ᠭᠡᠭᠡᠨ ᠭᠤᠤᠯ ᠬᠤᠲᠠ ᠶᠢᠨ ᠠᠯᠦ᠋ᠩᠱᠠᠨ ᠪᠠᠯᠭᠠᠰᠤ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠶᠢ ᠵᠢᠯᠣᠭᠤᠳᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/28
  ᠠᠯᠦ᠋ᠩᠱᠠᠨ ᠪᠠᠯᠭᠠᠰᠤᠨ ᠤ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ ᠂ 1 ᠰᠠᠷ᠎ᠠ ᠶᠢᠨ 25   ᠤ ᠡᠳᠦᠷ᠂  ᠠᠯᠦ᠋ᠩᠱᠠᠨ ᠪᠠᠯᠭᠠᠰᠤ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠠᠵᠢᠯ ᠢ ᠵᠢᠯᠣᠭᠤᠳᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠠᠯᠦ᠋ᠩᠱᠠᠨ ᠪᠠᠯᠭᠠᠰᠤᠨ ᠤ ᠬᠡᠰᠡᠭ ᠤᠳᠤᠷᠢᠳᠬᠤ ᠪᠠᠭ ᠤᠨ ᠪᠦᠷᠢᠯᠳᠦᠬᠦᠨ᠂ ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》 ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯᠳᠤᠭᠠᠨ ᠠᠴᠠ ᠤᠳᠠᠯ ᠣᠢᠭᠡᠢ ᠶᠠᠪᠤᠭᠳᠠᠬᠤ ᠭᠡᠵᠦ ᠪᠠᠶᠢᠭ᠎ᠠ ᠬᠤᠭᠤᠴᠠᠭ᠎ᠠ ᠰᠣᠯᠢᠬᠤ ᠰᠤᠩᠭᠤᠭᠤᠯᠢ ᠶᠢᠨ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠤᠨ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂ ᠰᠤᠩᠭᠤᠭᠤᠯᠢ ᠶᠢᠨ ᠠᠵᠢᠯ  ᠤᠨ ᠳᠤᠮᠳᠠ ᠠᠩᠬᠠᠷᠬᠤ ᠶᠣᠰᠣᠲᠠᠢ ᠠᠰᠠᠭᠤᠳᠠᠯ ᠤᠨ ᠲᠤᠬᠠᠢ ᠤᠯᠠᠮ ᠨᠢᠭᠡ ᠠᠯᠬᠤᠮ ᠴᠢᠬᠤᠯᠠᠴᠢᠯᠠᠭᠠᠳ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯᠲᠠᠳ ᠢ ᠬᠤᠭᠤᠴᠠᠭ᠎ᠠ ᠰᠣᠯᠢᠬᠤ ᠲᠤᠬᠠᠢ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ᠂ ᠨᠠᠷᠢᠨ ᠨᠢᠮᠪᠠᠢ ᠪᠠᠶᠢᠷᠢᠯᠠᠭᠤᠯᠵᠤ᠂ ᠶᠠᠪᠤᠴᠠ ᠶᠢ ᠵᠢᠷᠤᠮᠵᠢᠭᠤᠯᠤᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃    ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠠᠴᠠ ᠲᠤᠰ ᠪᠦᠷᠢ ᠱᠠᠭᠠᠷᠳᠠᠯᠭ᠎ᠠ ᠳᠤᠷᠠᠳᠴᠠᠢ᠂ ᠨᠢᠭᠡ ᠳᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ᠃ ᠬᠤᠶᠠᠷ ᠲᠤ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠰᠣᠩᠭᠤᠭᠤᠯᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠰᠣᠩᠭᠤᠭᠤᠯᠢ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠠᠮᠠᠪᠴᠢ ᠵᠡᠭᠦᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠵᠦ᠂ ᠬᠤᠷᠠᠯ ᠤᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ᠡᠬᠡ ᠪᠢᠴᠢᠭ ᠤᠨ ᠢᠷᠡᠯᠲᠡ᠄ ᠠᠯᠦ᠋ᠩᠱᠠᠨ ᠪᠠᠯᠭᠠᠰᠤᠵᠤᠬᠢᠶᠠᠭᠴᠢ᠄ ᠳ᠋ᠦᠩ ᠢ ᠳ᠋ᠢᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号