ᠮᠠᠨᠬᠦ᠋ᠢ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/22
    ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠶᠤᠮ᠃ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠯᠭᠠᠰᠤᠨ ᠳᠤ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠤᠨ《 ᠭᠤᠤᠯᠳᠠᠯᠭ᠎ᠠ 》 ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ  ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠪᠡ᠃    ᠤᠬᠠᠭᠤᠯᠭ᠎ᠠ ᠶᠢᠨ ᠠᠷᠭ᠎ᠠ ᠬᠡᠯᠪᠡᠷᠢ ᠶᠢ《 ᠣᠯᠠᠨ 》ᠬᠡᠯᠪᠡᠷᠢ ᠪᠠᠷ ᠶᠠᠪᠤᠭᠳᠠᠭᠤᠯᠵᠠᠢ᠃ ᠬᠥᠨᠳᠡᠯᠡᠨ ᠪᠢᠴᠢᠭᠡᠰᠦ ᠡᠯᠭᠦᠬᠦ᠂ ᠵᠠᠷ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠮᠠᠰᠢᠨ ᠲᠡᠷᠭᠡᠨ ᠤ ᠤᠬᠠᠭᠤᠯᠭ᠎ᠠ ᠵᠢᠴᠢ ᠵᠢᠷᠭᠢᠶ᠎ᠡ ᠶᠢᠨ ᠬᠤᠯᠪᠣᠭ᠎ᠠ᠂ ᠨᠠᠶᠢᠵᠠ ᠶᠢᠨ ᠬᠤᠯᠪᠣᠭ᠎ᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠯᠭᠠᠰᠤᠨ ᠤ ᠰᠠᠭᠤᠭᠠᠯᠢ ᠠᠷᠠᠳ᠂ ᠠᠵᠤ ᠠᠬᠤᠶᠢᠯᠠᠯ ᠤᠨ ᠬᠤᠪᠢ ᠶᠢᠨ ᠡᠷᠦᠬᠡ ᠵᠡᠷᠭᠡ ᠳᠤ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠮᠡᠳᠡᠯᠭᠡ ᠪᠠ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠤᠬᠠᠭᠤᠯᠤᠨ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠵᠠᠰᠠᠭ ᠤᠨ ᠣᠷᠳᠣᠨ ᠤ ᠡᠷᠬᠡ ᠰᠦᠷᠲᠦ ᠰᠠᠯᠠᠭ᠎ᠠ ᠮᠥᠴᠢᠷ ᠤᠨ ᠨᠡᠶᠢᠲᠡᠯᠡᠭᠰᠡᠨ ᠬᠠᠮᠢᠶ᠎ᠠ ᠪᠥᠬᠦᠶ ᠮᠡᠳᠡᠭᠡ ᠶᠢ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠠᠭ ᠲᠤᠬᠠᠶ ᠳᠤᠨᠢ ᠤᠶᠢᠯᠠᠭᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ  ᠢᠶᠠᠷ ᠢᠶᠠᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号