ᠭᠡᠭᠡᠨ ᠭᠤᠤᠯ ᠤᠨ ᠭᠠᠯᠲᠤ ᠲᠡᠷᠭᠡᠨ ᠥᠷᠲᠡᠭᠡ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯᠴᠢᠨ ᠤ ᠬᠠᠬᠢᠷ ᠬᠦᠢᠲᠡᠨ ᠠᠭᠤᠷ ᠠᠮᠢᠰᠬᠤᠯ ᠳᠠᠬᠢ ᠪᠠᠷᠢᠯᠭ᠎ᠠ ᠶᠢᠨ ᠠᠵᠢᠯ ᠢ ᠪᠠᠲᠤᠯᠠᠪᠠ
ᠨᠡᠶᠢᠲᠡᠯᠡᠭᠰᠡᠨ ᠴᠠᠭ᠄
2021/1/25
 ᠬᠠᠬᠢᠷ ᠬᠦᠶᠲᠡᠨ ᠴᠠᠭ ᠠᠭᠤᠷ ᠨᠢ ᠬᠡᠷ ᠤᠨ ᠭᠠᠳᠠᠨ᠎ᠠ ᠠᠵᠢᠯᠯᠠᠵᠤ ᠪᠠᠶᠢᠭ᠎ᠠ ᠮᠠᠰᠢ ᠣᠯᠠᠨ ᠠᠵᠢᠯᠴᠢᠨ ᠳᠤ ᠲᠤᠶᠢᠯ  ᠤᠨ ᠶᠡᠭᠡ ᠥᠷᠢᠰᠥᠯᠳᠦᠭᠡᠨ ᠠᠪᠴᠢᠷᠠᠪᠠ᠂ ᠬᠡᠭᠡᠨ ᠭᠤᠤᠯ ᠤᠨ ᠭᠠᠯᠲᠤ ᠲᠡᠷᠭᠡᠨ ᠥᠷᠲᠡᠭᠡ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯᠴᠢᠳ ᠤᠨ ᠬᠠᠬᠢᠷ ᠬᠦᠶᠲᠡᠨ ᠴᠠᠭ ᠠᠭᠤᠷ ᠳᠣᠤᠷ᠎ᠠ ᠤᠷᠤᠭᠰᠢᠲᠠᠶ ᠠᠵᠢᠯᠯᠠᠬᠤ ᠶᠢ ᠪᠠᠲᠤᠯᠠᠵᠤ᠂ ᠠᠶᠠᠨᠴᠢᠳ ᠤᠨ ᠬᠠᠯᠠᠭᠤᠨ ᠳᠤᠯᠠᠭᠠᠨ ᠢᠶᠠᠷ ᠲᠡᠷᠭᠡ ᠬᠦᠯᠢᠶᠡᠬᠦ ᠶᠢ ᠪᠠᠲᠤᠯᠠᠪᠠ᠃    ᠲᠡᠭ ᠠᠴᠠ ᠳᠣᠷᠣᠭᠰᠢ 40 ᠬᠡᠳᠦᠨ ᠭᠷᠠᠳᠦ᠋ᠰ ᠤᠨ ᠬᠦᠶᠲᠡᠨ ᠠᠭᠤᠷ ᠠᠮᠢᠰᠬᠤᠯ ᠨᠢ ᠬᠡᠷ ᠤᠨ ᠭᠠᠳᠠᠨ᠎ᠠ ᠠᠵᠢᠯᠯᠠᠵᠤ ᠪᠠᠶᠢᠭ᠎ᠠ ᠲᠡᠮᠦᠷ ᠵᠠᠮ ᠤᠨ ᠠᠵᠢᠯᠴᠢᠳ ᠲᠤ ᠠᠪᠴᠤ ᠬᠡᠯᠡᠪᠡᠯ᠂ ᠲᠤᠶᠢᠯ ᠤᠨ ᠶᠡᠭᠡ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠢᠯᠠᠩᠭᠤᠶ᠎ᠠ ᠭᠠᠯᠲᠤ ᠲᠡᠷᠭᠡ ᠲᠣᠬᠢᠷᠠᠭᠤᠯᠬᠤ ᠠᠵᠢᠯ ᠤᠨ ᠬᠤᠯᠪᠣᠭᠠᠴᠢᠨ ᠡᠳᠦᠷ ᠰᠥᠨᠢ ᠥᠬᠡᠶ ᠠᠵᠢᠯᠯᠠᠵᠤ ᠪᠠᠶᠢᠬᠤ ᠪᠠᠷ ᠪᠠᠷᠠᠬᠤ ᠥᠬᠡᠶ᠂ ᠭᠠᠭᠴᠠ ᠤᠳᠠᠭ᠎ᠠ ᠶᠢᠨ ᠠᠶᠠᠨᠴᠢᠳ ᠤᠨ ᠲᠡᠷᠭᠡ ᠢᠷᠡᠬᠦ ᠦᠶᠡᠰ ᠬᠡᠷ ᠤᠨ ᠭᠠᠳᠠᠨ᠎ᠠ 40 ᠮᠢᠨᠦ᠋ᠲ ᠠᠵᠢᠯᠯᠠᠵᠤ᠂ ᠪᠠᠷᠠᠭ᠎ᠠ ᠲᠡᠭᠡᠭᠡᠪᠦᠷᠢᠯᠡᠬᠦ ᠭᠠᠯᠲᠤ ᠲᠡᠷᠭᠡ ᠢᠷᠡᠬᠦ ᠦᠶᠡᠰ ᠬᠡᠷ ᠤᠨ ᠭᠠᠳᠠᠨ᠎ᠠ 11 ᠴᠠᠭ ᠰᠢᠬᠠᠮ ᠠᠵᠢᠯᠯᠠᠳᠠᠭ᠃ ᠲᠡᠭ ᠠᠴᠠ ᠳᠣᠷᠣᠭᠰᠢ 40 ᠬᠡᠳᠦᠨ ᠭᠷᠠᠳᠦ᠋ᠰ ᠤᠨ ᠲᠡᠰᠬᠢᠮ᠎ᠡ ᠬᠦᠢᠳᠡᠠ ᠳᠤ᠂ ᠲᠡᠳᠡᠠ ᠤ ᠬᠤᠶᠠᠷ ᠬᠦᠯ ᠨᠢ ᠠᠯᠢ ᠡᠷᠲᠡ ᠬᠥᠯᠳᠡᠭᠡᠳ ᠰᠡᠷᠡᠭᠳᠡᠯ ᠤᠢᠭᠡᠢ ᠪᠤᠯᠵᠦ᠂ ᠱᠠᠬᠠᠢ ᠪᠠ ᠬᠦᠯ ᠨᠢ ᠠᠭᠠᠵᠢᠮ ᠢᠶᠠᠷ ᠬᠠᠯᠠᠭ᠎ᠠ ᠤᠢᠭᠡᠢ ᠪᠠᠶᠢᠬᠤ ᠦᠶ᠎ᠡ ᠳᠤ᠂ ᠲᠡᠳᠠ ᠪᠠᠰᠠ ᠬᠦᠢᠳᠡᠠ ᠨᠣᠶᠢᠲᠠᠨ ᠱᠠᠬᠠᠢ ᠡᠮᠦᠰᠴᠦ ᠲᠡᠷᠠᠭ᠎ᠠ ᠡᠭᠡᠯᠵᠢ ᠶᠢᠨ ᠭᠠᠯᠲᠤ ᠲᠡᠷᠭᠡ ᠶᠢ ᠬᠤᠯᠪᠣᠨ ᠠᠵᠢᠯᠯᠠᠭᠤᠯᠬᠤ ᠪᠣᠯᠤᠨ᠎ᠠ᠃ ᠡᠨᠡ ᠬᠦ ᠬᠦᠴᠢᠷ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠬᠡᠭᠡᠨ ᠭᠤᠤᠯ ᠤᠨ ᠭᠠᠯᠲᠤ ᠲᠡᠷᠭᠡᠨ ᠥᠷᠲᠡᠭᠡ ᠶᠢᠨ ᠲᠡᠮᠦᠷ ᠵᠠᠮ  ᠤᠨ ᠠᠵᠢᠯᠴᠢᠳ ᠲᠤ ᠲᠤᠰᠬᠠᠶᠢᠯᠠᠨ ᠱᠠᠬᠠᠶ ᠰᠢᠷᠠᠬᠤ ᠮᠠᠰᠢᠨ ᠬᠤᠳᠠᠯᠳᠤᠨ ᠠᠪᠴᠤ ᠥᠭᠴᠡᠶ᠂ ᠮᠠᠰᠢᠨ ᠳᠣᠲᠣᠷᠠᠬᠢ 50 ᠭᠠᠷᠤᠶ ᠭᠷᠠᠳᠦ᠋ᠰ ᠤᠨ ᠥᠨᠳᠥᠷ ᠬᠠᠯᠠᠭᠤᠨ ᠳᠤ ᠨᠢᠭᠡ ᠴᠠᠭ ᠣᠷᠴᠢᠮ ᠱᠠᠬᠠᠶ ᠪᠠᠨ ᠬᠠᠯᠠᠭᠠᠨ ᠬᠠᠳᠠᠭᠠᠵᠤ᠂ ᠲᠡᠮᠦᠷ ᠵᠠᠮ ᠤᠨ ᠠᠵᠢᠯᠴᠢᠳ ᠤᠨ ᠬᠤᠶᠠᠷ ᠬᠥᠯ ᠢ ᠳᠤᠯᠠᠭᠠᠯᠠᠭᠰᠠᠨ ᠢᠶᠠᠷ ᠪᠠᠷᠠᠬᠤ ᠥᠬᠡᠶ᠂ ᠠᠵᠢᠯᠴᠢᠳ ᠤᠨ ᠰᠡᠳᠬᠢᠯ ᠢ ᠨᠠᠩ ᠳᠤᠯᠠᠭᠠᠴᠠᠭᠤᠯᠵᠠᠶ᠃    ᠬᠡᠭᠡᠨ ᠭᠤᠤᠯ ᠤᠨ ᠭᠠᠯᠲᠤ ᠲᠡᠷᠭᠡᠨ ᠥᠷᠲᠡᠭᠡ ᠵᠢᠯ ᠪᠦᠷᠢ ᠲᠡᠮᠦᠷ ᠵᠠᠮ ᠤᠨ ᠠᠵᠢᠯᠴᠢᠳ ᠲᠤ ᠱᠠᠬᠠᠶ᠂ ᠮᠠᠯᠠᠭᠠᠶ ᠂ ᠪᠡᠭᠡᠯᠡᠶ ᠵᠡᠷᠭᠡ ᠬᠥᠳᠡᠯᠮᠦᠷᠢ ᠶᠢᠨ ᠬᠠᠮᠠᠭᠠᠯᠠᠯᠲᠠ ᠶᠢᠨ ᠡᠳ᠋ ᠪᠣᠳᠠᠰ ᠪᠣᠯᠤᠨ ᠬᠤᠭᠤᠯᠠᠨ ᠬᠡᠷ ᠲᠤ ᠬᠤᠭᠤᠯᠠ ᠪᠤᠳᠠᠭ᠎ᠠ ᠨᠡᠮᠡᠵᠦ ᠥᠭᠬᠦ ᠶᠢ ᠪᠠᠲᠤᠯᠠᠬᠤ ᠶᠢᠨ ᠬᠠᠮᠲᠤ᠂ ᠡᠨᠡ ᠵᠢᠯ ᠠᠵᠢᠯᠴᠢᠨ ᠤ ᠡᠪᠯᠡᠯ ᠪᠠᠰᠠ 2 ᠲᠦᠮᠡᠨ ᠲᠥᠭᠦᠷᠢᠭ ᠭᠠᠷᠭᠠᠵᠤ᠂ ᠣᠯᠠᠨ ᠳᠤ ᠰᠦ ᠲᠠᠢ ᠴᠠᠶ᠂ ᠲᠥᠬᠦᠮ ᠭᠤᠯᠢᠷ᠂ ᠭᠤᠸᠠᠨᠲ᠋ᠧᠦ᠂ ᠭᠠᠷ ᠬᠠᠮᠠᠭᠠᠯᠠᠬᠤ ᠬᠢᠷᠠᠭᠤ ᠵᠡᠷᠭᠡ ᠬᠠᠬᠢᠷ ᠬᠦᠶᠲᠡᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠬᠤᠳᠠᠯᠳᠤᠨ ᠠᠪᠴᠤ ᠥᠭᠴᠦ᠂ ᠠᠵᠢᠯᠴᠢᠳ ᠤᠨ ᠬᠠᠬᠢᠷ ᠬᠦᠶᠲᠡᠨ ᠠᠭᠤᠷ ᠠᠮᠢᠰᠬᠤᠯ ᠳᠠᠬᠢ ᠬᠡᠷ ᠤᠨ ᠭᠠᠳᠠᠨᠠᠬᠢ ᠠᠵᠢᠯ ᠤᠨ ᠬᠡᠷᠡᠭᠴᠡᠭᠡ  ᠶᠢ ᠪᠦᠲᠦᠮᠵᠢᠲᠡᠶ ᠪᠠᠲᠤᠯᠠᠪᠠ᠃    ᠡᠭᠦᠨ ᠤ ᠬᠠᠮᠲᠤ᠂ ᠬᠡᠭᠡᠨ ᠭᠤᠤᠯ ᠤᠨ ᠭᠠᠯᠲᠤ ᠲᠡᠷᠭᠡᠨ ᠥᠷᠲᠡᠭᠡ ᠨᠢ ᠪᠠᠰᠠ ᠲᠡᠷᠭᠡ ᠬᠦᠯᠢᠶᠡᠬᠦ ᠶᠡᠭᠡ ᠲᠢᠩᠬᠢᠮ ᠳᠤ ᠠᠶᠠᠨᠴᠢᠳ ᠲᠤ ᠨᠠᠷᠢᠨ ᠨᠢᠮᠪᠠᠶ ᠦᠶᠯᠡᠴᠢᠯᠡᠭᠡ ᠬᠠᠩᠭᠠᠵᠤ᠂ ᠬᠠᠯᠠᠭᠤᠨ ᠰᠠᠯᠬᠢᠨ ᠤ ᠬᠥᠰᠢᠭᠡ ᠤᠭᠰᠠᠷᠠᠭᠰᠠᠨ ᠢᠶᠠᠷ ᠪᠠᠷᠠᠬᠤ ᠥᠬᠡᠶ᠂ ᠪᠠᠰᠠ ᠲᠤᠰᠬᠠᠶᠢᠯᠠᠨ ᠴᠠᠬᠢᠯᠭᠠᠨ ᠤᠰᠤ ᠬᠠᠯᠠᠭᠠᠭᠤᠷ᠂ ᠴᠠᠭᠠᠰᠤᠨ ᠴᠣᠮᠣ ᠲᠣᠬᠢᠷᠠᠭᠤᠯᠵᠤ᠂ ᠠᠶᠠᠨᠴᠢᠳ ᠲᠤ ᠬᠠᠯᠠᠭᠤᠨ ᠤᠰᠤ ᠪᠠᠯᠡᠳᠬᠡᠨ᠂ ᠬᠠᠬᠢᠷ ᠬᠦᠶᠲᠡᠨ ᠡᠳᠦᠷ ᠲᠡᠷᠭᠡ ᠬᠦᠯᠢᠶᠡᠬᠦ ᠳᠤ ᠲᠠᠭᠠᠲᠠᠶ ᠪᠣᠯᠭᠠᠪᠠ᠃ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠠᠢ ᠯᠢᠨ ᠨᠠ   ᠳ᠋ᠦ᠋ ᠭᠠᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号