡᠬᠦ ᠬᠡᠷᠡᠭᠲᠡᠶ᠂ ᠠᠵᠢᠯᠯᠠᠵᠤ ᠪᠠᠶᠢᠭ᠎ᠠ ᠬᠥᠮᠦᠰ ᠠᠵᠢᠯᠯᠠᠬᠤ ᠪᠥᠬᠦ ᠶᠠᠪᠤᠴᠠ  ᠳᠠᠭᠠᠨ ᠡᠷᠬᠡᠪᠰᠢ ᠠᠮᠠᠪᠴᠢ᠂ ᠬᠠᠮᠠᠭᠠᠯᠠᠯᠲᠠ ᠶᠢᠨ ᠪᠡᠭᠡᠯᠡᠶ ᠵᠡᠭᠦᠵᠦ᠂ ᠭᠠᠷ ᠢᠶᠠᠨ ᠰᠠᠶᠢᠲᠤᠷ ᠠᠷᠢᠭᠤᠳᠬᠠᠬᠤ ᠬᠡᠷᠡᠭᠲᠡᠶ᠂ ᠲᠡᠭᠡᠭᠡᠪᠦᠷᠢᠯᠡᠬᠦ ᠶᠠᠪᠤᠴᠠ ᠳᠤ ᠳᠤᠷ᠎ᠠ ᠪᠠᠷ ᠢᠶᠠᠨ ᠬᠠᠶᠢᠷᠴᠠᠭ ᠢ ᠨᠡᠭᠡᠭᠡᠵᠦ ᠪᠣᠯᠬᠤ ᠦᠭᠡᠶ᠂ ᠪᠤᠭᠤᠳᠠᠯ ᠢ ᠳᠤᠷ᠎ᠠ ᠪᠠᠷ  ᠢᠶᠠᠨ ᠨᠡᠭᠡᠭᠡᠵᠦ ᠪᠣᠯᠬᠤ ᠦᠭᠡᠶ᠂ ᠡᠳ᠋ ᠪᠠᠷᠠᠭ᠎ᠠ ᠲᠠᠢ ᠠᠯᠢ ᠪᠣᠯᠬᠤ ᠪᠠᠷ ᠰᠢᠭᠤᠳ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠶ᠂ ᠪᠠᠷᠠᠭ᠎ᠠ ᠪᠣᠯᠤᠨ ᠲᠡᠷᠭᠡ ᠬᠥᠰᠬᠡ ᠶᠢ ᠲᠤᠶᠢᠯᠪᠤᠷᠢᠲᠠᠶ ᠠᠷᠢᠭᠤᠳᠬᠠᠬᠤ ᠶᠢᠨ ᠬᠠᠮᠲᠤ ᠳᠠᠭᠠᠭᠠᠨ ᠲᠡᠭᠡᠭᠡᠪᠦᠷᠢᠯᠡᠬᠦ ᠪᠠᠷᠠᠭ᠎ᠠ ᠶᠢᠨ ᠭᠦᠢᠯᠭᠡᠭᠡᠨ ᠤ ᠴᠢᠭᠯᠡᠯ ᠤᠨ ᠪᠦᠬᠦ ᠶᠠᠪᠤᠴᠠ ᠶᠢᠨ ᠨᠠᠷᠢᠨ ᠲᠡᠮᠳᠡᠭᠯᠡᠯ ᠢ ᠰᠠᠶᠢᠲᠤᠷ ᠬᠢᠵᠦ ᠂ ᠪᠠᠷᠠᠭ᠎ᠠ ᠣᠷᠣᠭᠤᠯᠬᠤ ᠢᠷᠡᠯᠲᠡ ᠶᠢ ᠬᠠᠩᠭᠠᠬᠤ ᠶᠢᠨ ᠠᠷᠭ᠎ᠠ ᠦᠭᠡᠶ ᠪᠠᠷᠠᠭ᠎ᠠ ᠶᠢ ᠳᠠᠭᠠᠭᠠᠨ ᠲᠡᠭᠡᠭᠡᠪᠦᠷᠢᠯᠡᠵᠦ ᠪᠣᠯᠬᠤ ᠦᠭᠡᠶ᠃ ᠥᠷᠭᠡᠨ ᠣᠯᠠᠨ ᠲᠦᠮᠡᠨ ᠢᠷᠡᠯᠲᠡ ᠨᠢ ᠲᠣᠳᠣᠷᠬᠠᠶ ᠥᠬᠡᠶ ᠬᠦᠶᠲᠡᠨ ᠬᠡᠯᠬᠢᠶᠡᠲᠦ ᠢᠳᠡᠭᠡᠨ ᠢ ᠬᠤᠳᠠᠯᠳᠤᠨ ᠠᠪᠴᠤ ᠪᠣᠯᠬᠤ ᠥᠬᠡᠶ᠂ ᠰᠣᠩᠭᠤᠵᠤ ᠬᠤᠳᠠᠯᠳᠤᠨ ᠠᠪᠬᠤ᠂ ᠬᠠᠭᠤᠷᠴᠤ ᠬᠠᠭᠠᠷᠢᠬᠤ ᠳᠠᠭᠠᠨ ᠥᠪᠡᠷ ᠢ  ᠪᠠᠨ ᠰᠠᠶᠢᠲᠤᠷ ᠬᠠᠮᠠᠭᠠᠯᠠᠵᠤ᠂ ᠬᠦᠶᠲᠡᠨ ᠬᠡᠯᠬᠢᠶᠡᠲᠦ ᠢᠳᠡᠭᠡᠨ ᠲᠠᠢ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠪᠠ ᠬᠢᠯᠢ ᠶᠢᠨ ᠭᠠᠳᠠᠨ᠎ᠠ ᠠᠴᠠ ᠡᠳ᠋ ᠪᠣᠳᠠᠰ ᠬᠤᠳᠠᠯᠳᠤᠨ ᠠᠪᠬᠤ ᠥᠬᠡᠶ᠂ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠭᠥᠯᠢᠶᠡᠨ ᠠᠪᠬᠤ ᠳᠠᠭᠠᠨ ᠠᠷᠢᠭᠤᠳᠬᠠᠵᠤ ᠰᠡᠷᠭᠡᠶᠢᠯᠡᠨ ᠬᠠᠮᠠᠭᠠᠯᠠᠬᠤ ᠶᠢ ᠰᠠᠶᠢᠲᠤᠷ ᠬᠢᠵᠦ᠂ ᠬᠥᠮᠦᠨ ᠤ ᠬᠤᠭᠤᠷᠣᠨᠳᠣ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠶ᠃ᠭᠤᠷᠪᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ    ᠪᠦᠬᠦ ᠬᠤᠳᠠ ᠶᠢᠨ ᠡᠯ᠎ᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠨ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ 《 ᠺᠣᠳ᠋ ᠰᠢᠷᠪᠢᠬᠦ + ᠳᠤᠯᠠᠭᠠᠨ ᠢ ᠬᠡᠮᠵᠢᠬᠦ + ᠠᠮᠠᠪᠴᠢ ᠵᠡᠭᠦᠬᠦ 》᠂ 《 ᠠᠷᠢᠭᠤᠳᠬᠠᠬᠤ + ᠰᠠᠯᠬᠢ ᠨᠡᠪᠲᠡᠷᠡᠭᠦᠯᠬᠦ + ᠨᠢᠭᠡ ᠮᠧᠲᠷ ᠤᠨ ᠱᠤᠭᠤᠮ 》 ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠠᠵᠢᠯᠯᠠᠬᠤ ᠭᠠᠵᠠᠷ᠂ ᠬᠤᠳᠠᠯᠳᠤᠭᠠᠨ ᠤ ᠲᠠᠯᠠᠪᠤᠷ ᠤᠨ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠨᠢ ᠠᠵᠢᠯᠲᠠᠨ  ᠤ ᠪᠠᠨ ᠬᠡᠪᠴᠢᠶ᠎ᠡ ᠶᠢ ᠬᠢᠵᠠᠭᠠᠷᠯᠠᠵᠤ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠬᠤ ᠬᠡᠷᠡᠭᠲᠡᠶ᠃ ᠵᠤᠭ᠎ᠠ ᠴᠡᠩᠭᠡᠯ ᠤᠨ ᠲᠠᠯᠠᠪᠤᠷ ᠭᠠᠵᠠᠷ᠂ ᠨᠣᠮ ᠤᠨ ᠰᠠᠩ᠂ ᠮᠦᠽᠧᠶ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠤᠷᠢᠳᠴᠢᠯᠠᠨ ᠪᠣᠯᠵᠣᠬᠤ᠂ ᠤᠷᠤᠰᠬᠠᠯ ᠢ ᠬᠢᠵᠠᠭᠠᠷᠯᠠᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠂ ᠡᠮ ᠤᠨ ᠳᠡᠯᠭᠡᠭᠦᠷ ᠤᠳ ᠬᠠᠯᠠᠭᠤᠷᠠᠯ  ᠤᠨ ᠡᠮ ᠤᠨ ᠵᠦᠶᠯ ᠢ ᠬᠤᠳᠠᠯᠳᠤᠨ ᠠᠪᠬᠤ  ᠬᠦᠮᠤᠰ ᠤᠨ ᠳᠠᠩᠰᠠᠯᠠᠯ ᠪᠠ ᠮᠡᠳᠡᠭᠦᠯᠦᠯᠲᠡ ᠶᠢ ᠰᠠᠶᠢᠲᠤᠷ ᠬᠢᠬᠦ ᠬᠡᠷᠡᠭᠲᠡᠶ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠰᠤᠷᠭᠠᠭᠤᠯᠢ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠬᠢᠨᠠᠨ ᠬᠠᠮᠢᠶᠠᠷᠬᠤ ᠲᠠᠯᠠᠪᠤᠷ ᠭᠠᠵᠠᠷ ᠵᠡᠷᠭᠡ ᠡᠯ᠎ᠡ ᠲᠥᠷᠥᠯ ᠤᠨ ᠭᠤᠤᠯᠳᠠᠯᠭ᠎ᠠ ᠲᠠᠢ ᠲᠠᠯᠠᠪᠤᠷ ᠭᠠᠵᠠᠷ ᠨᠢ《 ᠭᠠᠳᠠᠨ᠎ᠠ ᠠᠴᠠ ᠢᠷᠡᠭᠰᠡᠨ ᠬᠥᠮᠦᠰ ᠢ ᠴᠢᠬᠤᠯᠠ ᠪᠤᠰᠤ ᠤᠴᠢᠷ ᠦᠭᠡᠢ ᠪᠤᠯ ᠤᠷᠤᠬᠤ ᠦᠭᠡᠢ 》ᠵᠠᠷᠴᠢᠮ ᠢ ᠪᠠᠷᠢᠮᠲᠠᠯᠠᠵᠤ᠂ ᠬᠥᠮᠦᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠨ᠎ᠠ᠃ᠳᠥᠷᠪᠡ᠂ ᠵᠠᠮ ᠬᠠᠷᠢᠯᠴᠠᠭᠠᠨ ᠤ ᠲᠠᠯᠠᠪᠤᠷ ᠥᠷᠲᠡᠭᠡ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠶ    ᠲᠡᠮᠦᠷ ᠵᠠᠮ᠂ ᠵᠠᠰᠠᠮᠠᠯ ᠵᠠᠮ ᠵᠡᠷᠭᠡ ᠨᠢᠭᠡᠴᠡ ᠨᠦᠭᠦᠳ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠥᠳᠡᠯᠦᠩᠭᠦᠶ ᠲᠣᠬᠢᠷᠠᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠲᠡᠭᠡᠭᠡᠪᠦᠷᠢ ᠶᠢᠨ ᠲᠣᠬᠢᠷᠠᠭᠤᠯᠤᠯᠲᠠ ᠪᠠ ᠠᠶᠠᠨᠴᠢᠳ ᠤᠨ ᠶᠠᠪᠤᠵᠤ ᠰᠠᠭᠤᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠶᠠᠨᠴᠢᠳ ᠤᠨ ᠮᠡᠳᠡᠭᠡ ᠵᠠᠩᠭᠢ ᠶᠢ ᠬᠢᠨᠠᠮᠠᠭᠠᠶ ᠪᠠᠶᠢᠴᠠᠭᠠᠨ ᠰᠢᠯᠭᠠᠵᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠥᠮᠦᠰ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠢᠯᠡᠷᠡᠭᠦᠯᠪᠡᠯ ᠵᠢᠷᠤᠮᠵᠢᠭᠤᠯᠤᠨ ᠰᠢᠶᠳᠪᠦᠷᠢᠯᠡᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠭᠡᠨ ᠣᠯᠠᠨ ᠲᠦᠮᠡᠨ ᠠᠷᠠᠳ ᠢᠷᠭᠡᠳ ᠤᠨ ᠬᠠᠷᠢᠭᠤᠴᠠᠯᠭ᠎ᠠ ᠪᠣᠯᠤᠨ ᠡᠭᠦᠷᠭᠡ ᠪᠠᠨ ᠭᠦᠶᠴᠡᠳᠬᠡᠵᠦ᠂ ᠬᠢᠵᠢᠭ ᠢ ᠰᠡᠷᠭᠡᠶᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ᠲᠠᠪᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ    ᠪᠦᠬᠦ ᠬᠤᠳᠠ ᠶᠢᠨ ᠡᠯ᠎ᠡ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠣᠣᠷᠵᠢᠭᠤᠯᠬᠤ᠂ ᠨᠠᠷᠢᠯᠢᠬᠵᠢᠭᠤᠯᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠤᠲᠤᠭ ᠲᠠᠭᠠᠨ ᠪᠤᠴᠠᠭᠰᠠᠨ ᠬᠥᠮᠦᠰ ᠢ ᠪᠠᠶᠢᠴᠠᠭᠠᠨ ᠵᠢᠭᠰᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠳᠣᠬᠢ ᠱᠠᠲᠤᠨ ᠤ ᠬᠥᠮᠦᠰ ᠤᠨ ᠭᠡᠷ ᠲᠡᠭᠡᠨ ᠰᠠᠭᠤᠵᠤ ᠪᠠᠶᠢᠭ᠎ᠠ ᠪᠠᠶᠢᠳᠠᠯ ᠪᠣᠯᠤᠨ ᠤᠢᠢᠷ᠎ᠠ ᠶᠢᠨ ᠬᠤᠭᠤᠴᠠᠭᠠᠨ ᠤ ᠲᠦᠷᠦᠯ ᠰᠠᠳᠤᠨ ᠤ ᠨᠤᠲᠤᠭ ᠲᠠᠭᠠᠨ ᠪᠤᠴᠠᠭᠰᠠᠨ ᠪᠠᠶᠢᠳᠠᠯ ᠢ ᠡᠵᠡᠮᠰᠢᠵᠦ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠵᠤ᠂ ᠠᠮᠠᠪᠴᠢ᠂ ᠪᠡᠶ᠎ᠡ ᠶᠢᠨ ᠳᠤᠯᠠᠭᠠᠨ ᠤ ᠬᠡᠮᠵᠢᠭᠦᠷ᠂ ᠠᠷᠢᠭᠤᠳᠬᠠᠬᠤ ᠰᠢᠩᠭᠡᠨ ᠵᠡᠷᠭᠡ ᠬᠢᠵᠢᠭ ᠢ ᠰᠡᠷᠭᠡᠶᠢᠯᠡᠬᠦ ᠰᠠᠭᠤᠷᠢ ᠴᠢᠨᠠᠷᠲᠠᠢ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠨᠡᠶᠢᠭᠡᠮ ᠲᠣᠭᠤᠷᠢᠭ ᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠶᠢᠩᠭᠤᠵᠢᠭᠰᠠᠨ ᠪᠣᠳᠠᠲᠤ ᠪᠠᠶᠢᠯᠳᠤᠭᠠᠨ ᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃《 ᠴᠢᠬᠤᠯᠠ ᠪᠤᠰᠤ ᠪᠣᠯ ᠨᠤᠲᠤᠭ ᠲᠠᠭᠠᠨ ᠬᠠᠷᠢᠬᠤ ᠦᠭᠡᠶ᠂ ᠴᠢᠬᠤᠯᠠ ᠪᠤᠰᠤ ᠪᠣᠯ ᠨᠤᠲᠤᠭ ᠠᠴᠠ ᠪᠠᠨ ᠭᠠᠷᠬᠤ ᠦᠭᠡᠶ 》ᠪᠠᠶᠢᠬᠤ ᠶᠢ ᠰᠠᠨᠠᠭᠠᠴᠢᠯᠠᠵᠤ᠂ ᠪᠠᠶᠠᠷ ᠳᠤᠷᠠᠰᠬᠠᠯ ᠤᠨ ᠡᠳᠦᠷ ᠤᠨ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠨ᠂ ᠪᠠᠶᠠᠷ ᠤᠨ ᠶᠠᠪᠤᠳᠠᠯ ᠢ ᠬᠤᠶᠢᠰᠢᠯᠠᠭᠤᠯᠤᠨ ᠭᠦᠢᠴᠡᠳᠬᠡᠬᠦ᠂ ᠣᠷᠣᠰᠢᠭᠤᠯᠭ᠎ᠠ ᠶᠢ ᠳᠥᠭᠦᠮ ᠰᠢᠢᠳᠪᠦᠷᠢᠯᠡᠬᠦ ᠶᠢ ᠪᠠᠷᠢᠮᠲᠠᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠳᠤᠲᠠᠭᠤ ᠠᠶᠢᠯ ᠲᠣᠭᠤᠷᠢᠵᠤ᠂ ᠳᠤᠲᠠᠭᠤ ᠶᠠᠪᠤᠵᠤ᠂ ᠬᠥᠮᠦᠰ ᠤᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠴᠢᠩᠭᠠᠳᠬᠠᠨ᠎ᠠ᠃ᠵᠢᠷᠭᠤᠭ᠎ᠠ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ    《 ᠴᠢᠬᠤᠯᠠ ᠦᠭᠡᠶ ᠪᠣᠯ ᠡᠷᠬᠢᠯᠡᠬᠦ ᠦᠭᠡᠶ 》 ᠪᠠᠶᠢᠬᠤ ᠵᠠᠷᠴᠢᠮ ᠤᠨ ᠶᠣᠰᠣᠭᠠᠷ᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠨᠢᠭᠡᠴᠡ  ᠨᠦᠭᠦᠳ ᠵᠠᠷᠴᠢᠮ ᠳᠡᠭᠡᠷ᠎ᠡ ᠪᠠᠨ ᠲᠣᠮᠣ ᠬᠡᠯᠪᠡᠷᠢ ᠶᠢᠨ ᠣᠨ ᠤ ᠬᠤᠷᠠᠯ᠂ ᠪᠣᠯᠪᠠᠰᠤᠷᠠᠭᠤᠯᠤᠯ᠂ ᠬᠠᠮᠲᠤ ᠶᠢᠨ ᠵᠣᠯᠭᠠᠯᠲᠠ᠂ ᠲᠣᠬᠤᠨᠢᠭᠤᠯᠤᠯ᠂ ᠬᠠᠮᠲᠤᠷᠠᠭᠰᠠᠨ ᠨᠠᠶᠢᠷ᠂ ᠬᠠᠮᠲᠤᠷᠠᠭᠰᠠᠨ ᠬᠤᠭᠤᠯᠠ ᠵᠡᠷᠭᠡ ᠠᠵᠢᠯᠯᠠᠭ᠎ᠠ ᠡᠷᠬᠢᠯᠡᠬᠦ ᠦᠭᠡᠶ᠂ ᠴᠢᠬᠤᠯᠠ ᠦᠭᠡᠶ ᠪᠣᠯ ᠭᠠᠳᠠᠷ ᠣᠷᠣᠨ ᠠᠴᠠ ᠡᠷᠬᠢᠯᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠣᠷᠣᠯᠴᠠᠬᠤ ᠦᠭᠡᠶ ᠪᠠᠶᠢᠬᠤ ᠬᠡᠷᠡᠭᠲᠡᠶ᠃ ᠡᠯ᠎ᠡ ᠬᠤᠳᠠᠯᠳᠤᠭᠠᠨ ᠤ ᠪᠠᠶᠢᠭᠤᠯᠤᠮᠵᠢ ᠨᠢ ᠰᠦᠯᠵᠢᠶᠡᠨ ᠭᠠᠳᠠᠨᠠᠬᠢ ᠲᠣᠮᠣ ᠬᠡᠯᠪᠡᠷᠢ ᠶᠢᠨ ᠲᠥᠪᠯᠡᠷᠡᠭᠰᠡᠨ ᠴᠢᠨᠠᠷᠲᠠᠶ ᠳᠡᠯᠭᠡᠨ ᠪᠣᠷᠣᠯᠠᠭᠤᠯᠬᠤ᠂ ᠪᠣᠷᠣᠯᠠᠭᠤᠯᠭ᠎ᠠ ᠠᠬᠢᠭᠤᠯᠬᠤ ᠵᠡᠷᠭᠡ ᠠᠵᠢᠯᠯᠠᠭ᠎ᠠ ᠡᠷᠭᠢᠯᠡᠬᠦ ᠥᠬᠡᠶ᠃ 50 ᠬᠥᠮᠦᠨ ᠠᠴᠠ ᠳᠡᠭᠡᠭᠰᠢᠬᠢ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠬᠢᠯᠡᠬᠦ ᠳᠤ《 ᠬᠡᠨ ᠡᠷᠬᠢᠯᠡᠪᠡᠯ ᠬᠡᠨ ᠬᠠᠷᠢᠭᠤᠴᠠᠬᠤ 》ᠵᠠᠷᠴᠢᠮ ᠶᠣᠰᠣᠭᠠᠷ᠂ ᠨᠠᠷᠢᠨ ᠲᠣᠳᠣᠷᠬᠠᠶ ᠵᠢᠷᠤᠮᠵᠢᠭᠰᠠᠨ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠠᠳᠠᠯᠢ ᠱᠠᠲᠤᠨ  ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ ᠃ ᠥᠷᠭᠡᠨ ᠣᠯᠠᠨ ᠬᠤᠲᠠ ᠶᠢᠨ ᠠᠷᠠᠳ ᠬᠤᠷᠢᠮ ᠪᠡᠯᠪᠡᠰᠦᠷᠡᠯ ᠤᠨ ᠶᠠᠪᠤᠳᠠᠯ ᠢ ᠳᠥᠭᠦᠮ ᠳᠥᠲᠡ ᠪᠠᠷ ᠡᠷᠬᠢᠯᠡᠨ ᠬᠢᠬᠦ ᠶᠢ ᠰᠠᠨᠠᠭᠠᠴᠢᠯᠠᠵᠤ᠂ ᠴᠢᠬᠤᠯᠠ ᠪᠤᠰᠤ ᠴᠤᠭᠯᠠᠷᠠᠬᠤ᠂ ᠬᠠᠮᠲᠤ ᠬᠤᠭᠤᠯᠠᠯᠠᠬᠤ᠂ ᠬᠠᠮᠲᠤ ᠴᠤᠭᠯᠠᠷᠠᠬᠤ ᠶᠢ ᠪᠠᠭᠠᠰᠬᠠᠨ᠂ ᠭᠡᠷ ᠲᠡᠭᠡᠨ ᠪᠢᠲᠡᠭᠦᠨ ᠤ ᠬᠤᠭᠤᠯᠠ ᠢᠳᠡᠬᠦ᠂ ᠬᠠᠮᠲᠤ ᠬᠤᠭᠤᠯᠠ ᠢᠳᠡᠬᠦ᠂ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠵᠡᠷᠭᠡ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠶᠢ ᠰᠠᠨᠠᠭᠠᠴᠢᠯᠠᠵᠤ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪ ᠦᠭᠡᠶ ᠡᠪᠡᠳᠴᠢᠨ ᠤ ᠪᠠᠶᠢᠳᠠᠯ ᠲᠠᠢ ᠪᠣᠯ ᠣᠷᠣᠯᠴᠠᠵᠤ ᠪᠣᠯᠬᠤ ᠦᠭᠡᠶ᠃ᠳᠣᠯᠤᠭ᠎ᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠭᠠᠳᠠᠭᠰᠢ ᠭᠠᠷᠬᠤ ᠶᠢ ᠠᠯᠢ ᠴᠢᠳᠠᠬᠤ ᠪᠠᠷ ᠪᠠᠭᠠᠰᠬᠠᠨ᠎ᠠ    ᠥᠷᠭᠡᠨ ᠣᠯᠠᠨ ᠲᠦᠮᠡᠨ ᠴᠢᠬᠤᠯᠠ ᠪᠤᠰᠤ ᠪᠠᠶᠢᠳᠠᠯ ᠳᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠵᠢᠴᠢ ᠪᠠᠶᠢᠭ᠎ᠠ ᠬᠤᠲᠠ ᠳᠤ ᠣᠴᠢᠬᠤ ᠥᠬᠡᠶ ᠪᠠᠶᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠠᠯᠢ ᠴᠢᠳᠠᠬᠤ ᠪᠠᠷ ᠭᠠᠳᠠᠭᠰᠢ ᠭᠠᠷᠴᠤ ᠵᠢᠭᠤᠯᠴᠢᠯᠠᠬᠤ ᠥᠬᠡᠶ᠂ ᠠᠶᠠᠨ ᠤ ᠵᠠᠮ ᠤᠨ ᠲᠦᠭᠰᠢᠭᠦᠷᠢ ᠶᠢ ᠠᠩᠬᠠᠷᠤᠨ ᠰᠡᠷᠭᠡᠶᠢᠯᠡᠬᠦ ᠬᠡᠷᠡᠭᠲᠡᠶ᠃ ᠰᠠᠭᠤᠭ᠎ᠠ ᠭᠠᠵᠠᠷ ᠲᠠᠭᠠᠨ ᠴᠠᠭᠠᠨ ᠰᠠᠷ᠎ᠠ ᠪᠠᠨ ᠦᠩᠭᠡᠷᠡᠭᠦᠯᠤᠨ᠂ ᠴᠠᠭᠠᠨ ᠰᠠᠷ᠎ᠠ ᠶᠢᠨ ᠬᠤᠭᠤᠴᠠᠭᠠᠨ ᠳᠤ ᠠᠶᠢᠯᠴᠢᠯᠠᠨ ᠰᠢᠨᠡᠯᠡᠬᠦ ᠶᠢ ᠰᠠᠨᠠᠭᠠᠴᠢᠯᠠᠵᠤ᠂ ᠸᠢᠴᠠᠲ᠂ ᠸᠢᠳᠢᠣ᠋᠂ ᠤᠲᠠᠰᠤ ᠵᠡᠷᠭᠡ ᠰᠦᠯᠵᠢᠶᠡᠨ ᠳᠡᠭᠡᠷ᠎ᠡ ᠰᠢᠨᠡᠯᠡᠬᠦ ᠶᠢ ᠰᠠᠨᠠᠭᠠᠴᠢᠯᠠᠨ᠎ᠠ᠃ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠬᠦ᠂ ᠪᠠᠷ᠎ᠠ ᠪᠤᠯᠵᠤ ᠰᠤᠪᠢᠯᠠᠬᠤ᠂ ᠡᠷᠬᠢᠨ ᠦᠵᠡᠬᠦ  ᠳᠡᠭᠡᠨ ᠡᠷᠬᠡᠪᠰᠢ ᠡᠮᠴᠢᠯᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠮᠢᠶᠠᠷᠤᠯᠲᠠ ᠶᠢᠨ ᠲᠣᠭᠲᠠᠭᠠᠯ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠬᠤ ᠬᠡᠷᠡᠭᠲᠡᠢ᠃ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ ᠵᠡᠷᠭᠡ ᠰᠡᠵᠢᠭᠯᠡᠯᠲᠡᠶ ᠡᠪᠡᠳᠴᠢᠨ ᠤ ᠪᠠᠶᠢᠳᠠᠯ ᠢᠯᠡᠷᠡᠪᠡᠯ ᠡᠷᠬᠡᠪᠰᠢ ᠠᠮᠠᠪᠴᠢ ᠪᠠᠨ ᠵᠥᠪ ᠵᠡᠭᠦᠵᠦ᠂ ᠣᠯᠠᠨ ᠨᠡᠶᠢᠲᠡ ᠶᠢᠨ ᠪᠤᠰᠤ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠰᠣᠩᠭᠤᠨ᠂ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠬᠦᠷᠴᠦ ᠡᠮᠨᠡᠭᠦᠯᠬᠦ ᠶᠢᠨ ᠬᠠᠮᠲᠤ ᠡᠮᠴᠢ ᠳᠤ ᠣᠶᠢᠷ᠎ᠠ ᠶᠢᠨ ᠬᠤᠭᠤᠴᠠᠭᠠᠨ ᠳᠤ ᠵᠢᠭᠤᠯᠴᠢᠯᠠᠭᠰᠠᠨ ᠥᠩᠭᠡᠷᠡᠯᠲᠡ᠂ ᠣᠶᠢᠷᠠᠲᠤᠭᠰᠠᠨ ᠲᠡᠦᠬᠡ ᠵᠡᠷᠭᠡ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃ᠨᠠᠶᠮᠠ᠂ ᠰᠤᠷᠭᠠᠭᠤᠯᠢ ᠪᠣᠯᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠤᠷᠤᠭᠴᠢᠳ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ    ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠪᠣᠯᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠬᠥᠮᠦᠵᠢᠯ ᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠮᠥᠷᠳᠡᠨ᠂ ᠴᠠᠭ ᠲᠤᠬᠠᠶ ᠳᠤᠨᠢ ᠰᠡᠷᠡᠮᠵᠢᠯᠡᠭᠦᠯᠵᠦ᠂ ᠪᠠᠭᠰᠢ ᠰᠤᠷᠤᠭᠴᠢᠳ ᠢ ᠬᠤᠪᠢ ᠬᠥᠮᠦᠨ ᠵᠢᠴᠢ ᠬᠡᠷ ᠪᠦᠯᠢ ᠶᠢᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠬᠦ ᠶᠢ ᠴᠢᠩᠭ᠎ᠠ ᠱᠠᠭᠠᠷᠳᠠᠬᠤ ᠬᠡᠷᠡᠭᠲᠡᠶ᠃ ᠪᠠᠭᠰᠢ ᠰᠤᠷᠤᠭᠴᠢᠳ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠲᠣᠰ ᠬᠤᠲᠠ ᠠᠴᠠ ᠰᠠᠯᠬᠤ ᠦᠶᠡᠰ ᠤᠨ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ  ᠶᠢᠨ ᠭᠠᠳᠠᠨ᠎ᠠ ᠪᠤᠶᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠪᠣᠯᠬᠤ ᠥᠬᠡᠶ᠃ ᠪᠠᠭᠰᠢ ᠰᠣᠷᠣᠭᠴᠢ ᠶᠢᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠳᠠᠭᠠᠨ ᠦᠯᠡᠳᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠬᠦ ᠥᠬᠡᠶ᠂ ᠦᠨᠡᠬᠡᠷ ᠰᠤᠷᠭᠠᠭᠤᠯᠢ ᠳᠠᠭᠠᠨ ᠦᠯᠡᠳᠡᠬᠦ ᠴᠢᠬᠤᠯᠠᠲᠠᠶ ᠪᠣᠯ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠦᠭᠡᠶ᠂ ᠰᠤᠷᠭᠠᠭᠤᠯᠢ ᠶᠢᠨ ᠬᠦᠷᠢᠶ᠎ᠡ ᠨᠢ ᠦᠷᠭᠦᠯᠵᠢᠯᠡᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠥᠷᠭᠡᠨ ᠣᠯᠠᠨ ᠬᠡᠷ ᠤᠨ ᠠᠬᠠᠮᠠᠳ ᠬᠡᠦᠬᠡᠳ ᠤᠨ ᠢᠶᠠᠨ ᠡᠷᠡᠭᠦᠯ ᠮᠡᠨᠳᠦ ᠠᠮᠤᠷ ᠲᠦᠪᠰᠢᠨ  ᠢ ᠠᠩᠬᠠᠷᠬᠤ ᠬᠡᠷᠡᠭᠲᠡᠶ᠂ ᠬᠡᠦᠬᠡᠳ ᠢ ᠬᠥᠮᠦᠨ ᠬᠠᠷ᠎ᠠ ᠨᠢᠭᠲᠠᠷᠬᠠᠰᠠᠨ᠂ ᠰᠠᠯᠬᠢ ᠵᠢᠪᠠᠷ ᠰᠠᠶᠢᠨ ᠨᠡᠪᠲᠡᠷᠡᠬᠦ ᠥᠬᠡᠶ ᠲᠠᠯᠠᠪᠤᠷ ᠲᠤ ᠬᠥᠳᠡᠯᠭᠡᠭᠡᠨ ᠬᠢᠯᠭᠡᠵᠦ ᠪᠣᠯᠬᠤ ᠥᠬᠡᠶ᠂ ᠢᠳᠡᠭᠡᠨ ᠤᠮᠳᠠᠭᠠᠨ ᠪᠠ ᠬᠤᠪᠢ ᠬᠥᠮᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠬᠠᠯᠳᠠᠪᠤᠷᠢᠲᠤ ᠲᠠᠭᠰᠢᠭᠤᠷ᠂ ᠨᠣᠷᠧ ᠸᠢᠷᠦ᠋ᠰ᠂ ᠭᠠᠷ ᠬᠥᠯ ᠠᠮᠠᠨ ᠬᠥᠨᠳᠡᠶ ᠶᠢᠨ ᠡᠪᠡᠳᠴᠢᠨ ᠵᠡᠷᠭᠡ ᠡᠪᠡᠳᠴᠢᠨ ᠡᠮᠭᠡᠭ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃ ᠬᠡᠦᠬᠡᠳ ᠤᠨ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠬᠤ᠂ ᠢᠳᠡᠭᠡᠨ ᠤᠮᠳᠠᠭᠠᠨ ᠢᠶᠠᠨ ᠲᠡᠩᠴᠡᠭᠦᠷᠢᠲᠡᠶ ᠪᠠᠶᠢᠯᠭᠠᠬᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠵᠣᠷᠢᠭᠵᠢᠭᠤᠯᠬᠤ ᠬᠡᠷᠡᠭᠲᠡᠶ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠵᠢᠴᠢ ᠥᠷᠭᠡᠨ ᠤᠯᠠᠨ ᠠᠷᠠᠳ ᠲᠦᠮᠡᠨ ᠤᠬᠠᠮᠰᠠᠷ ᠠᠴᠠ ᠪᠠᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠲᠣᠭᠲᠠᠭᠠᠯ ᠠᠴᠠ ᠵᠥᠷᠢᠴᠡᠨ ᠬᠢᠵᠢᠭ ᠤᠨ ᠪᠠᠶᠢᠳᠠᠯ ᠦᠷᠪᠢᠰᠦᠨ ᠳᠡᠯᠭᠡᠷᠡᠭᠰᠡᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠭᠡᠭᠡᠡ ᠭᠤᠣᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠢᠵᠢᠭ ᠤᠨ ᠪᠠᠶᠢᠳᠠᠯ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠡᠭᠡᠨ ᠴᠠᠭ ᠲᠤᠬᠠᠢ ᠳᠤᠨᠢ ᠲᠤᠬᠢᠷᠠᠭᠤᠯᠤᠯᠲᠠ ᠬᠢᠨ᠎ᠠ᠃2021 ᠣᠨ ᠤ 1 ᠳ᠋ᠦ᠋ᠭᠡᠷ ᠰᠠᠷ᠎ᠠ ᠶᠢᠨ 9   ᠤ ᠡᠳᠦᠷ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号