ᠬᠥᠯᠥᠨ ᠪᠣᠶᠢᠷ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠡ ᠶᠢᠨ ᠳᠠᠷᠤᠭ᠎ᠠ ᠵᠢᠢ ᠶᠦᠩ ᠴᠢᠶᠠᠨ ᠬᠡᠭᠡᠨ ᠭᠤᠤᠯ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/1/22
   1 ᠰᠠᠷ᠎ᠠ ᠶᠢᠨ 16   ᠤ ᠡᠳᠦᠷ ᠠᠴᠠ 17   ᠤ ᠡᠳᠦᠷ ᠪᠣᠯᠲᠠᠯ᠎ᠠ᠂ ᠬᠥᠯᠥᠨ ᠪᠣᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠡᠭᠡᠨ ᠭᠤᠤᠯ ᠬᠤᠲᠠ ᠳᠤ ᠬᠦᠷᠴᠦ᠂ ᠬᠤᠲᠠ ᠪᠠᠯᠭᠠᠰᠤᠨ ᠤ ᠭᠠᠯ ᠤᠨᠲᠠᠷᠠᠭᠠᠬᠤ ᠡᠭᠦᠷᠭᠡ ᠴᠢᠳᠠᠪᠤᠷᠢ ᠶᠢ ᠰᠢᠯᠵᠢᠭᠦᠯᠦᠨ ᠲᠤᠰᠢᠶᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ᠂ ᠢᠯᠴᠢ ᠶᠢᠨ ᠬᠠᠩᠭᠠᠯᠭ᠎ᠠ ᠶᠢ ᠪᠠᠲᠤᠯᠠᠬᠤ᠂ ᠠᠶᠤᠯᠬᠦᠢ ᠦᠶᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠤᠨ ᠵᠦᠶᠯᠡᠰ ᠢ ᠰᠢᠶᠳᠪᠦᠷᠢᠯᠡᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠬᠥᠯᠥᠨ ᠪᠣᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠠᠨ ᠱᠤ᠋ ᠯᠢᠩ᠂ ᠬᠡᠭᠡᠨ ᠭᠤᠤᠯ ᠬᠤᠲᠠ ᠶᠢᠨ ᠨᠠᠮ ᠤᠨ ᠬᠤᠷᠢᠶ᠎ᠡ ᠶᠢᠨ ᠱᠦᠵᠢ ᠰᠦᠨ ᠰᠢᠶᠤᠤ ᠯᠢᠶᠠᠩ᠂ ᠬᠡᠭᠡᠨ ᠭᠤᠤᠯ ᠬᠤᠲᠠ ᠶᠢᠨ ᠨᠠᠮ  ᠤᠨ ᠬᠤᠷᠢᠶᠠᠨ ᠤ ᠳᠡᠳ᠋ ᠱᠦᠵᠢ ᠭᠤᠤ ᠱᠠᠨ᠂ ᠬᠡᠭᠡᠨ ᠭᠤᠤᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠭᠧᠩ ᠬᠤᠤ᠂ ᠬᠡᠭᠡᠨ ᠭᠤᠤᠯ ᠬᠤᠲᠡ ᠶᠢᠨ ᠳᠡᠳ᠋ ᠬᠤᠲᠠ  ᠶᠢᠨ ᠳᠠᠷᠤᠭ᠎ᠠ ᠬᠤᠸᠠᠩ ᠱᠣᠤ ᠪᠢᠨ ᠵᠢᠴᠢ ᠬᠥᠯᠥᠨ ᠪᠣᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠶᠢᠨ ᠾᠧ ᠪᠠᠯᠭᠠᠰᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ᠂ ᠶᠢᠨ ᠾᠧ ᠣᠶ ᠰᠢᠭᠤᠶ ᠶᠢᠨ ᠲᠣᠪᠴᠢᠶ᠎ᠠ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠭᠠᠵᠠᠷ ᠲᠤ ᠬᠦᠷᠴᠤ᠂ ᠵᠢᠢ ᠶᠦᠩ ᠴᠢᠶᠠᠨ ᠵᠡᠷᠭᠡ ᠬᠥᠮᠦᠰ ᠴᠡᠷᠢᠭ ᠤᠨ ᠬᠤᠸᠠᠷᠠᠨ᠂ ᠬᠤᠭᠤᠯᠠᠨ ᠬᠡᠷ᠂ ᠲᠡᠷᠭᠡ ᠬᠥᠰᠬᠡ ᠲᠣᠨᠤᠭ ᠲᠥᠬᠦᠭᠡᠷᠦᠮᠵᠢ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠡᠮᠦᠨ᠎ᠡ ᠹᠷᠣᠨᠲ  ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠢᠯᠤᠭᠤᠳᠤᠭᠴᠢ ᠪᠠᠶᠢᠯᠳᠤᠭᠴᠢᠳ ᠢ  ᠲᠣᠬᠤᠨᠢᠭᠤᠯᠵᠤ᠂ ᠠᠵᠢᠯᠳᠠᠨ ᠲᠤᠬᠢᠷᠠᠭᠤᠯᠬᠤ᠂ ᠪᠣᠯᠪᠠᠰᠤᠷᠠᠯ ᠠᠮᠢᠳᠤᠷᠠᠯ᠂ ᠴᠠᠭᠳᠠᠭ᠎ᠠ ᠲᠣᠮᠢᠯᠠᠨ ᠠᠪᠤᠷᠠᠨ ᠲᠤᠰᠠᠯᠠᠬᠤ ᠵᠡᠷᠭᠡ ᠪᠠᠶᠢᠳᠠᠯ ᠢ ᠨᠢ ᠨᠠᠷᠢᠨ ᠯᠠᠪᠯᠠᠨ‌ᠠᠰᠠᠭᠤᠵᠠᠢ᠃ ᠵᠢᠢ ᠶᠦᠩ ᠴᠢᠶᠠᠨ ᠵᠢᠭᠠᠵᠤ ᠭᠠᠷᠭᠠᠭᠰᠠᠨ ᠨᠢ᠂ ᠰᠢᠭᠤᠶᠢᠲᠤ ᠣᠷᠣᠨ ᠤ ᠬᠤᠲᠠ ᠪᠠᠯᠭᠠᠰᠤᠨ ᠤ ᠭᠠᠯ ᠤᠨᠲᠠᠷᠠᠭᠠᠬᠤ ᠡᠭᠦᠷᠭᠡ ᠴᠢᠳᠠᠪᠤᠷᠢ ᠶᠢ ᠰᠢᠯᠵᠢᠭᠦᠯᠦᠨ ᠲᠤᠰᠢᠶᠠᠬᠤ ᠠᠵᠢᠯ ᠨᠢ ᠰᠢᠭᠤᠶᠢᠲᠤ ᠣᠷᠣᠨ ᠤ ᠬᠤᠲᠠ ᠪᠠᠯᠭᠠᠰᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠬᠠᠷᠢᠭᠤᠴᠠᠯᠭ᠎ᠠ ᠲᠤᠶᠢᠯ ᠤᠨ ᠬᠦᠨᠳᠦ ᠶᠡᠭᠡ ᠪᠠᠶᠢᠳᠠᠭ᠃ ᠡᠯ᠎ᠡ ᠱᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠡᠭᠦᠷᠭᠡᠯᠡᠨ᠂ ᠡᠭᠦᠷᠭᠡ ᠴᠢᠳᠠᠪᠤᠷᠢ ᠪᠠᠨ ᠭᠥᠯᠢᠶᠡᠨ ᠠᠪᠤᠭᠰᠠᠨ ᠤ ᠳᠠᠷᠠᠭ᠎ᠠ ᠡᠯ᠎ᠡ ᠵᠦᠶᠯ ᠤᠨ ᠠᠵᠢᠯ ᠢᠶᠠᠨ ᠲᠣᠭᠲᠠᠭᠤᠨ ᠢᠶᠠᠷ ᠰᠢᠯᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠠᠯ ᠤᠨᠲᠠᠷᠠᠭᠠᠬᠤ ᠡᠩᠨᠡᠭᠡ ᠨᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠨ ᠪᠠᠲᠤᠯᠠᠭ᠎ᠠ ᠬᠠᠩᠭᠠᠬᠤ᠂ ᠡᠶ᠎ᠡ ᠵᠣᠬᠢᠴᠠᠯ ᠲᠠᠢ ᠨᠡᠶᠢᠭᠡᠮ ᠤᠨ ᠶᠡᠭᠡ ᠲᠠᠯ᠎ᠠ  ᠶᠢ ᠴᠣᠭᠴᠠᠯᠠᠨ ᠪᠠᠶᠢᠭᠤᠯᠬᠤ ᠲᠣᠭᠤᠷᠢᠨ ᠳᠤ᠂ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠭᠠᠯ ᠤᠨᠲᠠᠷᠠᠭᠠᠬᠤ ᠪᠦᠬᠦ ᠵᠢᠯᠣᠭᠤᠳᠣᠭᠴᠢ ᠪᠠᠶᠢᠯᠳᠤᠭᠴᠢᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠰᠤᠷᠤᠯᠴᠠᠯᠭ᠎ᠠ ᠪᠠᠨ ᠴᠢᠩᠭᠠᠳᠬᠠᠵᠤ᠂ ᠡᠷᠳᠡᠮ ᠴᠢᠳᠠᠪᠤᠷᠢ ᠪᠠᠨ ᠰᠢᠷᠭᠠᠭᠤ ᠪᠣᠯᠪᠠᠰᠤᠷᠠᠵᠤ᠂ ᠮᠡᠷᠭᠡᠵᠢᠯ ᠴᠢᠳᠠᠪᠤᠷᠢ  ᠪᠠᠨ ᠳᠡᠭᠡᠭᠰᠢᠯᠡᠭᠦᠯᠦᠨ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ᠂ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ  ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃     ᠶᠢᠨ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ᠲᠤ᠂ ᠵᠢᠢ ᠶᠦᠩ ᠴᠢᠶᠠᠨ ᠵᠡᠷᠭᠡ ᠬᠦᠮᠤᠰ ᠨᠡᠶᠢᠭᠡᠮ ᠲᠣᠭᠤᠷᠢᠭ ᠤᠨ ᠴᠢᠳᠠᠮᠵᠢ ᠶᠢᠨ ᠪᠠᠶᠢᠷᠢᠰᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢᠨ ᠪᠠᠶᠢᠳᠠᠯ ᠢ ᠪᠠᠶᠢᠴᠠᠭᠠᠨ ᠦᠵᠡᠪᠡ᠃ ᠨᠡᠶᠢᠭᠡᠮ ᠲᠣᠭᠤᠷᠢᠭ ᠤᠨ ᠠᠵᠢᠯᠲᠠᠨ ᠤ ᠲᠣᠬᠢᠷᠠᠭᠤᠯᠤᠯᠲᠠ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ᠂ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠴᠤ ᠭᠥᠯᠢᠶᠡᠨ ᠠᠪᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠠᠶ᠃ ᠵᠢᠢ ᠶᠦᠩ ᠴᠢᠶᠠᠨ ᠵᠢᠭᠠᠵᠤ ᠭᠠᠷᠭᠠᠭᠰᠠᠨ  ᠨᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠢ ᠰᠠᠶᠢᠲᠤᠷ ᠬᠢᠬᠦ ᠪᠣᠯ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠰᠢᠯᠵᠢᠭᠦᠯᠦᠨ ᠲᠤᠰᠢᠶᠠᠭᠰᠠᠨ ᠤ ᠳᠠᠷᠠᠭᠠᠬᠢ ᠡᠯ᠎ᠡ ᠵᠦᠶᠯ  ᠤᠨ ᠠᠵᠢᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠲᠤᠰ ᠪᠡᠶ᠎ᠡ ᠶᠢᠨ ᠵᠢᠭᠰᠠᠭᠠᠯ ᠤᠨ ᠭᠠᠵᠠᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠭᠦᠢᠴᠡᠳ ᠲᠠᠶᠢᠴᠢᠯᠠᠵᠤ᠂ ᠨᠡᠶᠢᠭᠡᠮ ᠲᠣᠭᠤᠷᠢᠭ ᠤᠨ ᠡᠷᠡᠭᠦᠯ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃   ᠵᠢᠢ ᠶᠦᠩ ᠴᠢᠶᠠᠨ ᠭᠡᠭᠡᠨ ᠭᠤᠣᠯ ᠤᠨ ᠭᠤᠸᠠᠩ ᠮᠢᠩ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ᠂ ᠶᠢᠨ ᠾᠧ ᠳ᠋ᠡ ᠯᠢᠨ ᠺᠣᠮᠫᠠᠨᠢ ᠶᠢᠨ ᠢᠯᠴᠢ ᠶᠢᠨ ᠬᠦᠴᠦᠨ ᠤ ᠲᠥᠪ ᠦᠷᠳᠡᠭᠡ ᠳᠤ ᠬᠦᠷᠴᠤ ᠪᠤᠳᠠᠲᠦ ᠭᠠᠵᠠᠷ ᠤᠨ ᠪᠠᠶᠢᠴᠠᠭᠠᠯᠲᠠ ᠬᠢᠵᠠᠢ᠂ ᠢᠯᠴᠢ ᠬᠠᠩᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠢᠢ ᠶᠦᠩ ᠴᠢᠶᠠᠨ ᠴᠢᠬᠤᠯᠠᠴᠢᠯᠠᠭᠰᠠᠨ  ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠨᠢᠭᠡ ᠵᠦᠢᠯ  ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠢᠯᠴᠢ ᠬᠠᠩᠭᠠᠬᠤ ᠨᠢᠭᠡᠴᠢ ᠨᠡᠶᠢᠭᠡᠮ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠢᠯᠴᠢ ᠬᠠᠩᠭᠠᠬᠤ ᠲᠥᠬᠦᠭᠡᠷᠦᠮᠵᠢ᠂ ᠬᠤᠭᠤᠯᠠᠢ ᠶᠢᠨ ᠲᠣᠣᠷ ᠢ ᠪᠠᠶᠢᠴᠠᠭᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯ᠎ᠡ ᠲᠦᠷᠦᠯ  ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠢ ᠬᠠᠯᠠᠭᠤᠨ ᠳᠤᠯᠠᠭᠠᠨ ᠢᠶᠠᠷ ᠡᠪᠦᠯᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠵᠢᠢ ᠶᠦᠩ ᠴᠢᠶᠠᠨ ᠪᠠᠰᠠ ᠤᠯᠭᠤᠶᠠ ᠡᠸᠠᠩᠬᠢ ᠦᠨᠳᠤᠰᠤᠳᠠᠨ ᠤ ᠰᠢᠶᠠᠩ ᠳᠤ ᠬᠦᠷᠴᠦ ᠡᠪᠦᠯ ᠤᠨ ᠤᠯᠠᠷᠢᠯ  ᠤᠨ ᠮᠥᠰᠥ ᠴᠠᠰᠤᠨ ᠤ ᠵᠢᠭᠤᠯᠴᠢᠯᠠᠯ ᠤᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠂ ᠲᠡᠷᠡ ᠴᠢᠬᠤᠯᠠᠴᠢᠯᠠᠭᠰᠠᠨ ᠨᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠦᠵᠡᠮᠵᠢ ᠶᠢᠨ ᠣᠷᠣᠨ ᠤ ᠠᠭᠤᠯᠭ᠎ᠠ  ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠵᠤᠭ᠎ᠠ ᠴᠡᠩᠭᠡᠯ ᠤᠨ ᠲᠥᠷᠥᠯ ᠵᠦᠶᠯ ᠤᠨ ᠣᠷᠣᠯᠴᠠᠬᠤ ᠴᠢᠨᠠᠷ ᠢ ᠨᠡᠮᠡᠭᠳᠡᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ ᠠᠵᠤ ᠦᠶᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号