ᠭᠡᠭᠡᠨ ᠭᠤᠤᠯ ᠬᠤᠲᠠ ᠶᠢᠨ ᠳ᠋ᠧᠯᠪᠤᠷ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠢᠳᠡᠪᠬᠢᠲᠡᠶ ᠦᠷᠨᠢᠭᠦᠯᠪᠡ
ᠨᠡᠶᠢᠲᠡᠯᠡᠭᠰᠡᠨ ᠴᠠᠭ᠄
2021/1/20
   ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠤᠨ ᠬᠤᠪᠢᠷᠠᠯᠲᠠ ᠶᠢᠨ ᠡᠮᠦᠨ᠎ᠡ᠂ ᠬᠠᠷᠢᠶ᠎ᠠ ᠣᠷᠣᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ  ᠶᠢᠨ ᠲᠥᠯᠥᠭᠡ᠂ ᠳ᠋ᠧᠯᠪᠦᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯᠲᠠᠨ ᠢᠶᠠᠨ ᠢᠳᠡᠪᠬᠢᠲᠡᠶ ᠵᠣᠬᠢᠶᠠᠨ ᠪᠠᠶᠢᠭᠤᠯᠵᠤ ᠬᠠᠷᠢᠶ᠎ᠠ ᠣᠷᠣᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠬᠢᠵᠢᠭ ᠢ ᠰᠡᠷᠭᠡᠶᠢᠯᠡᠬᠦ ᠬᠢᠷᠢ ᠲᠦᠪᠰᠢᠨ ᠪᠠ ᠬᠢᠵᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠦᠶᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠳᠤ ᠪᠠᠲᠤ ᠰᠠᠭᠤᠷᠢ ᠲᠠᠯᠪᠢᠵᠠᠢ᠃    ᠳ᠋ᠧᠯᠪᠦᠷ ᠪᠠᠯᠭᠠᠰᠤ ᠲᠧᠯᠸᠢᠰ ᠬᠤᠷᠢᠶᠠᠨ ᠤ ᠳᠡᠯᠭᠡᠴᠡ ᠪᠠᠷ ᠭᠡᠭᠡᠨ ᠭᠤᠣᠯ ᠬᠤᠳᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ᠢ ᠦᠷᠭᠦᠯᠵᠢᠯᠡᠨ ᠨᠡᠪᠲᠡᠷᠡᠭᠦᠯᠵᠦ᠂ ᠤᠬᠠᠭᠤᠯᠭ᠎ᠠ ᠶᠢᠨ ᠤᠷᠢᠶ᠎ᠠ ᠶᠢᠨ ᠪᠢᠴᠢᠭᠡᠰᠦ  ᠶᠢ 30 ᠡᠯᠭᠦᠵᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠲᠡᠷᠭᠡ ᠶᠢ 2 ᠭᠠᠷᠭᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢ ᠤᠬᠠᠭᠤᠯᠵᠤ᠂ ᠵᠠᠰᠠᠭ ᠤᠨ ᠣᠷᠳᠣᠨ ᠵᠢᠴᠢ ᠪᠠᠩᠬᠢ ᠵᠡᠷᠭᠡ ᠤᠯᠠᠨ ᠨᠡᠶᠢᠲᠡ ᠶᠢᠨ ᠲᠠᠯᠠᠪᠤᠷ ᠤᠨ ᠲᠤᠮᠤ ᠳᠡᠯᠭᠡᠴᠡ ᠶᠢ ᠠᠰᠢᠭᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦ  ᠶᠢᠨ ᠮᠡᠳᠡᠯᠭᠡ ᠶᠢ ᠴᠠᠭ ᠲᠤᠬᠠᠢ ᠳᠤᠨᠢ ᠨᠡᠪᠲᠡᠷᠡᠭᠦᠯᠵᠦ᠂ LED ᠡᠯᠧᠺᠲᠷᠣᠨ ᠳᠡᠯᠭᠡᠴᠡ ᠶᠢ ᠠᠰᠢᠭᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠤᠷᠢᠶ᠎ᠠ ᠯᠣᠽᠦ᠋ᠩ ᠢ 20 ᠬᠤᠪᠢ ᠨᠡᠪᠲᠡᠷᠡᠭᠦᠯᠪᠡ᠃ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠳᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠬᠠᠷᠢᠶ᠎ᠠ ᠣᠷᠣᠨ ᠤ ᠣᠯᠠᠨ ᠲᠦᠮᠡᠨ ᠳᠤ ᠴᠤᠭᠯᠠᠷᠠᠬᠤ ᠥᠬᠡᠶ᠂ ᠬᠠᠮᠲᠤ ᠬᠤᠭᠤᠯᠠᠯᠠᠬᠤ ᠥᠬᠡᠶ᠂ ᠭᠠᠷ ᠢᠶᠠᠨ ᠦᠷᠭᠦᠯᠵᠢ ᠤᠬᠢᠶᠠᠵᠤ᠂ ᠠᠮᠠᠪᠴᠢ ᠵᠡᠭᠦᠵᠦ᠂ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠶ ᠲᠠᠰᠤᠯᠬᠤ ᠶᠢ ᠬᠥᠮᠦᠵᠢᠭᠦᠯᠦᠨ ᠵᠢᠯᠣᠭᠤᠳᠴᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠡᠢ᠃    ᠡᠭᠦᠨ ᠤ ᠬᠠᠮᠲᠤ᠂ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠥᠷᠨᠢᠭᠦᠯᠬᠦ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢᠨ ᠤᠷᠢᠶ᠎ᠠ ᠯᠣᠽᠦ᠋ᠩ ᠢ ᠰᠠᠨᠠᠭᠠᠴᠢᠯᠠᠭ᠎ᠠ ᠠᠴᠠ ᠪᠠᠨ ᠵᠣᠬᠢᠶᠠᠨ  ᠪᠠᠶᠢᠭᠤᠯᠤᠨ ᠬᠢᠵᠦ᠂ ᠳᠡᠯᠭᠡᠭᠦᠷ ᠤᠨ ᠢᠯᠡ ᠪᠠᠶᠢᠷᠢᠨ ᠳᠤ ᠲᠠᠯᠪᠢᠵᠠᠢ᠃    ᠬᠢᠵᠢᠭ ᠤᠨ ᠪᠠᠶᠢᠳᠠᠯ ᠠᠶᠤᠮᠠᠷ ᠪᠢᠰᠢ᠂ ᠰᠡᠷᠭᠡᠶᠢᠯᠡᠨ ᠡᠵᠡᠮᠳᠡᠬᠦ ᠳᠤ ᠤᠯᠠᠨ ᠳᠤ ᠲᠦᠰᠢᠭᠯᠡᠨ᠎ᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠷᠭ᠎ᠠ ᠬᠡᠮᠵᠢᠶ᠎ᠡ ᠨᠢ ᠲᠤᠬᠠᠶ ᠶᠢᠨ ᠭᠠᠵᠠᠷ ᠤᠨ ᠠᠷᠠᠳ ᠣᠯᠠᠨ ᠤ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠵᠠᠶ᠃
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号