ᠭᠡᠭᠡᠨ ᠭᠤᠤᠯ ᠬᠤᠲᠠ ᠶᠢᠨ ᠠᠯᠦ᠋ᠩᠱᠠᠨ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠨ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/1/25
 ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠳᠠᠯ ᠢ ᠪᠠᠶᠢᠴᠠᠭᠠᠨ ᠡᠷᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠣᠷᠣᠰᠢᠵᠤ ᠪᠠᠶᠢᠭ᠎ᠠ ᠬᠡᠮ ᠰᠣᠭᠤᠭ ᠢ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂《 ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ 》〔2021〕3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 1 ᠰᠠᠷ᠎ᠠ ᠶᠢᠨ 16   ᠤ ᠡᠳᠦᠷ᠂ ᠠᠯᠦ᠋ᠩᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠤ ᠳᠠᠷᠤᠭ᠎ᠠ ᠪᠠᠷ ᠪᠦᠷᠢᠯᠳᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ  ᠠᠯᠦ᠋ᠩᠱᠠᠨ ᠪᠠᠯᠭᠠᠰᠤᠨ ᠤ ᠬᠠᠷᠢᠶ᠎ᠠ ᠣᠷᠣᠨ ᠤ ᠡᠵᠡᠩᠨᠡᠯᠲᠡ ᠶᠢᠨ ᠭᠠᠵᠠᠷ ᠲᠤ ᠪᠠᠶᠢᠴᠠᠭᠠᠯᠲᠠ ᠬᠢᠪᠠ᠃    ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠵᠣᠴᠢᠳ ᠤᠨ ᠪᠠᠭᠤᠳᠠᠯ᠂ ᠳᠡᠯᠭᠡᠭᠦᠷ᠂ ᠡᠮ ᠤᠨ ᠳᠡᠯᠭᠡᠭᠦᠷ᠂ ᠬᠤᠭᠤᠯᠠᠨ ᠬᠡᠷ᠂ ᠲᠦᠷᠭᠡᠨ ᠬᠦᠷᠭᠡᠯᠲᠡ ᠶᠢᠨ ᠲᠣᠤᠷ ᠴᠡᠭ᠂ ᠬᠦᠶᠲᠡᠨ ᠬᠡᠯᠬᠢᠶᠡᠲᠦ ᠢᠳᠡᠭᠡᠨ ᠤ ᠪᠣᠷᠣᠯᠠᠭᠤᠯᠭ᠎ᠠ ᠶᠢᠨ ᠴᠡᠭ ᠵᠡᠷᠭᠡ ᠡᠵᠡᠩᠨᠡᠯᠲᠡ ᠶᠢᠨ ᠴᠢᠨᠠᠷᠲᠠᠶ ᠦᠶᠯᠡᠳᠪᠦᠷᠢᠯᠡᠯ ᠤᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ᠂ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃    ᠪᠠᠶᠢᠴᠠᠭᠠᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠭᠡᠵᠦ ᠪᠣᠶ᠂ ᠬᠠᠷᠢᠶ᠎ᠠ ᠣᠷᠣᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠶ ᠪᠠᠶᠢᠳᠠᠯ ᠢ ᠭᠦᠶᠴᠡᠳ ᠲᠠᠨᠢᠵᠤ᠂ ᠠᠯᠦ᠋ᠩᠱᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠨᠢᠭᠡᠴᠢ᠂ ᠰᠠᠯᠠᠭ᠎ᠠ ᠮᠥᠴᠢᠷ ᠤᠨ ᠬᠢᠨᠠᠨ ᠵᠢᠯᠣᠭᠤᠳᠴᠤ ᠪᠠᠶᠢᠴᠠᠭᠠᠬᠤ ᠳᠤ ᠢᠳᠡᠪᠬᠢᠲᠡᠶ ᠬᠠᠮᠵᠢᠯᠴᠠᠵᠤ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠬᠥᠮᠦᠨ ᠬᠠᠷ᠎ᠠ ᠶᠢ ᠲᠡᠮᠳᠡᠭᠯᠡᠬᠦ᠂ ᠠᠷᠢᠭᠤᠳᠬᠠᠨ ᠴᠡᠪᠡᠷᠯᠡᠬᠦ ᠵᠡᠷᠭᠡ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠶ ᠡᠭᠦᠷᠭᠡᠯᠡᠵᠦ ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠬᠢᠨ ᠬᠠᠮᠠᠭᠠᠯᠠᠬᠤ ᠬᠡᠷᠡᠭᠲᠡᠶ᠃ᠡᠬᠡ ᠪᠢᠴᠢᠭ ᠤᠨ ᠢᠷᠡᠯᠲᠡ᠄ ᠠᠯᠦ᠋ᠩᠱᠠᠨ ᠪᠠᠯᠭᠠᠰᠤᠵᠤᠬᠢᠶᠠᠭᠴᠢ᠄ ᠳ᠋ᠦ᠋ ᠮᠢᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号