ᠮᠠᠨᠬᠦ᠋ᠢ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ 《 ᠡᠪᠦᠯ ᠤᠨ ᠤᠯᠠᠷᠢᠯ ᠤᠨ ᠲᠠᠭᠠᠷᠢᠯᠲᠠ 》  ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/26
 ᠲᠦᠷᠦᠭᠦᠬᠡᠨ᠂  ᠮᠠᠨᠬᠦ᠋ᠢ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠬᠠᠮᠠᠭᠠᠯᠠᠯᠲᠠ᠂ ᠲᠣᠮᠢᠯᠠᠭᠰᠠᠨ ᠰᠠᠯᠪᠤᠷᠢ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ 《 ᠡᠪᠦᠯ  ᠤᠨ ᠤᠯᠠᠷᠢᠯ ᠤᠨ ᠲᠠᠭᠠᠷᠢᠯᠲᠠ 》   ᠶᠢᠨ ᠠᠵᠢᠯᠯᠠᠭ᠎ᠠ ᠥᠷᠨᠢᠭᠦᠯᠪᠡ᠃    ᠰᠢᠭᠤᠶᠢᠲᠤ ᠣᠷᠣᠨ ᠤ ᠠᠮᠢ ᠠᠬᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂  ᠮᠠᠨᠬᠦ᠋ᠢ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰᠬᠠᠶᠢᠯᠠᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠲᠣᠭᠲᠠᠭᠠᠭᠰᠠᠨ ᠪᠥᠭᠡᠳ ᠠᠵᠢᠯᠯᠠᠭᠠᠨ ᠤ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ ᠵᠣᠬᠢᠴᠠᠭᠤᠯᠪᠠ᠃    ᠠᠵᠢᠯᠯᠠᠭ᠎ᠠ ᠡᠬᠢᠯᠡᠭᠰᠡᠨ ᠤ ᠳᠠᠷᠠᠭ᠎ᠠ᠂《 ᠡᠪᠦᠯ ᠤᠨ ᠤᠯᠠᠷᠢᠯ ᠤᠨ ᠲᠠᠭᠠᠷᠢᠯᠲᠠ 》 ᠶᠢᠨ ᠠᠵᠢᠯᠯᠠᠭᠠᠨ ᠤ ᠳᠤᠭᠤᠶᠢᠯᠠᠩ᠂ ᠮᠠᠰᠢᠨ ᠲᠡᠷᠭᠡ ᠪᠠᠷ ᠬᠡᠳᠦᠨ ᠵᠠᠭᠤᠨ ᠺᠢᠯᠣᠮᠧᠲᠷ ᠠᠶᠠᠯᠠᠵᠤ᠂ ᠬᠤᠶᠢᠲᠤ ᠡᠷᠭᠢ᠂  ᠦ ᠯᠥᠩ ᠳ᠋ᠠᠢ᠂ ᠭᠤᠤ ᠳ᠋ᠢ᠂ ᠾᠧ ᠰᠢ᠂ ᠪᠠᠶ ᠮᠠ ᠪᠣᠯᠤᠨ ᠮᠧᠩ ᠺᠦ᠋ ᠵᠡᠷᠭᠡ ᠵᠢᠷᠭᠤᠭᠠᠨ ᠣᠶ ᠰᠢᠭᠤᠶ ᠶᠢᠨ ᠲᠠᠯᠠᠪᠠᠶ ᠶᠢᠨ ᠠᠮᠢ ᠠᠬᠤᠶ ᠶᠢᠨ ᠴᠢᠳᠠᠮᠵᠢᠳᠤ ᠣᠷᠣᠨ ᠳᠤ ᠭᠦᠨᠵᠡᠭᠡᠶᠢᠷᠡᠨ᠂ ᠰᠢᠳᠠᠮ ᠲᠠᠬᠢᠶ᠎ᠠ᠂ ᠲᠤᠷᠤᠭ ᠪᠤᠭᠤ ᠵᠡᠷᠭᠡ ᠬᠡᠭᠡᠷ᠎ᠡ ᠶᠢᠨ ᠠᠮᠢᠲᠠᠨ ᠤ ᠭᠤᠤᠯ ᠲᠠᠷᠬᠠᠯᠲᠠ ᠶᠢᠨ ᠣᠷᠣᠨ᠂ ᠡᠪᠦᠯᠵᠢᠬᠦ ᠭᠠᠵᠠᠷ᠂ ᠦᠷᠡᠵᠢᠬᠦ  ᠭᠠᠵᠠᠷ ᠢ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠯᠠᠭᠠᠶᠢᠯᠠᠨ ᠠᠩᠨᠠᠭᠰᠠᠳ ᠤᠨ ᠣᠶ ᠰᠢᠭᠤᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠪᠠᠶᠢᠷᠢᠯᠠᠭᠤᠯᠤᠭᠰᠠᠨ ᠠᠩ ᠠᠩᠨᠠᠬᠤ ᠪᠠᠭᠠᠵᠢ᠂ ᠠᠩᠨᠠᠬᠤ ᠲᠣᠤᠷ ᠪᠠ ᠬᠤᠤᠷᠲᠤ ᠡᠮ ᠢ ᠪᠥᠬᠦ ᠲᠠᠯ᠎ᠠ ᠪᠠᠷ ᠴᠡᠪᠡᠷᠯᠡᠨ ᠲᠤᠰᠢᠶᠠᠯᠭᠠᠪᠠ᠃ ᠲᠠᠳᠠ ᠪᠠᠰᠠ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠲᠣᠭᠤᠷᠢᠭ᠂ ᠦᠶᠯᠡᠳᠪᠦᠷᠢᠯᠡᠯ ᠠᠵᠢᠯᠯᠠᠭᠠᠨ ᠤ ᠴᠡᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠠᠬᠢ ᠭᠡᠨᠡᠳᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠭᠰᠠᠨ ᠪᠥᠭᠡᠳ 1409᠂ ᠰᠢᠶᠠ ᠥᠯᠵᠡᠢ ᠴᠢ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠥᠷᠲᠡᠭᠡ᠂ ᠮᠣᠳᠣᠨ ᠮᠠᠲ᠋ᠧᠷᠢᠶᠠᠯ ᠪᠠᠶᠢᠴᠠᠭᠠᠬᠤ ᠥᠷᠲᠡᠭᠡ ᠳᠤ ᠬᠦᠷᠴᠦ᠂ ᠲᠡᠷᠭᠡ ᠬᠥᠰᠬᠡ᠂ ᠬᠥᠮᠦᠰ ᠤᠨ ᠢᠷᠡᠵᠦ ᠶᠠᠪᠤᠭᠰᠠᠨ ᠲᠡᠮᠳᠡᠭᠯᠡᠯ ᠢ ᠲᠣᠭᠠᠯᠠᠨ ᠪᠦᠷᠢᠳᠬᠡᠵᠦ᠂ ᠬᠢᠨᠠᠨ ᠡᠵᠡᠮᠳᠡᠭᠰᠡᠨ ᠳᠦᠷᠰᠦ ᠰᠢᠩᠭᠡᠭᠡᠯᠲᠡ ᠶᠢ ᠪᠠᠶᠢᠴᠠᠭᠠᠨ ᠦᠵᠡᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ 《 ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠱᠠᠩᠨᠠᠯ ᠲᠠᠢ ᠢᠯᠡᠴᠢᠯᠡᠨ ᠮᠡᠳᠡᠭᠦᠯᠬᠦ ᠲᠤᠬᠠᠶ ᠵᠠᠷᠯᠠᠯ 》 ᠢ ᠨᠠᠭᠠᠵᠤ᠂ ᠵᠠᠰᠠᠭ ᠵᠠᠬᠢᠷᠭᠠᠨ᠂ ᠡᠷᠡᠭᠦᠦ ᠶᠢᠨ ᠬᠡᠷᠡᠭ ᠢ ᠢᠯᠡᠴᠢᠯᠡᠨ ᠮᠡᠳᠡᠭᠦᠯᠬᠦ ᠪᠠ ᠱᠠᠩᠨᠠᠨ ᠣᠯᠭᠤᠬᠤ ᠠᠷᠭ᠎ᠠ ᠶᠢ ᠤᠬᠠᠭᠤᠯᠤᠨ ᠲᠠᠶᠢᠯᠪᠤᠷᠢᠯᠠᠵᠤ᠂ ᠡᠬᠢ ᠡᠭᠦᠰᠦᠯ ᠠᠴᠠ ᠨᠢ ᠬᠠᠮᠢᠶᠠᠷᠬᠤ ᠶᠢ ᠬᠡᠷᠡᠭᠵᠢᠭᠦᠯᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠨ᠎ᠠ᠃ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠭᠥᠸᠧ ᠴᠢ ᠮᠢᠩ  ᠸᠠᠩ ᡁᠢ ᠰᠢᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号