ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ ᠬᠢᠵᠢᠭ ᠤᠨ ᠪᠠᠶᠢᠳᠠᠯ ᠳᠠᠬᠢᠨ ᠡᠬᠦᠰᠬᠦ ᠶᠢ | ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠳᠠᠶᠢᠯᠠᠯᠳᠤᠭᠠᠨ ᠢ ᠰᠠᠶᠢᠲᠤᠷ ᠬᠢᠵᠦ᠂ | ᠳ᠋ᠧᠯᠪᠤᠷ ᠪᠠᠯᠭᠠᠰᠤᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ | ᠲᠥᠯᠥᠭᠡ᠂ 1 ᠰᠠᠷ᠎ᠠ ᠶᠢᠨ 22 ᠤᠨ ᠡᠳᠦᠷ᠂ ᠳ᠋ᠧᠯᠪᠤᠷ ᠪᠠᠯᠭᠠᠰᠤᠨ ᠤ ᠵᠠᠰᠠᠭ ᠤᠨ ᠣᠷᠳᠣᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ᠂ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠠᠯᠭᠠᠰᠤᠨ ᠤ ᠳᠤᠳᠤᠷᠠᠬᠢ ᠶᠠᠭ ᠦᠶᠯᠡᠳᠪᠦᠷᠢᠯᠡᠵᠦ ᠠᠵᠢᠯᠯᠠᠵᠤ | ᠪᠠᠶᠢᠭ᠎ᠠ ᠱᠠᠨ ᠶᠢᠨ ᠠᠭᠤᠷᠬᠠᠶ ᠶᠢᠨ ᠦᠶᠯᠡᠰ᠂ ᠪᠢ ᠯᠢ ᠶᠠ ᠶᠢᠨ ᠠᠭᠤᠷᠬᠠᠶ ᠶᠢᠨ ᠦᠶᠯᠡᠰ ᠲᠤ ᠴᠢᠭᠯᠡᠭᠦᠯᠦᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠤᠯᠬᠦᠢ ᠦᠶᠯᠡᠳᠪᠦᠷᠢᠯᠡᠯ ᠤᠨ ᠬᠠᠮᠲᠤᠷᠠᠭᠰᠠᠨ | ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ | ᠪᠠᠶᠢᠴᠠᠭᠠᠬᠤ ᠠᠵᠢᠯ ᠨᠢ ᠭᠤᠤᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ | ᠱᠠᠨ ᠶᠢᠨ ᠠᠭᠤᠷᠬᠠᠶ ᠶᠢᠨ ᠦᠶᠯᠡᠰ᠂ ᠪᠢ ᠯᠢ ᠶᠠ ᠶᠢᠨ ᠠᠭᠤᠷᠬᠠᠶ ᠶᠢᠨ ᠦᠶᠯᠡᠰ ᠤᠨ ᠭᠠᠳᠠᠨ᠎ᠠ ᠠᠴᠠ ᠢᠷᠡᠵᠤ | ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠵᠢᠴᠢ ᠬᠥᠯᠥᠰᠥᠨ ᠠᠵᠢᠯ ᠬᠢᠵᠦ ᠨᠤᠲᠤᠭ ᠲᠠᠭᠠᠨ ᠪᠤᠴᠠᠭᠰᠠᠨ ᠬᠥᠮᠦᠰ | ᠢ ᠪᠦᠷᠢᠳᠬᠡᠨ ᠳᠠᠩᠰᠠᠯᠠᠭᠰᠠᠨ᠂ ᠲᠡᠮᠳᠡᠭᠯᠡᠭᠰᠡᠨ᠂ ᠪᠥᠭᠡᠮ ᠬᠦᠴᠢᠯ ᠢ ᠪᠠᠶᠢᠴᠠᠭᠠᠨ ᠬᠡᠮᠵᠢᠭᠰᠡᠨ ᠪᠠᠶᠢᠳᠠᠯ᠂ ᠬᠤᠭᠤᠯᠠᠨ | ᠬᠡᠷ ᠤᠨ ᠡᠳ᠋ ᠪᠠᠷᠠᠭ᠎ᠠ ᠬᠤᠳᠠᠯᠳᠤᠨ ᠠᠪᠤᠭᠰᠠᠨ ᠢᠳᠡᠭᠡᠨ ᠤᠮᠳᠠᠭᠠᠨ ᠤ ᠤᠶᠢᠯᠡᠴᠢᠯᠡᠭᠡ ᠶᠢᠨ ᠬᠢᠵᠢᠭ ᠤᠨ ᠪᠠᠶᠢᠳᠠᠯ ᠢ | ᠠᠷᠢᠭᠤᠳᠬᠠᠭᠰᠠᠨ ᠪᠠᠶᠢᠳᠠᠯ᠂ ᠠᠮᠤᠷ ᠲᠦᠪᠰᠢᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ᠂ ᠠᠶᠤᠯᠬᠦᠢ | ᠦᠶᠯᠡᠳᠪᠦᠷᠢᠯᠡᠯ ᠤᠨ ᠵᠢᠵᠢᠭᠦᠷᠯᠡᠨ ᠰᠠᠬᠢᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠴᠢᠭᠯᠡᠭᠦᠯᠦᠭᠰᠡᠨ ᠪᠠᠶᠢᠨ᠎ᠠ᠃ | ᠪᠠᠶᠢᠴᠠᠭᠠᠬᠤ ᠳᠤᠭᠤᠶᠢᠯᠠᠩ ᠤᠨ ᠬᠢᠨ ᠭᠤᠤᠯᠳᠠᠯᠭ᠎ᠠ ᠲᠠᠢ ᠴᠢᠩᠭᠠᠳᠬᠠᠭᠰᠠᠨ ᠨᠢ᠂ ᠠᠭᠤᠷᠬᠠᠶ ᠶᠢᠨ ᠦᠶᠯᠡᠰ | ᠤᠨ ᠬᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ | ᠬᠥᠮᠦᠰ᠂ ᠨᠤᠲᠤᠭ ᠲᠠᠭᠠᠨ ᠪᠤᠴᠠᠭᠰᠠᠨ ᠬᠥᠮᠦᠰ ᠤᠨ ᠬᠠᠮᠢᠶ᠎ᠠ ᠪᠥᠬᠦᠶ ᠳᠡᠩᠰᠡᠯᠡᠨ ᠲᠡᠮᠳᠡᠭᠯᠡᠬᠦ᠂ ᠮᠡᠳᠡᠭᠦᠯᠦᠨ | ᠳᠠᠩᠰᠠᠯᠠᠭᠤᠯᠬᠤ ᠠᠵᠢᠯ ᠢ ᠰᠠᠶᠢᠲᠤᠷ ᠬᠢᠵᠦ᠂ ᠡᠳᠦᠷ ᠪᠦᠷᠢ ᠬᠢᠵᠢᠭ ᠤᠨ ᠪᠠᠶᠢᠳᠠᠯ ᠢ ᠲᠡᠮᠳᠡᠭᠯᠡᠵᠦ ᠮᠡᠳᠡᠭᠦᠯᠦᠨ | ᠳᠠᠩᠰᠠᠯᠠᠭᠤᠯᠬᠤ ᠬᠦᠰᠦᠨᠦᠭᠲᠦ ᠭᠠᠷᠭᠠᠬᠤ ᠶᠢᠨ ᠬᠠᠮᠲᠤ ᠪᠠᠯᠭᠠᠰᠤᠨ ᠤ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠠᠵᠢᠯᠲᠠᠨ ᠳᠤ ᠴᠠᠭ ᠲᠤᠬᠠᠶ ᠳᠤᠨᠢ ᠮᠡᠳᠡᠭᠦᠯᠵᠦ᠂ ᠠᠭᠤᠷᠬᠠᠶ ᠶᠢᠨ ᠣᠷᠣᠨ ᠤ ᠬᠤᠭᠤᠯᠠᠨ | ᠬᠡᠷ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠢᠭᠤᠳᠬᠠᠬᠤ ᠠᠵᠢᠯ ᠢ ᠴᠢᠩᠭᠠᠳᠬᠠᠵᠤ᠂ ᠬᠤᠭᠤᠯᠠᠨ | ᠬᠡᠷ ᠤᠨ ᠬᠥᠯᠳᠡᠭᠦᠦ ᠡᠳ᠋ ᠪᠣᠳᠠᠰ ᠢ ᠬᠤᠳᠠᠯᠳᠤᠨ ᠠᠪᠬᠤ ᠳᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠭᠠᠷ | ᠭᠦᠶᠴᠡᠳᠬᠡᠯ ᠢ ᠴᠢᠩᠭ᠎ᠠ ᠵᠢᠷᠤᠮᠯᠠᠨ ᠬᠤᠳᠠᠯᠳᠤᠨ ᠠᠪᠴᠤ᠂ ᠠᠭᠤᠷᠬᠠᠶ ᠶᠢᠨ ᠣᠷᠣᠨ ᠤ ᠦᠶᠯᠡᠳᠪᠦᠷᠢᠯᠡᠯ ᠤᠨ ᠠᠮᠤᠷ | ᠲᠦᠪᠰᠢᠨ ᠤ ᠵᠢᠵᠢᠭᠦᠷᠯᠡᠨ ᠬᠤᠨᠣᠭᠯᠠᠬᠤ ᠠᠵᠢᠯ ᠢ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ | ᠠᠮᠤᠷ ᠲᠦᠪᠰᠢᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠶ ᠭᠡᠵᠦ ᠭᠤᠤᠯᠳᠠᠯᠭ᠎ᠠ ᠲᠠᠢ ᠴᠢᠬᠤᠯᠠᠴᠢᠯᠠᠪᠠ᠃ | | ᠲᠣᠰ ᠤᠳᠠᠭᠠᠨ ᠤ ᠪᠠᠶᠢᠴᠠᠭᠠᠯᠲᠠ ᠶᠢᠨ ᠶᠠᠪᠤᠴᠠ ᠳᠤ ᠠᠭᠤᠷᠬᠠᠶ ᠶᠢᠨ ᠣᠷᠣᠨ ᠤ ᠠᠵᠢᠯᠲᠠᠨ ᠠᠵᠢᠯᠴᠢᠨ ᠤ | ᠪᠠᠶᠢᠷᠢ ᠳᠤ ᠲᠣᠭᠲᠠᠭᠠᠯ ᠠᠴᠠ ᠵᠥᠷᠢᠴᠡᠨ ᠴᠠᠬᠢᠯᠭᠠᠨ ᠵᠠᠯᠭᠠᠨ ᠴᠠᠬᠢᠯᠭᠠᠨ ᠬᠡᠷᠡᠭᠯᠡᠭᠰᠡᠨ ᠪᠠᠶᠢᠳᠠᠯ ᠣᠷᠣᠰᠢᠵᠤ᠂ | ᠪᠠᠶᠢᠷᠢ ᠶᠢᠨ ᠭᠡᠷ ᠢ ᠴᠠᠭ ᠲᠤᠬᠠᠶ ᠳᠤᠨᠢ ᠴᠡᠪᠡᠷᠯᠡᠭᠰᠡᠨ ᠥᠬᠡᠶ᠂ ᠬᠤᠭ ᠨᠣᠪᠰᠢ ᠶᠢ ᠣᠷᠳᠣ ᠬᠤᠭᠤᠴᠠᠭ᠎ᠠ ᠪᠠᠷ | ᠣᠪᠣᠭᠠᠯᠠᠵᠤ ᠲᠠᠯᠪᠢᠭᠰᠠᠨ ᠢ ᠴᠠᠭ ᠲᠤᠬᠠᠶ ᠳᠤᠨᠢ ᠴᠡᠪᠡᠷᠯᠡᠭᠰᠡᠨ ᠥᠬᠡᠶ᠂ ᠴᠠᠭ ᠲᠤᠬᠠᠶ ᠳᠤᠨᠢ ᠠᠷᠢᠭᠤᠳᠬᠠᠨ | ᠠᠷᠢᠯᠭᠠᠭᠰᠠᠨ ᠥᠬᠡᠶ᠂ ᠠᠭᠤᠷᠬᠠᠶ ᠶᠢᠨ ᠣᠷᠣᠨ ᠤ ᠳᠣᠲᠣᠷᠠᠬᠢ ᠵᠢᠵᠢᠭ ᠬᠤᠭᠤᠯᠠᠨ ᠬᠡᠷ ᠨᠢ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠥᠬᠡᠶ᠂ ᠡᠷᠡᠭᠦᠯ ᠬᠠᠮᠠᠭᠠᠯᠠᠯ | ᠤᠨ ᠨᠥᠬᠦᠴᠡᠯ ᠳᠤ ᠨᠡᠶᠢᠴᠡᠬᠦ ᠥᠬᠡᠶ ᠠᠴᠠ ᠪᠣᠯᠵᠣ ᠳᠤᠷ᠎ᠠ ᠪᠠᠷ ᠢᠶᠠᠨ ᠪᠠᠶᠢᠭᠤᠯᠤᠭᠰᠠᠨ ᠪᠠᠶᠢᠳᠠᠯ᠂ ᠨᠡᠭᠦᠷᠡᠰᠦᠨ ᠬᠡᠶ | ᠬᠡᠷᠡᠭᠯᠡᠭᠰᠡᠨ ᠨᠢ ᠲᠣᠭᠲᠠᠭᠠᠯ ᠳᠤ ᠨᠡᠶᠢᠴᠡᠬᠦ ᠥᠬᠡᠶ ᠵᠡᠷᠭᠡ ᠪᠠᠶᠢᠳᠠᠯ ᠢ ᠣᠯᠵᠤ ᠮᠡᠳᠡᠵᠡᠶ᠃ ᠳᠡᠭᠡᠷᠡᠬᠢ ᠠᠰᠠᠭᠤᠳᠠᠯ ᠢ | ᠪᠠᠶᠢᠴᠠᠭᠠᠬᠤ ᠳᠤᠭᠤᠶᠢᠯᠠᠩ ᠨᠢᠭᠡᠨᠲᠡ ᠪᠠᠶᠢᠴᠠᠭᠠᠭᠳᠠᠭᠰᠠᠨ ᠨᠢᠭᠡᠴᠡ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ | ᠪᠠᠭᠤᠯᠭᠠᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ | ᠡᠬᠡ ᠪᠢᠴᠢᠭ ᠤᠨ ᠢᠷᠡᠯᠲᠡ᠄ ᠳ᠋ᠧᠯᠪᠤᠷ ᠪᠠᠯᠭᠠᠰᠤ |